ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠎ᠶᠢᠨ ᠣᠷᠴᠢᠭᠤᠯᠤᠨ ᠦᠢᠯᠡᠳᠦᠭᠰᠡᠨ ᠠᠩᠬᠠᠳᠠᠭ᠍ᠴᠢ ᠠᠽᠧᠷᠪᠠᠶ᠋ᠢᠵᠠᠨ ᠬᠡᠯᠡᠨ᠎ᠦ ᠬᠡᠪᠯᠡᠯ᠎ᠦᠨ ᠫᠷᠣᠭ᠌ᠷᠠᠮ 《ᠰᠢ ᠵᠢᠨ ᠫᠢᠩ᠎ᠤᠨ ᠰᠣᠶᠣᠯ᠎ᠤᠨ ᠬᠤᠪᠢ ᠪᠠᠷᠢᠯᠳᠤᠯᠭ᠎ᠠ》 ᠶ᠋ᠢᠨ ᠨᠡᠪᠲᠡᠷᠡᠭᠦᠯᠭᠡ ᠡᠬᠢᠯᠡᠬᠦ ᠠᠵᠢᠯᠯᠠᠭ᠎ᠠ ᠣᠢᠷ᠎ᠠ᠎ᠳᠦ ᠠᠽᠧᠷᠪᠠᠶ᠋ᠢᠵᠠᠨ᠎ᠤ ᠨᠡᠢᠰᠯᠡᠯ ᠪᠠᠺᠦ᠋᠎ᠳᠤ ᠶᠠᠪᠤᠭᠳᠠᠪᠠ᠃
《ᠰᠢ᠎ᠶᠢᠨ ᠫᠢᠩ᠎ᠤᠨ ᠰᠣᠶᠣᠯ᠎ᠤᠨ ᠬᠤᠪᠢ ᠪᠠᠷᠢᠯᠳᠤᠯᠭ᠎ᠠ》 ᠨᠢ ᠲᠡᠷᠢᠭᠦᠯᠡᠭᠴᠢ ᠰᠢ᠎ᠶᠢᠨ ᠫᠢᠩ᠎ᠤᠨ ᠰᠣᠶᠣᠯ᠎ᠤᠨ ᠤᠯᠠᠮᠵᠢᠯᠠᠯ ᠬᠥᠭᠵᠢᠯᠲᠡ᠎ᠲᠠᠢ ᠰᠡᠳᠬᠢᠯ ᠵᠢᠷᠦᠬᠡ᠎ᠪᠡᠨ ᠬᠣᠯᠪᠣᠭᠰᠠᠨ ᠠᠮᠢᠳᠤᠯᠢᠭ᠋ ᠦᠯᠢᠭᠡᠷ᠎ᠢ ᠰᠣᠩᠭᠣᠨ ᠠᠪᠴᠤ᠂ ᠲᠡᠭᠦᠨ᠎ᠦ 《ᠰᠣᠶᠣᠯ ᠮᠠᠨᠳᠤᠪᠠᠯ ᠤᠯᠤᠰ ᠮᠠᠨᠳᠤᠵᠤ᠂ ᠰᠣᠶᠣᠯ ᠬᠦᠴᠦᠷᠬᠡᠭᠵᠢᠪᠡᠯ ᠤᠯᠤᠰ ᠬᠦᠴᠦᠷᠬᠡᠭᠵᠢᠬᠦ》 ᠵᠢᠨ ᠭᠦᠨᠵᠡᠭᠡᠢ ᠪᠣᠳᠣᠯᠬᠢᠯᠠᠯ ᠪᠠ ᠰᠣᠶᠣᠯ᠎ᠤᠨ ᠥᠪ᠎ᠢ ᠨᠠᠨᠳᠢᠩᠨᠠᠨ ᠬᠠᠢᠷᠠᠯᠠᠬᠤ᠂ ᠲᠡᠦᠬᠡ ᠰᠣᠶᠣᠯ᠎ᠤᠨ ᠰᠢᠯᠢᠳᠡᠭ ᠦᠪ᠎ᠢ ᠦᠷᠭᠦᠯᠵᠢᠯᠡᠭᠦᠯᠬᠦ ᠭᠦᠨ ᠵᠤᠵᠠᠭᠠᠨ ᠬᠠᠢᠷ᠎ᠠ ᠰᠡᠳᠬᠢᠯᠭᠡ᠎ᠶᠢ ᠢᠯᠡᠷᠡᠭᠦᠯᠵᠦ᠂ ᠳᠡᠯᠡᠬᠡᠢ ᠳ᠋ᠠᠬᠢᠨ᠎ᠤ ᠬᠦᠯᠢᠶᠡᠨ ᠠᠪᠤᠭ᠍ᠴᠢᠳ᠎ᠲᠤ ᠰᠢ᠎ᠶᠢᠨ ᠫᠢᠩ᠎ᠤᠨ ᠰᠣᠶᠣᠯ᠎ᠤᠨ ᠦᠵᠡᠯ ᠰᠠᠨᠠᠭᠠᠨ᠎ᠤ ᠤᠬᠢ ᠰᠣᠳᠣ᠌ ᠴᠢᠬᠤᠯᠠ ᠠᠭᠤᠯᠭ᠎ᠠ ᠪᠠ ᠲᠡᠷᠢᠭᠦᠯᠡᠭᠴᠢ ᠰᠢ᠎ᠶᠢᠨ ᠫᠢᠩ᠎ᠤᠨ ᠲᠦᠷᠦ᠎ᠶᠢ ᠵᠠᠰᠠᠬᠤ ᠣᠢᠯᠠᠭᠠᠭᠳᠠᠬᠤᠨ᠎ᠤ ᠭᠦᠨ ᠵᠤᠵᠠᠭᠠᠨ ᠰᠣᠶᠣᠯ᠎ᠤᠨ ᠰᠠᠭᠤᠷᠢ᠎ᠶᠢ ᠲᠤᠳᠤᠷᠬᠠᠢᠯᠠᠨ ᠲᠠᠢᠯᠪᠤᠷᠢᠯᠠᠪᠠ᠃
ᠠᠽᠧᠷᠪᠠᠶ᠋ᠢᠵᠠᠨ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ ᠯᠦ᠍ ᠮᠧᠢ ᠠᠵᠢᠯᠯᠠᠭ᠎ᠠ ᠳᠡᠭᠡᠷ᠎ᠡ ᠪᠠᠶᠠᠷ᠎ᠤᠨ ᠦᠭᠡ ᠬᠡᠯᠡᠬᠦ᠎ᠳᠡᠭᠡᠨ᠂ 《ᠰᠢ ᠵᠢᠨ ᠫᠢᠩ᠎ᠤᠨ ᠰᠣᠶᠣᠯ᠎ᠤᠨ ᠬᠤᠪᠢ ᠪᠠᠷᠢᠯᠳᠤᠯᠭ᠎ᠠ》 ᠠᠽᠧᠷᠪᠠᠶ᠋ᠢᠵᠠᠨ᠎ᠳᠦ ᠨᠡᠪᠲᠡᠷᠡᠭᠦᠯᠭᠡ ᠡᠬᠢᠯᠡᠬᠦ ᠪᠤᠯᠤᠭᠰᠠᠨ ᠨᠢ ᠳᠤᠮᠳᠠᠳᠤ ᠤᠯᠤᠰ ᠠᠽᠧᠷᠪᠠᠶ᠋ᠢᠵᠠᠨ᠎ᠤ ᠵᠠᠭᠤᠴᠢᠯᠠᠭᠤᠷ᠎ᠤᠨ ᠬᠠᠮᠲᠤᠷᠠᠯᠴᠠᠭ᠎ᠠ ᠰᠢᠨ᠎ᠡ ᠳᠡᠭᠲᠡᠷ᠎ᠲᠦ ᠭᠠᠷᠤᠭᠰᠠᠨ᠎ᠢ ᠬᠠᠷᠠᠭᠤᠯᠵᠤ᠂ ᠠᠽᠧᠷᠪᠠᠶ᠋ᠢᠵᠠᠨ᠎ᠤ ᠦᠵᠡᠭᠴᠢᠳ᠎ᠦᠨ ᠳᠤᠮᠳᠠᠳᠤ ᠤᠯᠤᠰ᠎ᠤᠨ ᠰᠣᠶᠣᠯ᠎ᠤᠨ ᠦᠵᠡᠯ ᠰᠠᠨᠠᠭᠠᠨ᠎ᠤ ᠭᠣᠣᠯ ᠠᠭᠤᠯᠭ᠎ᠠ᠎ᠶᠢ ᠨᠡᠩ ᠭᠦᠨᠵᠡᠭᠡᠢ ᠣᠢᠯᠠᠭᠠᠵᠤ᠂ ᠲᠡᠷᠢᠭᠦᠯᠡᠭᠴᠢᠰᠢᠶᠢᠨ ᠫᠢᠩ᠎ᠤᠨ ᠲᠦᠷᠦ᠎ᠶᠢ ᠵᠠᠰᠠᠬᠤ ᠣᠢᠯᠠᠭᠠᠭᠳᠠᠬᠤᠨ᠎ᠤ ᠪᠤᠢ ᠪᠤᠯᠭᠠᠭᠰᠠᠨ ᠭᠦᠨ ᠵᠤᠵᠠᠭᠠᠨ ᠰᠣᠶᠣᠯ᠎ᠤᠨ ᠤᠤᠷ ᠲᠤᠨᠳᠠᠰᠦ ᠵᠢ ᠣᠢᠯᠠᠭᠠᠬᠤ᠎ᠳᠤ ᠲᠤᠰᠠᠲᠠᠢ ᠶᠤᠮ ᠭᠡᠵᠦ ᠢᠯᠡᠳᠬᠡᠪᠡ᠃
ᠠᠽᠧᠷᠪᠠᠶ᠋ᠢᠵᠠᠨ᠎ᠤ ᠤᠯᠤᠰ ᠠᠷᠠᠳ᠎ᠤᠨ ᠬᠤᠷᠠᠯ᠎ᠤᠨ ᠰᠣᠶᠣᠯ᠎ᠤᠨ ᠵᠥᠪᠯᠡᠯ᠎ᠦᠨ ᠳᠡᠳ᠋ ᠲᠡᠷᠢᠭᠦᠯᠡᠭᠴᠢ ᠶᠧᠹᠸᠨᠵᠢᠶᠸᠸᠠ᠂ ᠠᠽᠧᠷᠪᠠᠶ᠋ᠢᠵᠠᠨ ᠪᠣᠯᠣᠨ ᠳᠤᠮᠳᠠᠳᠤ ᠤᠯᠤᠰ ᠴᠥᠮ ᠥᠨᠢ ᠤᠳᠠᠭᠠᠨ ᠲᠡᠦᠬᠡ᠎ᠲᠠᠢ ᠶᠤᠮ᠂ ᠠᠯᠢ ᠤᠯᠠᠨ ᠬᠣᠯᠪᠣᠭᠠᠰᠤ ᠲᠡᠢ᠎ᠡᠴᠡ ᠭᠠᠳᠠᠨ᠎ᠠ ᠥᠨᠥᠳᠥᠷ ᠬᠣᠶᠠᠷ ᠤᠯᠤᠰ ᠪᠠᠰᠠ ᠰᠣᠶᠣᠯ᠎ᠤᠨ ᠥᠪ᠎ᠢ ᠬᠠᠮᠠᠭᠠᠯᠠᠬᠤ ᠬᠠᠮᠲᠤ᠎ᠶᠢᠨ ᠣᠢᠯᠠᠭᠠᠭᠳᠠᠬᠤᠨ᠎ᠤ ᠲᠠᠯ᠎ᠠ ᠪᠡᠷ ᠨᠢᠭ᠍ᠲᠠ ᠬᠣᠯᠪᠣᠭ᠎ᠠ᠎ᠲᠠᠢ ᠪᠤᠯᠪᠠ᠃ ᠠᠽᠧᠷᠪᠠᠶ᠋ᠢᠵᠠᠨ᠎ᠳᠤ 《ᠰᠢ᠎ᠶᠢᠨ ᠫᠢᠩ᠎ᠤᠨ ᠰᠣᠶᠣᠯ᠎ᠤᠨ ᠬᠤᠪᠢ ᠪᠠᠷᠢᠯᠳᠤᠯᠭ᠎ᠠ》 ᠶ᠋ᠢ ᠨᠡᠪᠲᠡᠷᠡᠭᠦᠯᠬᠦ ᠨᠢ ᠲᠤᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ ᠭᠡᠪᠡ᠃
ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ ᠠᠽᠧᠷᠪᠠᠶ᠋ᠢᠵᠠᠨ᠎ᠤ ᠤᠯᠤᠰ᠎ᠤᠨ ᠲᠧᠯᠸᠢᠰ ᠷᠠᠳᠢᠣ᠋ ᠨᠡᠪᠲᠡᠷᠡᠭᠦᠯᠭᠡ᠎ᠶᠢᠨ ᠺᠣᠮᠫᠠᠨᠢ᠎ᠶᠢᠨ ᠰᠣᠶᠣᠯ᠎ᠤᠨ ᠰᠤᠪᠠᠭ ᠪᠣᠯᠣᠨ ᠠᠽᠧᠷᠪᠠᠶ᠋ᠢᠵᠠᠨ᠎ᠤ ARB24 ᠲᠧᠯᠸᠢᠰ ᠬᠣᠷᠢᠶ᠎ᠠ ᠲᠤᠰ ᠹᠢᠯᠢᠮ᠎ᠢ ᠤᠷᠢᠳ ᠬᠣᠵᠢᠳ ᠨᠡᠪᠲᠡᠷᠡᠭᠦᠯᠵᠡᠢ᠃
(ᠰᠢᠨᠬᠤᠸᠠ ᠬᠣᠷᠢᠶ᠎ᠡ ᠵᠢᠨ ᠪᠠᠺᠦ᠋᠎ᠶᠢᠨ 8 ᠰᠠᠷ᠎ᠠ᠎ᠶᠢᠨ 17᠎ᠤ᠋ ᠴᠠᠬᠢᠯᠭᠠᠨ ᠮᠡᠳᠡᠭᠡ)