ᠥᠪᠥᠷ ᠮᠣᠩᠭᠣᠯ᠎ᠤᠨ ᠠᠩᠬᠠᠳᠠᠭ᠍ᠴᠢ! ᠰᠠᠢᠬᠠᠨ ᠬᠠᠨ ᠠᠭᠤᠯᠠ ᠳᠡᠯᠡᠬᠡᠢ᠎ᠶᠢᠨ ᠤᠳᠤᠳᠤ ᠰᠥᠨᠢ᠎ᠶᠢᠨ ᠬᠠᠮᠠᠭᠠᠯᠠᠯᠲᠠ᠎ᠶᠢᠨ ᠭᠠᠵᠠᠷ ᠪᠤᠯᠤᠯ᠎ᠠ
2026-08-17 11:37:21
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠤᠯᠠᠭᠠᠨᠬᠠᠳᠠ ᠬᠣᠲᠠ᠎ᠶᠢᠨ ᠪᠠᠭᠠᠷᠢᠨ ᠪᠠᠷᠠᠭᠤᠨ ᠬᠣᠰᠢᠭᠤᠨ᠎ᠤ ᠰᠠᠢᠬᠠᠨ ᠬᠠᠨ ᠠᠭᠤᠯᠠ᠎ᠶᠢᠨ ᠤᠳᠤᠳᠤ ᠰᠥᠨᠢ᠎ᠶᠢᠨ ᠣᠭᠲᠠᠷᠭᠤᠢ᠎ᠶᠢᠨ ᠬᠠᠮᠠᠭᠠᠯᠠᠯᠲᠠ᠎ᠶᠢᠨ ᠭᠠᠵᠠᠷ ᠳᠡᠯᠡᠬᠡᠢ᠎ᠶᠢᠨ ᠪᠠᠢᠭᠠᠯᠢ᠎ᠶᠢᠨ ᠬᠠᠮᠠᠭᠠᠯᠠᠯᠲᠠ᠎ᠶᠢᠨ ᠬᠣᠯᠪᠣᠭ᠎ᠠ᠎ᠶᠢᠨ ᠭᠡᠷᠡᠴᠢᠯᠡᠯ᠎ᠢᠶᠡᠷ ᠳᠡᠮᠵᠢᠨ 《ᠳᠡᠯᠡᠬᠡᠢ᠎ᠶᠢᠨ ᠤᠳᠤᠳᠤ ᠰᠥᠨᠢ᠎ᠶᠢᠨ ᠬᠠᠮᠠᠭᠠᠯᠠᠯᠲᠠ᠎ᠶᠢᠨ ᠭᠠᠵᠠᠷ᠎ᠤᠨ ᠨᠡᠷᠡᠰ᠎ᠦᠨ ᠵᠢᠭ᠍ᠰᠠᠭᠠᠯᠲᠠ》᠎ᠳᠤ ᠰᠣᠩᠭᠣᠭᠳᠠᠨ ᠣᠷᠣᠪᠠ᠂ ᠡᠢᠨᠬᠦ ᠡᠨᠡ ᠨᠢ ᠪᠥᠬᠥ ᠤᠯᠤᠰ᠎ᠤᠨ 10 ᠳ᠋ᠡᠬᠢ᠂ ᠥᠪᠥᠷ ᠮᠣᠩᠭᠣᠯ᠎ᠤᠨ ᠠᠩᠬᠠᠳᠠᠭ᠍ᠴᠢ ᠳᠡᠯᠡᠬᠡᠢ᠎ᠶᠢᠨ ᠲᠠᠰ᠎ᠤᠨ ᠤᠳᠤᠳᠤ ᠰᠥᠨᠢ᠎ᠶᠢᠨ ᠣᠭᠲᠠᠷᠭᠤᠢ᠎ᠶᠢᠨ ᠬᠠᠮᠠᠭᠠᠯᠠᠯᠲᠠ᠎ᠶᠢᠨ ᠭᠠᠵᠠᠷ ᠪᠣᠯᠪᠠ!


640.jpg


《ᠣᠯᠠᠨ ᠎ᠠᠴᠠ ᠬᠡᠲᠦᠢᠳᠦᠭᠰᠡᠨ ᠪᠠᠢᠭᠠᠯᠢ ᠎ᠶᠢᠨ ᠨᠥᠬᠥᠴᠡᠯ ᠎ᠢ ᠪᠦᠷᠢᠳᠦᠭᠦᠯᠦᠭᠰᠡᠨ ᠨᠢ ᠰᠠᠢᠬᠠᠨ ᠬᠠᠨ ᠠᠭᠤᠯᠠ ᠵᠢᠨ ᠳᠡᠯᠡᠬᠡᠢ᠎ᠶᠢᠨ ᠲᠠᠰ᠎ᠤᠨ ᠤᠳᠤᠳᠤ ᠰᠥᠨᠢ᠎ᠶᠢᠨ ᠬᠠᠮᠠᠭᠠᠯᠠᠯᠲᠠ᠎ᠶᠢᠨ ᠭᠠᠵᠠᠷ᠎ᠪᠤᠯᠤᠭᠰᠠᠨ᠎ᠤ ᠭᠣᠣᠯ ᠰᠢᠯᠲᠠᠭᠠᠨ ᠮᠥᠨ᠃ ᠲᠤᠰ ᠬᠠᠮᠠᠭᠠᠯᠠᠯᠲᠠ᠎ᠶᠢᠨ ᠤᠷᠤᠨ ᠨᠢ ᠲᠡᠯᠡᠶ᠎ᠶᠢᠨ ᠲᠦᠪᠰᠢᠨ᠎ᠡᠴᠡ ᠪᠠᠷᠤᠭ 1000 ᠮᠧᠲᠷ ᠦᠨᠳᠦᠷ ᠡᠷᠭᠦᠭᠳᠡᠵᠦ᠂ ᠬᠣᠲᠠ ᠪᠠᠯᠭᠠᠰᠤ᠎ᠠᠴᠠ 15 ᠺᠢᠯᠣᠮᠧᠲᠷ ᠵᠠᠢᠲᠠᠢ ᠪᠠᠢᠵᠤ᠂ ᠤᠯᠤᠰ᠎ᠤᠨ ᠳᠣᠲᠣᠭᠠᠳᠤ᠎ᠳᠤ ᠮᠠᠰᠢ ᠬᠣᠪᠣᠷ ᠮᠦᠷᠲᠡᠭᠡᠨ ᠴᠢᠨᠠᠷ ᠰᠠᠢᠲᠠᠢ ᠣᠳᠣᠨ ᠣᠭᠲᠠᠷᠭᠤᠢ᠎ᠶᠢᠨ ᠡᠬᠢ ᠪᠠᠶᠠᠯᠢᠭ᠋᠎ᠲᠠᠢ ᠪᠠᠢᠵᠤ᠂ ᠤᠳᠤᠳᠤ ᠰᠥᠨᠢ᠎ᠶᠢᠨ ᠬᠠᠮᠠᠭᠠᠯᠠᠯᠲᠠ᠎ᠶᠢᠨ ᠭᠠᠵᠠᠷ᠎ᠤᠨ ᠣᠯᠠᠨ ᠤᠯᠤᠰ᠎ᠤᠨ ᠭᠡᠷᠡᠴᠢᠯᠡᠯ᠎ᠦᠨ ᠪᠠᠷᠢᠮᠵᠢᠶ᠎ᠠ᠎ᠳᠤ ᠪᠦᠷᠢᠮᠦᠰᠦᠨ ᠨᠡᠢᠴᠡᠵᠡᠢ᠃ ᠡᠭᠦᠨ ᠡᠴᠡ ᠭᠠᠳᠠᠨ᠎ᠠ᠂ ᠰᠠᠢᠬᠠᠨ ᠬᠠᠨ ᠠᠭᠤᠯᠠ ᠨᠢ ᠴᠢᠨᠠᠷ ᠰᠠᠢᠲᠠᠢ ᠠᠮᠢ ᠠᠬᠤᠢ᠎ᠶᠢᠨ ᠡᠬᠢ ᠪᠠᠶᠠᠯᠢᠭ᠋᠎ᠲᠤ ᠲᠦᠰᠢᠭᠯᠡᠨ᠂ ᠤᠯᠤᠰ᠎ᠤᠨ 4A ᠲᠠᠰ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠢᠶᠠᠷ ᠦᠨᠡᠯᠡᠭᠳᠡᠭᠰᠡᠨ ᠶᠤᠮ》 ᠭᠡᠵᠦ ᠰᠠᠢᠬᠠᠨ ᠬᠠᠨ ᠠᠭᠤᠯᠠ᠎ᠶᠢᠨ ᠬᠠᠮᠠᠭᠠᠯᠠᠯᠲᠠ᠎ᠶᠢᠨ ᠣᠷᠣᠨ᠎ᠤ ᠬᠠᠮᠢᠶᠠᠷᠤᠯᠲᠠ᠎ᠶᠢᠨ ᠲᠣᠪᠴᠢᠶᠠᠨ ᠳᠠᠷᠤᠭ᠎ᠠ ᠲᠠᠪᠰᠢᠯᠲᠦ ᠲᠠᠨᠢᠯᠴᠠᠭᠤᠯᠤᠯ᠎ᠠ᠃


640 (1).jpg


ᠢᠷᠡᠯᠲᠡ᠄ ᠲᠡᠭᠦᠯᠢᠯᠲᠡ ᠬᠠᠮ ᠵᠠᠭᠤᠴᠢᠯᠠᠭᠤᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号