ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠵᠢᠶᠠᠩ ᠽᠧ ᠮᠢᠨ ᠨᠥᠬᠥᠷ᠎ᠦᠨ ᠨᠠᠮ ᠪᠠ ᠠᠷᠠᠳ ᠲᠦᠮᠡᠨ᠎ᠳᠦ ᠪᠠᠢᠭᠤᠯᠤᠭᠰᠠᠨ ᠪᠠᠯᠠᠷᠠᠰᠢ ᠦᠭᠡᠢ ᠭᠠᠪᠢᠶ᠎ᠠ ᠵᠢᠳᠬᠦᠯ᠎ᠢ ᠳᠡᠭᠡᠳᠦ ᠬᠡᠮᠵᠢᠶ᠎ᠡ᠎ᠪᠡᠷ ᠦᠨᠡᠯᠡᠵᠦ᠂ ᠵᠢᠶᠠᠩ ᠽᠧ ᠮᠢᠨ ᠨᠥᠬᠥᠷ᠎ᠦᠨ ᠡᠷᠬᠢᠮ ᠳᠡᠭᠡᠳᠦ ᠬᠡᠪ ᠰᠤᠷᠲᠠᠯ᠎ᠢ ᠭᠦᠨᠵᠡᠭᠡᠢ ᠰᠤᠷᠤᠯᠴᠠᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠢ ᠲᠠᠰᠤᠷᠠᠯᠲᠠ ᠦᠭᠡᠢ ᠤᠷᠤᠭ᠍ᠰᠢ ᠠᠬᠢᠭᠤᠯᠬᠤ ᠬᠡᠷᠡᠭᠲᠡᠢ ᠭᠡᠵᠦ ᠤᠷᠢᠶᠠᠯᠠᠪᠠ
ᠯᠢ ᠴᠢᠶᠠᠩ ᠬᠤᠷᠠᠯ᠎ᠢ ᠡᠷᠬᠢᠯᠡᠪᠡ ᠵᠤᠤ ᠯᠧ ᠵᠢᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ᠎ᠳᠤ ᠣᠷᠣᠯᠴᠠᠪᠠ
■ ᠵᠢᠶᠠᠩ ᠽᠸ ᠮᠢᠨ ᠨᠥᠬᠥᠷ᠎ᠦᠨ ᠠᠭᠤᠤ ᠭᠠᠪᠢᠶ᠎ᠠ ᠠᠤᠭ᠎ᠠ ᠵᠢᠳᠬᠦᠯ᠎ᠢ ᠭᠦᠨᠵᠡᠭᠡᠢ ᠳᠤᠷᠠᠰᠤᠨ ᠰᠠᠨᠠᠭᠠᠯᠵᠠᠵᠤ᠂ ᠵᠢᠶᠠᠩ ᠽᠸ ᠮᠢᠨ ᠨᠥᠬᠥᠷ᠎ᠦᠨ ᠡᠷᠬᠢᠮ ᠳᠡᠭᠡᠳᠦ ᠬᠡᠪ ᠰᠤᠷᠲᠠᠯ᠎ᠢ ᠭᠦᠨᠵᠡᠭᠡᠢ ᠰᠤᠷᠤᠯᠴᠠᠵᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠵᠤᠷᠢᠭᠵᠢᠭᠤᠯᠵᠤ ᠪᠠᠢᠭᠠᠳ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠢ ᠲᠠᠰᠤᠷᠠᠯᠳᠡ ᠦᠭᠡᠢ ᠤᠷᠤᠭ᠍ᠰᠢ ᠠᠬᠢᠭᠤᠯᠬᠤ ᠬᠡᠷᠡᠭᠲᠡᠢ᠃
■ ᠣᠷᠳᠣ᠌ ᠬᠤᠭᠤᠴᠠᠭᠠᠨ᠎ᠤ ᠴᠢᠷᠮᠠᠢᠯᠭ᠎ᠠ᠎ᠪᠠᠷ ᠳᠡᠮᠵᠢᠨ ᠨᠠᠮ ᠪᠠ ᠤᠯᠤᠰ᠎ᠤᠨ ᠠᠵᠢᠯ ᠦᠢᠯᠡᠰ ᠴᠡᠴᠡᠭᠯᠡᠨ ᠬᠥᠭᠵᠢᠵᠦ᠂ ᠬᠤᠪᠢᠯᠭᠠᠨ ᠤᠷᠤᠨ ᠠᠮᠤᠷ ᠲᠣᠭᠲᠠᠭᠤᠨ ᠡᠶ᠎ᠡ ᠨᠠᠶ᠋ᠢᠷᠠᠮᠳᠠᠭᠤ ᠪᠠᠢᠵᠤ᠂ ᠠᠷᠠᠳ᠎ᠤᠨ ᠠᠮᠢᠳᠤᠷᠠᠯ ᠦᠷᠭᠦᠯᠵᠢᠯᠡᠨ ᠰᠠᠢᠵᠢᠷᠠᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠢᠷᠡᠭᠡᠳᠦᠢ ᠭᠡᠭᠡᠨ ᠰᠠᠷᠠᠭᠤᠯ ᠪᠠᠢᠵᠤ᠂ ᠬᠡᠳᠦᠨ ᠦᠶ᠎ᠡ᠎ᠶᠢᠨ ᠬᠥᠮᠥᠰ᠎ᠦᠨ ᠵᠣᠷᠢᠭ᠋ ᠰᠢᠭᠤᠳᠤᠨ ᠲᠡᠮᠡᠴᠡᠭᠰᠡᠨ ᠬᠦᠰᠡᠯ ᠵᠡᠭᠦᠳᠦ ᠠᠯᠬᠤᠮ ᠠᠯᠬᠤᠮ᠎ᠢᠶᠠᠷ ᠪᠡᠶᠡᠯᠡᠭᠳᠡᠵᠦ ᠪᠠᠢᠨ᠎ᠠ᠃ ᠪᠦᠭᠦ ᠨᠠᠮ ᠪᠦᠭᠦ ᠴᠡᠷᠢᠭ ᠪᠦᠭᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠢᠲᠡᠭᠡᠯ ᠵᠣᠷᠢᠭ᠋᠎ᠢᠶᠠᠨ ᠪᠠᠲᠤᠳᠬᠠᠨ᠂ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠭᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠭᠦ ᠲᠠᠯ᠎ᠠ᠎ᠪᠠᠷ ᠲᠦᠯᠬᠢᠨ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠵᠦ᠂ ᠳᠤᠮᠳᠠᠳᠤ ᠤᠯᠤᠰ᠎ᠤᠨ ᠠᠷᠠᠳ ᠲᠦᠮᠡᠨ᠎ᠦ ᠨᠡᠩ ᠰᠠᠢᠨ ᠰᠠᠢᠬᠠᠨ ᠠᠮᠢᠳᠤᠷᠠᠯ᠎ᠢ ᠲᠠᠰᠤᠷᠠᠯᠲᠠ ᠦᠭᠡᠢ ᠡᠭᠦᠳᠦᠨ ᠪᠦᠲᠦᠭᠡᠵᠦ᠂ ᠳᠤᠮᠳᠠᠳᠤ᠎ᠶᠢᠨ ᠦᠨᠳᠦᠰᠦᠲᠡᠨ᠎ᠦ ᠨᠡᠩ ᠢᠷᠠᠭᠤ ᠭᠠᠢᠬᠠᠮᠰᠢᠭᠳᠤ ᠬᠠᠭᠤᠳᠠᠰᠤ᠎ᠶᠢ ᠪᠢᠴᠢᠭᠯᠡᠰᠤᠭᠡᠢ!
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠂ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ 17 ᠤ᠋ ᠡᠳᠦᠷ᠎ᠦᠨ ᠦᠳᠡ᠎ᠶᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ ᠬᠤᠷᠠᠯ ᠬᠤᠷᠠᠯᠳᠤᠭᠤᠯᠵᠤ᠂ ᠠᠭᠤᠤ ᠶᠡᠬᠡ ᠮᠠᠷᠺᠰ᠎ᠤᠨ ᠦᠵᠡᠯᠲᠡᠨ᠂ ᠠᠭᠤᠤ ᠶᠡᠬᠡ ᠦᠭᠡᠢᠭᠦᠦ ᠠᠩᠭᠢ᠎ᠶᠢᠨ ᠬᠤᠪᠢᠰᠬᠠᠯᠴᠢ᠂ ᠤᠯᠤᠰ ᠲᠥᠷᠥᠴᠢᠨ᠂ ᠴᠡᠷᠢᠭ᠎ᠦᠨ ᠡᠷᠳᠡᠮᠲᠡᠨ᠂ ᠭᠠᠳᠠᠭᠠᠳᠤ ᠬᠠᠷᠢᠯᠴᠠᠭᠠᠨ᠎ᠤ ᠵᠢᠳᠬᠦᠯᠲᠡᠨ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠦᠢᠯᠡᠰ᠎ᠦᠨ ᠭᠠᠷᠮᠠᠭᠠᠢ ᠤᠳᠤᠷᠢᠳᠤᠭ᠍ᠴᠢ ᠵᠢᠶᠠᠩ ᠽᠧ ᠮᠢᠨ ᠨᠥᠬᠥᠷ᠎ᠦᠨ ᠮᠡᠨᠳᠦᠯᠡᠭᠰᠡᠨ 100 ᠵᠢᠯ᠎ᠦᠨ ᠣᠶ᠎ᠶᠢ ᠳᠤᠷᠠᠰᠬᠠᠪᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠵᠢᠶᠠᠩ ᠽᠸ ᠮᠢᠨ ᠨᠥᠬᠥᠷ᠎ᠦᠨ ᠠᠭᠤᠤ ᠭᠠᠪᠢᠶ᠎ᠠ ᠠᠤᠭ᠎ᠠ ᠵᠢᠳᠬᠦᠯ᠎ᠢ ᠭᠦᠨᠵᠡᠭᠡᠢ ᠳᠤᠷᠠᠰᠤᠨ ᠰᠠᠨᠠᠭᠠᠯᠵᠠᠵᠤ᠂ ᠵᠢᠶᠠᠩ ᠽᠸ ᠮᠢᠨ ᠨᠥᠬᠥᠷ᠎ᠦᠨ ᠡᠷᠬᠢᠮ ᠳᠡᠭᠡᠳᠦ ᠬᠡᠪ ᠰᠤᠷᠲᠠᠯ᠎ᠢ ᠭᠦᠨᠵᠡᠭᠡᠢ ᠰᠤᠷᠤᠯᠴᠠᠵᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠵᠤᠷᠢᠭᠵᠢᠭᠤᠯᠵᠤ ᠪᠠᠢᠭᠠᠳ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠢ ᠲᠠᠰᠤᠷᠠᠯᠳᠡ ᠦᠭᠡᠢ ᠤᠷᠤᠭ᠍ᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ ᠯᠢ ᠴᠢᠶᠠᠩ᠂ ᠵᠤᠤ ᠯᠸ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ᠎ᠤᠨ ᠳᠡᠳ᠋ ᠲᠡᠷᠢᠭᠦᠯᠡᠭᠴᠢ ᠬᠠᠨ ᠵᠧᠩ ᠶᠡᠬᠡ ᠬᠤᠷᠠᠯ᠎ᠳᠤ ᠣᠷᠣᠯᠴᠠᠪᠠ᠃

8 ᠰᠠᠷ᠎ᠠ ᠵᠢᠨ 17 ᠤ᠋ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠂ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ ᠬᠤᠷᠠᠯ ᠬᠤᠷᠠᠯᠳᠤᠭᠤᠯᠵᠤ᠂ ᠠᠭᠤᠤ ᠶᠡᠬᠡ ᠮᠠᠷᠺᠰ᠎ᠤᠨ ᠦᠵᠡᠯᠲᠡᠨ᠂ ᠠᠭᠤᠤ ᠶᠡᠬᠡ ᠦᠭᠡᠢᠭᠦᠦ ᠠᠩᠭᠢ᠎ᠶᠢᠨ ᠬᠤᠪᠢᠰᠬᠠᠯᠴᠢ᠂ ᠤᠯᠤᠰ ᠲᠥᠷᠥᠴᠢᠨ᠂ ᠴᠡᠷᠢᠭ᠎ᠦᠨ ᠡᠷᠳᠡᠮᠲᠡᠨ᠂ ᠭᠠᠳᠠᠭᠠᠳᠤ ᠬᠠᠷᠢᠯᠴᠠᠭᠠᠨ᠎ᠤ ᠵᠢᠳᠬᠦᠯᠲᠡᠨ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠦᠢᠯᠡᠰ᠎ᠦᠨ ᠭᠠᠷᠮᠠᠭᠠᠢ ᠤᠳᠤᠷᠢᠳᠤᠭ᠍ᠴᠢ ᠵᠢᠶᠠᠩ ᠽᠧ ᠮᠢᠨ ᠨᠥᠬᠥᠷ᠎ᠦᠨ ᠮᠡᠨᠳᠦᠯᠡᠭᠰᠡᠨ 100 ᠵᠢᠯ᠎ᠦᠨ ᠣᠶ᠎ᠶᠢ ᠳᠤᠷᠠᠰᠬᠠᠪᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭᠴᠢ ᠰᠢ ᠵᠢᠨ ᠫᠢᠩ ᠬᠤᠷᠠᠯ᠎ᠳᠦ ᠤᠷᠤᠯᠴᠠᠬᠰᠡᠨ ᠪᠥᠭᠡᠤᠨ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠯᠢ ᠰᠢᠶᠠᠩ ᠰᠡᠬᠦᠳᠡᠷᠯᠡᠪᠠ
ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠶᠣᠰᠣᠯᠠᠯ᠎ᠤᠨ ᠲᠠᠩᠬᠢᠮ᠎ᠳᠤ ᠲᠥᠪ ᠬᠢᠴᠢᠶᠡᠩᠭᠦᠢ ᠠᠭᠤᠷ ᠠᠮᠢᠰᠬᠤᠯ᠎ᠢᠶᠠᠷ ᠪᠢᠯᠬᠠᠨ᠎ᠠ᠃ ᠲᠡᠷᠢᠭᠦᠯᠡᠭᠴᠢ᠎ᠶᠢᠨ ᠲᠠᠢᠰᠠᠨ᠎ᠤ ᠳᠡᠭᠡᠷ᠎ᠡ ᠲᠠᠯ᠎ᠠ᠎ᠳᠤ 《ᠵᠢᠶᠠᠩ ᠽᠧ ᠮᠢᠨ ᠨᠥᠬᠥᠷ᠎ᠦᠨ ᠮᠡᠨᠳᠦᠯᠡᠭᠰᠡᠨ 100 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ》 ᠭᠡᠬᠦ ᠬᠤᠷᠠᠯ᠎ᠤᠨ ᠲᠡᠮᠳᠡᠭ᠎ᠢ ᠡᠯᠭᠦᠵᠦ᠂ ᠠᠷᠤ ᠬᠥᠰᠢᠭᠡ᠎ᠶᠢᠨ ᠭᠣᠣᠯ ᠳᠤᠮᠳᠠ ᠨᠢ ᠵᠢᠶᠠᠩ ᠽᠧ ᠮᠢᠨ ᠨᠥᠬᠥᠷ᠎ᠦᠨ ᠲᠣᠮᠣ᠌ ᠬᠦᠷᠦᠭ᠎ᠢ ᠡᠯᠭᠦᠵᠦ᠂ ᠳᠣᠣᠷ᠎ᠠ ᠲᠠᠯ᠎ᠠ ᠳ᠋ᠤᠨᠢ 《1926 — 2026》 ᠭᠡᠬᠦ ᠦᠰᠦᠭ᠎ᠤᠨ ᠳᠡᠮᠳᠡᠭ ᠬᠠᠳᠠᠪᠠ᠃ ᠬᠣᠶᠠᠳᠤᠭᠠᠷ ᠳᠠᠪᠬᠤᠷᠯᠢᠭ᠋᠎ᠤᠨ ᠪᠠᠷᠠᠯᠠᠬᠤ ᠲᠠᠢᠰᠠᠨ ᠳᠡᠭᠡᠷ᠎ᠡ᠄ 《ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠢᠭ᠍ᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ!》 ᠭᠡᠬᠦ ᠤᠷᠢᠶ᠎ᠠ ᠵᠢ ᠡᠯᠭᠦᠪᠡ᠃
ᠦᠳᠡ᠎ᠶᠢᠨ ᠡᠮᠦᠨᠡᠬᠢ 10 ᠴᠠᠭ᠎ᠲᠤ ᠶᠡᠬᠡ ᠬᠤᠷᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶᠢᠨ ᠳᠤᠮᠳᠠ ᠡᠬᠢᠯᠡᠪᠡ᠃
ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠵᠢᠶᠠᠩ ᠽᠸ ᠮᠢᠨ ᠨᠥᠬᠥᠷ᠎ᠦᠨ ᠨᠢᠭᠡ ᠨᠠᠰᠤ ᠪᠣᠯ ᠭᠡᠷᠡᠯ ᠰᠠᠴᠤᠷᠠᠩᠭᠤᠢ ᠨᠢᠭᠡ ᠨᠠᠰᠤ᠂ ᠲᠠᠢ᠍ᠢᠴᠢᠨ ᠨᠢᠭᠡ ᠨᠠᠰᠤ ᠮᠥᠨ᠂ ᠲᠡᠷᠡ ᠦᠨᠳᠦᠰᠦᠲᠡᠨ᠎ᠦ ᠲᠤᠰᠠᠭᠠᠷ ᠲᠣᠭᠲᠠᠨᠢᠯ᠂ ᠠᠷᠠᠳ ᠲᠦᠮᠡᠨ᠎ᠦ ᠴᠢᠯᠦᠭᠡᠯᠡᠯᠲᠡ ᠪᠠ ᠤᠯᠤᠰ ᠣᠷᠣᠨ᠎ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ᠎ᠦ ᠵᠣᠯ ᠵᠢᠷᠭᠠᠯ᠎ᠢ ᠳᠡᠮᠡᠴᠡᠨ ᠤᠯᠬᠤ᠎ᠶᠢᠨ ᠲᠥᠯᠥᠭᠡ ᠦᠨᠡᠨ ᠰᠡᠳᠬᠢᠯ᠎ᠡᠴᠡ᠎ᠪᠡᠨ ᠵᠢᠳᠬᠦᠵᠦ᠂ ᠨᠠᠰᠤᠨ ᠲᠤᠷᠰᠢᠲᠠ ᠲᠡᠮᠡᠴᠡᠪᠡ᠃ ᠲᠡᠷᠡ ᠨᠡᠢᠭᠡᠮ ᠵᠢᠷᠤᠮ᠎ᠤᠨ ᠪᠣᠳᠠᠰ᠎ᠤᠨ ᠪᠣᠯᠪᠠᠰᠤᠨ᠂ ᠤᠯᠤᠰ ᠲᠦᠷᠦ᠎ᠶᠢᠨ ᠪᠣᠯᠪᠠᠰᠤᠨ᠂ ᠤᠶᠤᠨ᠎ᠤ ᠪᠣᠯᠪᠠᠰᠤᠨ᠎ᠤ ᠪᠠᠢᠭᠤᠯᠤᠯᠲᠠ ᠪᠠ ᠨᠠᠮ᠎ᠤᠨ ᠪᠠᠢᠭᠤᠯᠤᠯᠲᠠᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠰᠢᠨ᠎ᠡ ᠠᠬᠢᠯᠲᠠ ᠤᠯᠬᠤ ᠵᠢ ᠤᠳᠤᠷᠢᠳᠤᠨ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠦᠢᠯᠡᠰ᠎ᠢ ᠬᠠᠮᠠᠭᠠᠯᠠᠬᠤ᠂ ᠪᠦᠬᠦ ᠲᠠᠯ᠎ᠠ᠎ᠪᠠᠷ ᠥᠭᠡᠷᠡᠴᠢᠯᠡᠯᠲᠡ ᠨᠡᠭᠡᠭᠡᠯᠲᠡ ᠬᠢᠬᠦ ᠰᠢᠨ᠎ᠡ ᠪᠠᠢᠳᠠᠯ᠎ᠢ ᠨᠡᠭᠡᠭᠡᠬᠦ᠂ ᠠᠷᠠᠳ᠎ᠤᠨ ᠠᠮᠢᠳᠤᠷᠠᠯ᠎ᠢ ᠶᠡᠷᠦᠩᠬᠡᠢ᠎ᠳᠡᠭᠡᠨ ᠴᠢᠨᠡᠭᠡᠯᠢᠭᠵᠢᠭᠦᠯᠬᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠢ ᠬᠣᠷᠢᠨ ᠨᠢᠭᠡᠳᠦᠭᠡᠷ ᠵᠠᠭᠤᠨ ᠲᠡᠢᠰᠢ ᠠᠮᠵᠢᠯᠲᠠ᠎ᠲᠠᠢ ᠠᠬᠢᠭᠤᠯᠬᠤ᠎ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠵᠦ᠂ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠩ ᠰᠡᠳᠬᠢᠯ᠎ᠦᠨ ᠬᠠᠢᠷ᠎ᠠ ᠬᠦᠨᠳᠦᠳᠬᠡᠯ ᠪᠠ ᠳᠡᠯᠡᠬᠡᠢ ᠨᠡᠶ᠋ᠢᠲᠡ᠎ᠶᠢᠨ ᠥᠷᠭᠡᠨ ᠳᠡᠯᠭᠡᠷ ᠮᠠᠭᠲᠠᠭᠠᠯ ᠰᠠᠢᠰᠢᠶᠠᠯ᠎ᠢ ᠣᠯᠣᠭᠰᠠᠨ ᠪᠠᠢᠨ᠎ᠠ ᠭᠡᠵᠦ ᠵᠢᠭᠠᠵᠤ ᠭᠠᠷᠭᠠᠪᠠ᠃

8 ᠰᠠᠷ᠎ᠠ ᠵᠢᠨ 17 ᠤ᠋ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠂ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ ᠬᠤᠷᠠᠯ ᠬᠤᠷᠠᠯᠳᠤᠭᠤᠯᠵᠤ᠂ ᠠᠭᠤᠤ ᠶᠡᠬᠡ ᠮᠠᠷᠺᠰ᠎ᠤᠨ ᠦᠵᠡᠯᠲᠡᠨ᠂ ᠠᠭᠤᠤ ᠶᠡᠬᠡ ᠦᠭᠡᠢᠭᠦᠦ ᠠᠩᠭᠢ᠎ᠶᠢᠨ ᠬᠤᠪᠢᠰᠬᠠᠯᠴᠢ᠂ ᠤᠯᠤᠰ ᠲᠥᠷᠥᠴᠢᠨ᠂ ᠴᠡᠷᠢᠭ᠎ᠦᠨ ᠡᠷᠳᠡᠮᠲᠡᠨ᠂ ᠭᠠᠳᠠᠭᠠᠳᠤ ᠬᠠᠷᠢᠯᠴᠠᠭᠠᠨ᠎ᠤ ᠵᠢᠳᠬᠦᠯᠲᠡᠨ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠦᠢᠯᠡᠰ᠎ᠦᠨ ᠭᠠᠷᠮᠠᠭᠠᠢ ᠤᠳᠤᠷᠢᠳᠤᠭ᠍ᠴᠢ ᠵᠢᠶᠠᠩ ᠽᠧ ᠮᠢᠨ ᠨᠥᠬᠥᠷ᠎ᠦᠨ ᠮᠡᠨᠳᠦᠯᠡᠭᠰᠡᠨ 100 ᠵᠢᠯ᠎ᠦᠨ ᠣᠶ᠎ᠶᠢ ᠳᠤᠷᠠᠰᠬᠠᠪᠠ᠃ ᠨᠠᠮ ᠪᠠ ᠳᠦᠷᠦ ᠵᠢᠨ ᠤᠳᠤᠷᠢᠳᠬᠤ ᠬᠦᠮᠦᠨ ᠰᠢ ᠵᠢᠨ ᠫᠢᠩ᠂ ᠯᠢ ᠴᠢᠶᠠᠩ᠂ ᠵᠤᠤ ᠯᠸ ᠵᠢᠢ ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠡᠷ ᠶᠡᠬᠡ ᠬᠤᠷᠠᠯ᠎ᠳᠤ ᠣᠷᠣᠯᠴᠠᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠰᠢᠶᠸ ᠬᠤᠸᠠᠨ ᡂᠢ ᠰᠡᠬᠦᠳᠡᠷᠯᠡᠪᠠ
ᠰᠢ ᠵᠢᠨ ᠫᠢᠩ᠂ 70 ᠭᠠᠷᠤᠢ ᠵᠢᠯ᠎ᠦᠨ ᠬᠤᠪᠢᠰᠬᠠᠯ᠎ᠤᠨ ᠠᠮᠢᠳᠤᠷᠠᠯ ᠳᠤᠮᠳᠠ᠂ ᠢᠯᠠᠩᠭᠤᠶ᠎ᠠ ᠨᠠᠮ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠲᠠᠷᠠᠭ᠎ᠠ ᠨᠠᠮ ᠪᠣᠯᠣᠨ ᠤᠯᠤᠰ᠎ᠤᠨ ᠠᠵᠢᠯ ᠦᠢᠯᠡᠰ᠎ᠢ ᠠᠬᠢᠭᠤᠯᠵᠤ ᠯᠤᠲᠤ ᠶᠡᠬᠡ ᠠᠮᠵᠢᠯᠲᠠ ᠣᠯᠣᠭᠰᠠᠨ ᠠᠭᠤᠤ ᠶᠡᠬᠡ ᠦᠢᠯᠡᠳᠦᠯᠭᠡ ᠳᠤᠮᠳᠠ ᠵᠢᠶᠠᠩ ᠽᠧ ᠮᠢᠨ ᠨᠥᠬᠥᠷ ᠮᠠᠷᠺᠰ᠎ᠤᠨ ᠦᠵᠡᠯ᠎ᠦᠨ ᠤᠯᠤᠰ ᠲᠥᠷᠥᠴᠢᠨ ᠪᠣᠯᠤᠭᠰᠠᠨ᠎ᠤ ᠬᠤᠪᠢ᠎ᠳᠠᠬᠢ ᠭᠠᠷᠮᠠᠭᠠᠢ ᠡᠷᠳᠡᠮ ᠠᠷᠭ᠎ᠠ ᠪᠣᠳᠣᠯᠭ᠎ᠠ᠂ ᠵᠠᠩᠭᠢᠯᠠᠭ᠎ᠠ᠎ᠶᠢᠨ ᠦᠢᠯᠡᠳᠦᠯ᠂ ᠤᠳᠤᠷᠢᠳᠬᠤ ᠡᠷᠳᠡᠮ᠎ᠢᠶᠡᠨ ᠭᠦᠢᠴᠡᠳ ᠢᠯᠡᠷᠡᠭᠦᠯᠵᠦ᠂ ᠪᠢᠳᠡᠨ᠎ᠦ ᠥᠨᠢ ᠡᠭᠦᠷᠢᠳᠡ ᠰᠤᠷᠤᠯᠴᠠᠭᠤᠰᠢᠳᠠᠢ᠂ ᠪᠢᠳᠡᠨ᠎ᠢ ᠥᠨᠢ ᠡᠭᠦᠷᠢᠳᠡ ᠤᠷᠮᠠᠰᠢᠭᠤᠯᠤᠨ ᠵᠣᠷᠢᠭ᠍ᠵᠢᠭᠤᠯᠬᠤ ᠡᠷᠬᠢᠮ ᠳᠡᠭᠡᠳᠦ ᠬᠡᠪ ᠰᠤᠷᠲᠠᠯ᠎ᠢ ᠪᠤᠢ ᠪᠣᠯᠭᠠᠵᠠᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠵᠢᠶᠠᠩ ᠽᠧ ᠮᠢᠨ ᠨᠥᠬᠥᠷ ᠡᠪ ᠬᠠᠮᠲᠤ ᠶᠣᠰᠣᠨ᠎ᠤ ᠬᠦᠰᠡᠯᠡᠩ᠎ᠢᠶᠡᠨ ᠬᠤᠪᠢᠷᠠᠰᠢ ᠦᠭᠡᠢ ᠪᠠᠷᠢᠮᠲᠠᠯᠠᠵᠤ᠂ ᠨᠠᠮ ᠪᠠ ᠠᠷᠠᠳ ᠲᠦᠮᠡᠨ᠎ᠳᠡᠭᠡᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠢᠵᠤ᠂ ᠨᠠᠮ ᠪᠠ ᠠᠷᠠᠳ ᠲᠦᠮᠡᠨ᠎ᠦ ᠦᠢᠯᠡᠰ᠎ᠦᠨ ᠲᠥᠯᠥᠭᠡ ᠭᠤᠢᠪᠢᠰᠢ ᠦᠭᠡᠢ ᠲᠡᠮᠡᠴᠡᠪᠡ᠃ ᠪᠢᠳᠡ ᠲᠡᠭᠦᠨ᠎ᠦ ᠡᠷᠡᠰ ᠪᠠᠲᠤ ᠤᠯᠤᠰ ᠲᠥᠷᠥ᠎ᠶᠢᠨ ᠢᠲᠡᠭᠡᠯ ᠪᠢᠰᠢᠷᠡᠯ᠎ᠢ ᠰᠤᠷᠤᠯᠴᠠᠵᠤ᠂ ᠤᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠮᠠᠷᠺᠰ᠎ᠤᠨ ᠦᠵᠡᠯ᠎ᠦᠨ ᠢᠲᠡᠭᠡᠯ ᠪᠢᠰᠢᠷᠡᠯ᠂ ᠡᠪ ᠬᠠᠮᠲᠤ ᠶᠣᠰᠣᠨ᠎ᠤ ᠢᠲᠡᠭᠡᠯ ᠪᠢᠰᠢᠷᠡᠯ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ᠎ᠶᠢ ᠪᠠᠷᠢᠮᠲᠠᠯᠠᠵᠤ᠂ ᠤᠬᠠᠮᠰᠠᠷ ᠡᠴᠡ᠎ᠪᠠᠨ 《ᠳᠥᠷᠪᠡᠨ ᠤᠬᠠᠮᠰᠠᠷ》 ᠢ᠋ᠶ᠋ᠠᠨ ᠴᠢᠩᠭᠠᠳᠬᠠᠵᠤ᠂ 《ᠳᠥᠷᠪᠡᠨ ᠢᠲᠡᠭᠡᠯ》 ᠢ᠋ᠶ᠋ᠠᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ ᠬᠡᠷᠡᠭᠲᠡᠢ᠃ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠲᠥᠪ ᠬᠤᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠨᠠᠮ᠎ᠤᠨ ᠢᠮᠠᠭᠲᠠ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠵᠢᠶᠠᠩ ᠽᠸ ᠮᠢᠨ ᠨᠥᠬᠥᠷ ᠢᠮᠠᠭᠲᠠ ᠠᠷᠠᠳ ᠲᠦᠮᠡᠨ᠎ᠦ ᠵᠣᠭᠰᠣᠯᠲᠠ᠎ᠳᠤ ᠵᠣᠭᠰᠣᠵᠤ᠂ ᠠᠷᠠᠳ ᠤᠯᠠᠨ᠎ᠤ ᠠᠮᠤᠷ ᠲᠦᠪᠰᠢᠨ ᠠᠶᠤᠯ ᠲᠦᠭᠰᠢᠭᠦᠷᠢ ᠵᠢᠷᠭᠠᠯ ᠵᠤᠪᠠᠯᠠᠩ᠎ᠢ ᠬᠠᠯᠠᠮᠵᠢᠯᠠᠵᠤ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠰᠢᠭ᠋ ᠲᠤᠰᠠ ᠡᠴᠡ ᠡᠭᠦᠰᠴᠦ ᠠᠵᠢᠯ᠎ᠢᠶᠠᠨ ᠪᠠᠢᠷᠢᠯᠠᠭᠤᠯᠤᠨ ᠠᠬᠢᠭᠤᠯᠪᠠ᠃ ᠪᠢᠳᠡ ᠲᠡᠭᠦᠨ᠎ᠦ ᠠᠷᠠᠳ ᠲᠦᠮᠡᠨ᠎ᠦ ᠲᠥᠯᠥᠭᠡ ᠵᠢᠳᠬᠦᠬᠦ ᠴᠢᠩ ᠦᠨᠡᠨᠴᠢ ᠭᠦᠨ ᠵᠤᠵᠠᠭᠠᠨ ᠬᠠᠢᠷ᠎ᠠ ᠰᠡᠳᠬᠢᠯᠭᠡ᠎ᠶᠢ ᠰᠤᠷᠤᠯᠴᠠᠵᠤ᠂ ᠲᠦᠷᠦ ᠭᠦᠷᠦᠨ ᠪᠣᠯ ᠠᠷᠠᠳ ᠲᠦᠮᠡᠨ ᠮᠦᠨ᠂ ᠠᠷᠠᠳ ᠲᠦᠮᠡᠨ ᠪᠣᠯ ᠲᠦᠷᠦ ᠭᠦᠷᠦᠨ ᠮᠦᠨ ᠭᠡᠳᠡᠭ᠎ᠢ ᠪᠠᠲᠤ ᠴᠡᠭᠡᠵᠢᠯᠡᠵᠦ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠠᠷᠠᠳ ᠲᠦᠮᠡᠨ᠎ᠦ ᠵᠣᠭᠰᠣᠯᠲᠠ᠎ᠳᠤ ᠪᠠᠲᠤ ᠵᠣᠭᠰᠣᠵᠤ᠂ ᠠᠯᠪᠠᠨ ᠵᠠᠷᠤᠴᠠ᠎ᠶᠢᠨ ᠤᠬᠠᠮᠰᠠᠷ᠎ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠠᠷᠠᠳ ᠲᠦᠮᠡᠨ᠎ᠳᠦ ᠲᠦᠰᠢᠭᠯᠡᠨ ᠲᠡᠦᠬᠡ᠎ᠶᠢᠨ ᠠᠭᠤᠤ ᠦᠢᠯᠡᠰ᠎ᠢ ᠡᠭᠦᠳᠴᠦ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠂ ᠪᠦᠬᠦ ᠠᠷᠠᠳ ᠲᠦᠮᠡᠨ ᠬᠠᠮᠲᠤ᠎ᠪᠠᠷ ᠪᠠᠶᠠᠵᠢᠨ ᠴᠢᠨᠡᠭᠡᠯᠢᠭᠵᠢᠬᠦ ᠯᠠᠪᠳᠠᠭᠤᠨ ᠪᠠᠲᠤᠲᠠᠢ ᠠᠯᠬᠤᠮ᠎ᠢ ᠠᠯᠬᠤᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠵᠢᠶᠠᠩ ᠽᠸ ᠮᠢᠨ ᠨᠥᠬᠥᠷ ᠦᠵᠡᠯ ᠰᠠᠨᠠᠭ᠎ᠠ᠎ᠪᠠᠨ ᠴᠢᠯᠦᠭᠡᠯᠡᠬᠦ᠂ ᠦᠨᠡᠨ᠎ᠡᠴᠡ ᠵᠥᠪ᠎ᠢ ᠡᠷᠢᠬᠦ᠂ ᠴᠠᠭ ᠦᠶ᠎ᠡ ᠲᠠᠢ ᠵᠡᠷᠭᠡ ᠪᠡᠷ ᠤᠷᠤᠭᠰᠢᠯᠠᠬᠤ᠎ᠶᠢ ᠪᠠᠷᠢᠮᠲᠠᠯᠠᠵᠤ᠂ ᠴᠠᠭ ᠦᠶ᠎ᠡ᠎ᠶᠢᠨ ᠬᠥᠭᠵᠢᠯᠲᠡ᠎ᠶᠢᠨ ᠱᠠᠭᠠᠷᠳᠠᠯᠭ᠎ᠠ ᠪᠣᠯᠣᠨ ᠦᠢᠯᠡᠳᠦᠯᠭᠡ᠎ᠶᠢᠨ ᠬᠥᠭᠵᠢᠯᠲᠡ᠎ᠶᠢᠨ ᠬᠡᠷᠡᠭᠴᠡᠭᠡ᠎ᠳᠦ ᠵᠣᠬᠢᠴᠠᠵᠤ᠂ ᠤᠨᠤᠯ᠎ᠤᠨ ᠰᠢᠨ᠎ᠡ ᠡᠭᠦᠳᠦᠯᠲᠡ᠂ ᠳᠦᠷᠢᠮ᠎ᠦᠨ ᠰᠢᠨ᠎ᠡ ᠡᠭᠦᠳᠦᠯᠲᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠂ ᠰᠣᠶᠣᠯ᠎ᠤᠨ ᠰᠢᠨ᠎ᠡ ᠡᠭᠦᠳᠦᠯᠲᠡ ᠵᠢᠴᠢ ᠪᠤᠰᠤᠳ ᠡᠯ᠎ᠡ ᠲᠠᠯ᠎ᠠ᠎ᠶᠢᠨ ᠰᠢᠨ᠎ᠡ ᠡᠭᠦᠳᠦᠯᠲᠡ᠎ᠶᠢ ᠲᠠᠰᠤᠷᠠᠯᠳᠡ ᠦᠭᠡᠢ ᠠᠬᠢᠭᠤᠯᠪᠠ᠃ ᠪᠢᠳᠡ ᠲᠡᠭᠦᠨ᠎ᠦ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠭᠰᠠᠨ ᠰᠢᠨ᠎ᠡ᠎ᠶᠢ ᠡᠭᠦᠳᠬᠦ ᠵᠣᠷᠢᠭ᠋ ᠰᠠᠨᠠᠭ᠎ᠠ᠎ᠶᠢ ᠰᠤᠷᠤᠯᠴᠠᠵᠤ᠂ ᠮᠠᠷᠺᠰ᠎ᠤᠨ ᠦᠵᠡᠯ᠎ᠦᠨ ᠦᠨᠳᠦᠰᠦᠨ ᠤᠭ ᠶᠤᠰᠤ ᠵᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ᠎ᠶᠢ ᠪᠠᠷᠢᠮᠲᠠᠯᠠᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠢᠳᠠᠯ᠎ᠢ ᠲᠠᠰᠣᠷᠠᠯᠳᠠ ᠦᠭᠡᠢ ᠨᠡᠭᠡᠭᠡᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠵᠤ᠂ ᠪᠥᠬᠥ ᠨᠠᠮ ᠪᠥᠬᠥ ᠨᠡᠢᠭᠡᠮ᠎ᠦᠨ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠲᠠᠳᠠᠭᠤᠷᠠᠰᠢ ᠦᠭᠡᠢ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ᠎ᠶᠢᠨ ᠫᠢᠩ᠂ ᠵᠢᠶᠠᠩ ᠽᠧ ᠮᠢᠨ ᠨᠥᠬᠥᠷ ᠠᠯᠤᠰ᠎ᠤᠨ ᠬᠠᠷᠠᠴᠠ᠎ᠲᠠᠢ᠂ ᠴᠠᠭ ᠤ᠋ᠨ ᠪᠠᠢᠳᠠᠯ ᠢ᠋ ᠰᠢᠨᠵᠢᠵᠦ᠂ ᠳᠤᠮᠳᠠᠳᠤ ᠤᠯᠤᠰ ᠪᠣᠯᠣᠨ ᠳᠡᠯᠡᠬᠡᠢ ᠶ᠋ᠢᠨ ᠬᠥᠭᠵᠢᠯᠲᠡ ᠶ᠋ᠢᠨ ᠶᠡᠬᠡ ᠬᠠᠨᠳᠤᠰᠢ᠂ ᠨᠠᠮ ᠪᠣᠯᠣᠨ ᠤᠯᠤᠰ ᠤ᠋ᠨ ᠠᠵᠢᠯ᠎ᠤᠨ ᠪᠦᠭᠦ ᠲᠠᠯ᠎ᠠ ᠠ᠋ᠴᠠ ᠡᠭᠦᠰᠴᠦ ᠠᠰᠠᠭᠤᠳᠠᠯ ᠢ᠋ ᠠᠵᠢᠭ᠍ᠯᠠᠨ ᠪᠣᠳᠣᠯᠬᠢᠯᠠᠬᠤ᠎ᠳᠠᠭᠠᠨ ᠴᠢᠳᠠᠮᠠᠭᠠᠢ ᠪᠠᠢᠵᠤ᠂ ᠳᠡᠯᠡᠬᠡᠢ᠎ᠳᠦ ᠬᠠᠨᠳᠤᠭᠤᠯᠤᠭᠰᠠᠨ᠂ ᠢᠷᠡᠭᠡᠳᠦᠢ᠎ᠳᠦ ᠬᠠᠨᠳᠤᠭᠤᠯᠤᠭᠰᠠᠨ ᠠᠯᠢ ᠣᠯᠠᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ᠂ ᠴᠢᠬᠤᠯᠠ ᠠᠷᠭ᠎ᠠ ᠬᠡᠮᠵᠢᠶ᠎ᠡ᠎ᠪᠡᠷ ᠨᠠᠮ ᠪᠣᠯᠣᠨ ᠤᠯᠤᠰ ᠤ᠋ᠨ ᠠᠵᠢᠯ ᠦᠢᠯᠡᠰ᠎ᠦᠨ ᠬᠥᠭᠵᠢᠯᠲᠡ ᠶ᠋ᠢ ᠲᠦᠯᠬᠢᠨ ᠠᠬᠢᠭᠤᠯᠪᠠ᠃ ᠪᠢᠳᠡ ᠲᠡᠭᠦᠨ᠎ᠦ ᠠᠯᠤᠰ ᠬᠤᠯᠠ᠎ᠶᠢ ᠪᠣᠳᠣᠯᠬᠢᠯᠠᠬᠤ ᠪᠠᠢᠯᠳᠤᠬᠤ ᠪᠣᠳᠣᠯᠭ᠎ᠠ᠎ᠶᠢᠨ ᠰᠡᠳᠬᠢᠬᠦᠢ᠎ᠶᠢ ᠰᠤᠷᠤᠯᠴᠠᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠪᠦᠭᠦ ᠲᠠᠯ᠎ᠠ ᠪᠣᠯᠣᠨ ᠳᠡᠯᠡᠬᠡᠢ ᠶᠢᠷᠳᠢᠨᠴᠦ ᠵᠢᠨ ᠵᠠᠭᠤᠨ ᠵᠢᠯ᠎ᠳᠦ ᠳᠤᠬᠢᠶᠠᠯᠳᠤᠭ᠎ᠠ ᠦᠭᠡᠢ ᠬᠤᠪᠢᠰᠤᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ᠂ ᠠᠭᠤᠤ ᠶᠡᠬᠡ ᠦᠢᠯᠡᠰ᠂ ᠠᠭᠤᠤ ᠶᠡᠬᠡ ᠬᠦᠰᠡᠯ ᠵᠡᠭᠦᠳᠦ᠎ᠶᠢ ᠶᠡᠷᠦᠩᠬᠡᠢᠯᠡᠨ ᠵᠢᠯᠤᠭᠣᠳᠴᠤ᠂ 《ᠲᠠᠪᠤ᠎ᠶᠢ ᠨᠢᠭᠡ ᠴᠣᠭᠴᠠᠵᠢᠭᠤᠯᠬᠤ》 ᠶᠡᠷᠦᠩᠬᠡᠢ ᠪᠠᠢᠷᠢᠰᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠲᠦᠷᠪᠡᠨ ᠪᠦᠭᠦ ᠲᠠᠯ᠎ᠠ》 ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠶᠢ ᠵᠣᠬᠢᠴᠠᠩᠭᠤᠢ ᠠᠬᠢᠭᠤᠯᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠦᠭᠦ ᠪᠥᠮᠪᠥᠷᠴᠡᠭ᠎ᠦᠨ ᠬᠥᠭᠵᠢᠯᠲᠡ᠎ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ᠎ᠦᠨ ᠠᠮᠤᠷ ᠲᠦᠪᠰᠢᠨ᠎ᠦ ᠰᠠᠨᠠᠭᠠᠴᠢᠯᠠᠭ᠎ᠠ᠂ ᠪᠦᠭᠦ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠂ ᠪᠦᠭᠦ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ᠎ᠶᠢ ᠨᠠᠢᠳᠠᠪᠤᠷᠢᠵᠢᠭᠤᠯᠬᠤ᠎ᠶᠢ ᠠᠬᠢᠭᠤᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠵᠤ᠂ ᠳᠡᠯᠡᠬᠡᠢ᠎ᠶᠢᠨ ᠡᠩᠬᠡ ᠲᠠᠢᠪᠤᠩ ᠪᠣᠯᠣᠨ ᠬᠥᠭᠵᠢᠯᠲᠡ᠎ᠳᠦ ᠨᠡᠩ ᠤᠯᠠᠨ ᠢᠳᠡᠪᠬᠢ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ᠎ᠶᠢᠨ ᠫᠢᠩ᠂ ᠵᠢᠶᠠᠩ ᠽᠧ ᠮᠢᠨ ᠨᠥᠬᠥᠷ ᠴᠢᠬᠤᠯᠠ ᠶᠡᠬᠡ ᠲᠡᠦᠬᠡ᠎ᠶᠢᠨ ᠵᠠᠩᠭᠢᠯᠠᠭ᠎ᠠ᠎ᠵᠢᠨ ᠦᠶ᠎ᠡ᠎ᠳᠦ ᠵᠣᠷᠢᠭ᠍ᠲᠠᠢ᠎ᠪᠠᠷ ᠡᠷᠡᠰ ᠰᠢᠭᠤᠷᠬᠠᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠠᠶᠤᠯ ᠲᠦᠭᠰᠢᠭᠦᠷᠢ ᠥᠷᠢᠰᠦᠯᠳᠦᠭᠡᠨ᠎ᠢ ᠯᠠᠪᠳᠠᠭᠤᠨ᠎ᠢᠶᠠᠷ ᠠᠷᠭᠠᠴᠠᠭᠠᠵᠤ᠂ ᠬᠦᠴᠢᠷ ᠪᠡᠷᠬᠡᠰᠢᠶᠡᠯ ᠬᠠᠷᠰᠢ ᠰᠠᠭᠠᠳ᠎ᠢ ᠡᠷᠡᠰ ᠢᠯᠠᠨ ᠳᠠᠪᠠᠵᠤ᠂ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠳᠤ ᠥᠷᠭᠡᠨ ᠠᠭᠤᠳᠠᠮ ᠣᠷᠣᠨ ᠵᠠᠢ᠎ᠶᠢ ᠨᠡᠭᠡᠭᠡᠨ ᠥᠭᠴᠦ᠂ ᠰᠠᠢᠨ ᠰᠠᠢᠬᠠᠨ ᠣᠷᠴᠢᠨ ᠨᠥᠬᠥᠴᠡᠯ᠎ᠢ ᠪᠤᠢ ᠪᠤᠯᠭᠠᠵᠤ ᠥᠭᠴᠠᠢ᠃ ᠪᠢᠳᠡ ᠲᠡᠭᠦᠨ᠎ᠦ ᠡᠷᠡᠰ ᠬᠠᠲᠠᠭᠤ ᠡᠷᠡᠰ ᠰᠢᠭᠤᠷᠬᠠᠢ ᠶᠡᠷᠦ ᠪᠤᠰᠤ᠎ᠶᠢᠨ ᠰᠥᠰᠥ ᠵᠣᠷᠢᠭ᠋᠎ᠢ ᠰᠤᠷᠤᠯᠴᠠᠬᠤ ᠬᠡᠷᠡᠭᠲᠡᠢ᠂ ᠰᠠᠨᠠᠭᠠᠰᠢᠷᠠᠬᠤ ᠤᠬᠠᠮᠰᠠᠷ᠎ᠢᠶᠠᠨ ᠴᠢᠩᠭᠠᠳᠬᠠᠵᠤ᠂ ᠬᠣᠷᠢᠭ᠎ᠠ ᠱᠤᠭᠤᠮ᠎ᠤᠨ ᠰᠡᠳᠬᠢᠬᠦᠢ᠎ᠶᠢ ᠪᠤᠢ ᠪᠤᠯᠭᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠡᠷᠡᠰ ᠬᠠᠲᠠᠭᠤ ᠲᠡᠮᠡᠴᠡᠯ᠎ᠦᠨ ᠵᠣᠷᠢᠭ᠋ ᠰᠠᠨᠠᠭ᠎ᠠ᠂ ᠬᠡᠲᠦᠢᠳᠦᠭᠰᠡᠨ ᠲᠡᠮᠡᠴᠡᠯ᠎ᠦᠨ ᠴᠢᠳᠠᠪᠤᠷᠢ᠎ᠪᠠᠷ᠎ᠢᠶᠠᠨ ᠶᠡᠬᠡ ᠰᠠᠯᠬᠢ ᠰᠢᠷᠦᠭᠦᠨ ᠤᠷᠤᠰᠬᠠᠯ᠎ᠢ ᠰᠦᠷᠦᠨ ᠴᠢᠨᠠᠭᠰᠢᠯᠠᠪᠠᠯ ᠲᠤᠬ᠍ᠰᠢᠨ ᠳᠠᠪᠠᠯᠭᠠᠨ ᠰᠢᠷᠦᠭᠦᠨ ᠳᠣᠯᠭᠢᠶᠠᠨ᠎ᠤ ᠴᠢᠬᠤᠯᠠ ᠶᠡᠬᠡ ᠰᠢᠯᠭᠠᠯᠲᠠ᠎ᠶᠢ ᠢᠳᠡᠪᠬᠢᠲᠡᠢ ᠠᠷᠭᠠᠴᠠᠭᠠᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ᠎ᠶᠢᠨ ᠠᠰᠢᠭ᠋ ᠲᠤᠰᠠ᠎ᠶᠢ ᠡᠷᠡᠰ ᠬᠠᠮᠠᠭᠠᠯᠠᠵᠤ᠂ ᠠᠵᠤ ᠠᠬᠤᠢ᠎ᠶᠢᠨ ᠲᠦᠷᠭᠡᠨ ᠬᠥᠭᠵᠢᠯᠲᠡ ᠪᠠ ᠨᠡᠢᠭᠡᠮ᠎ᠦᠨ ᠤᠷᠳᠤ ᠬᠤᠭᠤᠴᠠᠭᠠᠨ᠎ᠤ ᠲᠣᠭᠲᠠᠭᠤᠨ ᠪᠠᠢᠳᠠᠯ ᠭᠡᠬᠦ ᠬᠣᠶᠠᠷ ᠶᠡᠬᠡ ᠭᠠᠢᠬᠠᠮᠰᠢᠭ᠍ᠲᠤ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠨ᠎ᠡ ᠭᠡᠵᠦ ᠵᠢᠭᠠᠵᠤ ᠭᠠᠷᠭᠠᠪᠠ᠃
ᠰᠢ᠎ᠶᠢᠨ ᠫᠢᠩ᠂ ᠣᠷᠳᠣ᠌ ᠬᠤᠭᠤᠴᠠᠭᠠᠨ᠎ᠤ ᠴᠢᠷᠮᠠᠢᠯᠭ᠎ᠠ᠎ᠪᠠᠷ ᠳᠡᠮᠵᠢᠨ ᠨᠠᠮ ᠪᠠ ᠤᠯᠤᠰ᠎ᠤᠨ ᠠᠵᠢᠯ ᠦᠢᠯᠡᠰ ᠴᠡᠴᠡᠭᠯᠡᠨ ᠬᠥᠭᠵᠢᠵᠦ᠂ ᠬᠤᠪᠢᠯᠭᠠᠨ ᠤᠷᠤᠨ ᠠᠮᠤᠷ ᠲᠣᠭᠲᠠᠭᠤᠨ ᠡᠶ᠎ᠡ ᠨᠠᠶ᠋ᠢᠷᠠᠮᠳᠠᠭᠤ ᠪᠠᠢᠵᠤ᠂ ᠠᠷᠠᠳ᠎ᠤᠨ ᠠᠮᠢᠳᠤᠷᠠᠯ ᠦᠷᠭᠦᠯᠵᠢᠯᠡᠨ ᠰᠠᠢᠵᠢᠷᠠᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠢᠷᠡᠭᠡᠳᠦᠢ ᠭᠡᠭᠡᠨ ᠰᠠᠷᠠᠭᠤᠯ ᠪᠠᠢᠵᠤ᠂ ᠬᠡᠳᠦᠨ ᠦᠶ᠎ᠡ᠎ᠶᠢᠨ ᠬᠥᠮᠥᠰ᠎ᠦᠨ ᠵᠣᠷᠢᠭ᠋ ᠰᠢᠭᠤᠳᠤᠨ ᠲᠡᠮᠡᠴᠡᠬᠦ ᠬᠦᠰᠡᠯ ᠵᠡᠭᠦᠳᠦ ᠠᠯᠬᠤᠮ ᠠᠯᠬᠤᠮ᠎ᠢᠶᠠᠷ ᠪᠡᠶᠡᠯᠡᠭᠳᠡᠵᠦ ᠪᠠᠢᠨ᠎ᠠ᠃ ᠪᠦᠭᠦ ᠨᠠᠮ ᠪᠦᠭᠦ ᠴᠡᠷᠢᠭ ᠪᠦᠭᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠢᠲᠡᠭᠡᠯ ᠵᠣᠷᠢᠭ᠋᠎ᠢᠶᠠᠨ ᠪᠠᠲᠤᠳᠬᠠᠨ᠂ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠭᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠭᠦ ᠲᠠᠯ᠎ᠠ᠎ᠪᠠᠷ ᠲᠦᠯᠬᠢᠨ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠵᠦ᠂ ᠳᠤᠮᠳᠠᠳᠤ ᠤᠯᠤᠰ᠎ᠤᠨ ᠠᠷᠠᠳ ᠲᠦᠮᠡᠨ᠎ᠦ ᠨᠡᠩ ᠰᠠᠢᠨ ᠰᠠᠢᠬᠠᠨ ᠠᠮᠢᠳᠤᠷᠠᠯ᠎ᠢ ᠲᠠᠰᠤᠷᠠᠯᠲᠠ ᠦᠭᠡᠢ ᠡᠭᠦᠳᠦᠨ ᠪᠦᠲᠦᠭᠡᠵᠦ᠂ ᠳᠤᠮᠳᠠᠳᠤ᠎ᠶᠢᠨ ᠦᠨᠳᠦᠰᠦᠲᠡᠨ᠎ᠦ ᠨᠡᠩ ᠢᠷᠠᠭᠤ ᠭᠠᠢᠬᠠᠮᠰᠢᠭᠳᠤ ᠬᠠᠭᠤᠳᠠᠰᠤ᠎ᠶᠢ ᠪᠢᠴᠢᠭᠯᠡᠶ᠎ᠡ ᠭᠡᠵᠦ ᠴᠢᠬᠤᠯᠠᠴᠢᠯᠠᠪᠠ᠃ (ᠶᠠᠷᠢᠶᠠᠨ᠎ᠤ ᠪᠦᠭᠦ ᠠᠭᠤᠯᠭ᠎ᠠ᠎ᠶᠢ ᠠᠰ ᠲᠤᠨᠢ ᠨᠡᠢᠲᠡᠯᠡᠪᠡ)
ᠯᠢ ᠴᠢᠶᠠᠩ ᠶᠡᠬᠡ ᠬᠤᠷᠠᠯ᠎ᠢ ᠡᠷᠭᠢᠯᠡᠭᠦ᠎ᠳᠡᠭᠡᠨ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠨᠢ ᠵᠢᠶᠠᠩ ᠽᠧ ᠮᠢᠨ ᠨᠥᠬᠥᠷ᠎ᠦᠨ ᠭᠡᠷᠡᠯ ᠰᠠᠴᠤᠷᠠᠩᠭᠤᠢ ᠳᠠᠶ᠋ᠢᠴᠢᠨ ᠨᠢᠭᠡ ᠨᠠᠰᠤ᠎ᠶᠢ ᠡᠷᠭᠢᠴᠡᠭᠦᠯᠵᠦ᠂ ᠵᠢᠶᠠᠩ ᠽᠧ ᠮᠢᠨ ᠨᠥᠬᠥᠷ᠎ᠦᠨ ᠨᠠᠮ ᠪᠠ ᠠᠷᠠᠳ ᠲᠦᠮᠡᠨ᠎ᠦ ᠲᠥᠯᠥᠭᠡ ᠪᠠᠢᠭᠤᠯᠤᠭᠰᠠᠨ ᠪᠠᠯᠠᠷᠠᠰᠢ ᠦᠭᠡᠢ ᠭᠠᠪᠢᠶ᠎ᠠ ᠵᠢᠳᠬᠦᠯ᠎ᠢ ᠳᠡᠭᠡᠳᠦ ᠬᠡᠮᠵᠢᠶ᠎ᠡ᠎ᠪᠡᠷ ᠦᠨᠡᠯᠡᠵᠦ᠂ ᠵᠢᠶᠠᠩ ᠽᠧ ᠮᠢᠨ ᠨᠥᠬᠥᠷ᠎ᠦᠨ ᠡᠷᠬᠢᠮ ᠳᠡᠭᠡᠳᠦ ᠬᠡᠪ ᠰᠤᠷᠲᠠᠯ᠎ᠢ ᠰᠢᠰᠲᠧᠮ᠎ᠲᠠᠢ᠎ᠪᠡᠷ ᠬᠤᠷᠢᠶᠠᠩᠭᠤᠢᠯᠠᠵᠤ᠂ ᠵᠢᠶᠠᠩ ᠽᠧ ᠮᠢᠨ ᠨᠥᠬᠥᠷ᠎ᠦᠨ ᠪᠠᠲᠤ ᠴᠢᠩᠭ᠎ᠠ ᠤᠯᠤᠰ ᠲᠦᠷᠦ᠎ᠶᠢᠨ ᠢᠲᠡᠭᠡᠯ ᠪᠢᠰᠢᠷᠡᠯ᠂ ᠠᠷᠠᠳ᠎ᠤᠨ ᠲᠥᠯᠥᠭᠡ ᠬᠡᠬᠦ ᠴᠢᠩ ᠦᠨᠡᠨᠴᠢ ᠭᠦᠨ ᠵᠤᠵᠠᠭᠠᠨ ᠬᠠᠢᠷ᠎ᠠ ᠰᠡᠳᠬᠢᠯᠭᠡ᠂ ᠴᠠᠭ ᠦᠶ᠎ᠡ ᠲᠠᠢ ᠵᠡᠷᠬᠡ ᠪᠠᠷ ᠤᠷᠤᠭᠰᠢᠯᠠᠬᠤ ᠰᠢᠨ᠎ᠡ᠎ᠶᠢ ᠡᠭᠦᠳᠬᠦ ᠵᠣᠷᠢᠭ᠋ ᠰᠠᠨᠠᠭ᠎ᠠ᠂ ᠠᠯᠤᠰ ᠬᠤᠯᠠ᠎ᠶᠢ ᠪᠣᠳᠣᠯᠬᠢᠯᠠᠬᠤ ᠪᠠᠢᠯᠳᠤᠬᠤ ᠪᠣᠳᠣᠯᠭ᠎ᠠ᠎ᠶᠢᠨ ᠰᠡᠳᠬᠢᠬᠦᠢ᠂ ᠡᠷᠡᠰ ᠪᠠᠳᠤ ᠡᠷᠡᠰ ᠰᠢᠭᠤᠷᠬᠠᠢ ᠶᠡᠷᠦ ᠪᠤᠰᠤ᠎ᠶᠢᠨ ᠪᠠᠭᠠᠳᠤᠷ ᠪᠣᠳᠣᠯᠭ᠎ᠠ᠎ᠶᠢ ᠨᠠᠷᠢᠨ ᠬᠢᠨᠠᠮᠠᠭᠠᠢ ᠰᠤᠷᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃ ᠶᠠᠷᠢᠶ᠎ᠠ ᠨᠢ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠣᠳᠬᠤ ᠴᠢᠨᠠᠷᠲᠠᠢ᠂ ᠪᠢᠳᠡ ᠭᠦᠨᠵᠡᠭᠡᠢ ᠰᠤᠷᠤᠯᠴᠠᠨ ᠣᠢᠯᠠᠭᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠵᠤ᠂ ᠰᠢ᠎ᠶᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭᠠᠬᠤ᠎ᠶᠢ ᠪᠠᠷᠢᠮᠲᠠᠯᠠᠵᠤ᠂ 《ᠬᠣᠶᠠᠷ᠎ᠢ ᠲᠣᠭᠲᠠᠭᠠᠬᠰᠠᠨ》᠎ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠨᠨ ᠴᠢᠩᠭᠠᠳᠬᠠᠵᠤ᠂ 《ᠲᠦᠷᠪᠡᠨ ᠢᠲᠡᠭᠡᠯ》 ᠵᠢᠨᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠭᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠶᠡᠬᠡ ᠬᠤᠷᠠᠯ ᠨᠢ ᠰᠦᠷ ᠵᠢᠪᠬᠤᠯᠠᠩᠲᠤ 《ᠢᠨᠲᠧᠷᠨᠠᠼᠢᠣᠨᠠᠯᠤᠨ ᠳᠠᠭᠤᠤ》 ᠵᠢᠨ ᠳᠤᠮᠳᠠ ᠲᠡᠭᠦᠰᠪᠡ᠃
ᠶᠡᠬᠡ ᠬᠤᠷᠠᠯ᠎ᠳᠤ ᠣᠷᠣᠯᠴᠠᠭᠰᠠᠳ᠎ᠲᠤ ᠪᠠᠰᠠ᠄ ᠸᠠᠩ ᠢ᠂ ᠶᠢᠨ ᠯᠢ᠂ ᠱᠢ᠎ᠲᠠᠢ ᠹᠧᠩ᠂ ᠯᠢᠦ ᠭᠦᠸᠧ ᠵᠥᠩ᠂ ᠯᠢ ᠭᠠᠨ ᠵᠢᠶᠧ᠂ ᠯᠢ ᠱᠦ᠍ ᠯᠧᠢ᠂ ᠯᠢ ᠬᠣᠩ ᠵᠥᠩ᠂ ᠾᠧ ᠯᠢ ᠹᠧᠩ᠂ ᠵᠠᠩ ᠭᠦᠸᠧ ᠴᠢᠩ᠂ ᠴᠧᠨ ᠸᠸᠨ ᠴᠢᠩ᠂ ᠸᠸᠨ ᠵᠢᠶᠠ ᠪᠦᠦ᠂ ᠵᠢᠶᠠ ᠴᠢᠩ ᠯᠢᠨ᠂ ᠵᠠᠩ ᠳᠧ ᠵᠢᠶᠠᠩ᠂ ᠢᠦᠢ ᠵᠧᠩ ᠱᠧᠩ᠂ ᠯᠢ ᠵᠠᠨ ᠱᠦ᠍᠂ ᠸᠠᠩ ᠶᠠᠩ᠂ ᠯᠢ ᠯᠠᠨ ᠴᠢᠩ᠂ ᠽᠧᠩ ᠴᠢᠩ ᠬᠣᠩ᠂ ᠯᠢ ᠴᠠᠩ ᠴᠦᠨ᠂ ᠾᠧ ᠭᠦᠸᠧ ᠴᠢᠶᠠᠩ᠂ ᠯᠢᠦ ᠶᠦᠨ ᠱᠠᠨ᠂ ᠸᠠᠩ ᠴᠢ ᠱᠠᠨ᠂ ᠵᠠᠩ ᠭᠣᠣ ᠯᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠦᠵᠢ ᠨᠠᠷ᠎ᠦᠨ ᠭᠠᠵᠠᠷ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠂ ᠪᠦᠭᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠤᠳᠤᠷᠢᠳᠬᠤ ᠨᠥᠬᠥᠳ ᠪᠠ ᠤᠳᠤᠷᠢᠳᠬᠤ ᠲᠤᠰᠢᠶᠠᠯ ᠡᠴᠡ ᠪᠠᠨ ᠪᠠᠭᠤᠬᠰᠠᠨ ᠨᠦᠬᠦᠳ ᠪᠤᠢ᠃
ᠲᠥᠪ᠎ᠦᠨ ᠨᠠᠮ ᠵᠠᠰᠠᠭ ᠴᠡᠷᠢᠭ ᠣᠯᠠᠨ ᠲᠦᠮᠡᠨ᠎ᠦ ᠡᠯ᠎ᠡ ᠰᠠᠯᠠᠭ᠎ᠠ ᠮᠥᠴᠢᠷ ᠪᠣᠯᠣᠨ ᠪᠡᠭᠡᠵᠢᠩ ᠬᠣᠲᠠ᠎ᠶᠢᠨ ᠭᠣᠣᠯ ᠬᠠᠷᠢᠭᠤᠴᠠᠯᠭᠠᠲᠠᠨ ᠨᠥᠬᠥᠳ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠭᠦ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ᠎ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ᠎ᠦᠨ ᠪᠤᠰᠤ ᠬᠥᠮᠥᠰ᠎ᠦᠨ ᠲᠥᠯᠥᠭᠡᠯᠡᠭᠴᠢ᠂ ᠪᠡᠭᠡᠵᠢᠩ᠎ᠳᠦ ᠪᠠᠢᠭ᠎ᠠ ᠲᠥᠪ ᠬᠣᠷᠢᠶᠠᠨ᠎ᠤ ᠭᠡᠰᠢᠭᠦᠨ᠂ ᠲᠥᠪ ᠬᠣᠷᠢᠶᠠᠨ᠎ᠤ ᠣᠷᠣᠯᠠᠭ᠍ᠴᠢ ᠭᠡᠰᠢᠭᠦᠨ᠂ ᠪᠡᠭᠡᠵᠢᠩ᠎ᠳᠦ ᠪᠠᠢᠭ᠎ᠠ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠭᠡᠰᠢᠭᠦᠨ᠂ ᠪᠦᠭᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠪᠠᠢᠩᠭᠤ᠎ᠶᠢᠨ ᠭᠡᠰᠢᠭᠦᠨ᠂ ᠠᠬᠠᠮᠠᠳ ᠺᠠᠳ᠋ᠷ᠂ ᠠᠬᠠᠮᠠᠳ ᠨᠥᠬᠥᠳ᠎ᠦᠨ ᠲᠥᠯᠥᠭᠡᠯᠡᠭᠴᠢ᠂ ᠵᠢᠶᠠᠩ ᠽᠧ ᠮᠢᠨ ᠨᠥᠬᠥᠷ᠎ᠦᠨ ᠲᠦᠷᠦᠯ ᠰᠠᠳᠤᠨ᠂ ᠤᠤᠯ᠎ᠤᠨ ᠳᠡᠷᠭᠡᠳᠡᠬᠢ ᠠᠵᠢᠯᠲᠠᠨ ᠪᠠ ᠨᠤᠲᠤᠭ ᠤᠰᠤᠨ᠎ᠤ ᠲᠥᠯᠥᠭᠡᠯᠡᠭᠴᠢ᠂ ᠵᠢᠶᠠᠩ ᠽᠧ ᠮᠢᠨᠦ ᠨᠠᠮᠲᠠᠷ ᠪᠠ ᠦᠵᠡᠯ ᠰᠠᠨᠠᠭᠠᠨ᠎ᠤ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠬ᠍ᠰᠠᠨ ᠲᠥᠯᠥᠭᠡᠯᠡᠭᠴᠢ᠂ ᠨᠡᠢᠰᠯᠡᠯ᠎ᠦᠨ ᠡᠯ᠎ᠡ ᠡᠲᠡᠭᠡᠳ᠎ᠦᠨ ᠤᠯᠠᠨ ᠲᠦᠮᠡᠨ᠎ᠦ ᠲᠥᠯᠥᠭᠡᠯᠡᠭᠴᠢ᠂ ᠪᠡᠭᠡᠵᠢᠩ᠎ᠳᠦ ᠰᠠᠭᠤᠭ᠎ᠠ ᠴᠡᠷᠢᠭ ᠠᠩᠭᠢ᠎ᠶᠢᠨ ᠳᠠᠷᠤᠭ᠎ᠠ ᠪᠠᠢᠯᠳᠤᠭ᠍ᠴᠢᠳ᠎ᠤᠨ ᠲᠥᠯᠥᠭᠡᠯᠡᠭᠴᠢ ᠵᠡᠷᠭᠡ 6000 ᠰᠢᠬᠠᠮ ᠬᠥᠮᠥᠨ ᠶᠡᠬᠡ ᠬᠤᠷᠠᠯ᠎ᠳᠤ ᠣᠷᠣᠯᠴᠠᠪᠠ᠃
ᠶᠡᠬᠡ ᠬᠤᠷᠠᠯ ᠡᠬᠢᠯᠡᠬᠦ᠎ᠡᠴᠡ ᠡᠮᠦᠨ᠎ᠡ ᠰᠢ᠎ᠶᠢᠨ ᠫᠢᠩ ᠵᠡᠷᠭᠡ ᠤᠳᠤᠷᠢᠳᠬᠤ ᠨᠥᠬᠥᠳ ᠵᠢᠶᠠᠩ ᠽᠧ ᠮᠢᠨ ᠨᠥᠬᠥᠷ᠎ᠦᠨ ᠲᠦᠷᠦᠯ ᠰᠠᠳᠤᠨ᠎ᠢ ᠳᠣᠲᠣᠨᠣ᠌᠎ᠪᠠᠷ ᠭᠥᠯᠢᠶᠡᠨ ᠠᠪᠴᠤ ᠠᠭᠤᠯᠵᠠᠭᠰᠠᠨ ᠪᠥᠭᠡᠳ ᠲᠡᠳᠡᠨ᠎ᠲᠠᠢ ᠬᠠᠮᠲᠤ᠎ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠵᠡᠢ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 8 ᠰᠠᠷ᠎ᠠ᠎ᠶᠢᠨ 17 ᠤ᠋ ᠴᠠᠬᠢᠯᠭᠠᠨ ᠮᠡᠳᠡᠭᠡ)