ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠵᠥᠪᠰᠢᠶᠡᠷᠡᠯ᠎ᠢᠶᠡᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠬᠠᠮᠲᠤ᠎ᠪᠠᠷ ᠨᠠᠢᠷᠠᠭᠤᠯᠤᠭᠰᠠᠨ 《ᠵᠢᠶᠠᠩ ᠽᠧ ᠮᠢᠨᠦ ᠭᠠᠳᠠᠭᠠᠳᠤ ᠬᠠᠷᠢᠯᠴᠠᠭᠠᠨ᠎ᠤ ᠰᠤᠩᠭᠤᠮᠠᠯ ᠵᠤᠬᠢᠶᠠᠯ》 ᠢ᠋ ᠲᠥᠪ᠎ᠦᠨ ᠲᠤᠯᠭᠤᠷ ᠪᠢᠴᠢᠭ᠎ᠦᠨ ᠬᠡᠪᠯᠡᠯ᠎ᠦᠨ ᠬᠣᠷᠢᠶ᠎ᠠ᠎ᠠᠴᠠ ᠬᠡᠪᠯᠡᠭᠦᠯᠵᠦ᠂ ᠲᠤᠰ ᠡᠳᠦᠷ ᠡᠴᠡ ᠡᠬᠢᠯᠡᠨ ᠪᠦᠬᠦ ᠤᠯᠤᠰ᠎ᠲᠦ ᠲᠠᠷᠬᠠᠭᠠᠪᠠ᠃
《ᠵᠢᠶᠠᠩ ᠽᠧ ᠮᠢᠨᠦ ᠭᠠᠳᠠᠭᠠᠳᠤ ᠬᠠᠷᠢᠯᠴᠠᠭᠠᠨ᠎ᠤ ᠰᠤᠩᠭᠤᠮᠠᠯ ᠵᠣᠬᠢᠶᠠᠯ》 ᠳ᠋ᠦ ᠵᠢᠶᠠᠩ ᠽᠧ ᠮᠢᠨ ᠨᠥᠬᠥᠷ᠎ᠦᠨ 1989 ᠣᠨ᠎ᠤ 7 ᠰᠠᠷ᠎ᠠ᠎ᠠᠴᠠ 2003 ᠣᠨ᠎ᠤ 7 ᠰᠠᠷ᠎ᠠ ᠪᠤᠯᠲᠠᠯᠠᠭᠢ ᠬᠤᠭᠤᠴᠠᠭᠠᠨ᠎ᠳᠠᠬᠢ ᠭᠠᠳᠠᠭᠠᠳᠤ ᠬᠠᠷᠢᠯᠴᠠᠭᠠᠨ᠎ᠤ ᠠᠵᠢᠯ᠎ᠤᠨ ᠲᠤᠬᠠᠢ ᠴᠢᠬᠤᠯᠠ ᠵᠣᠬᠢᠶᠠᠯᠤᠳᠢ ᠣᠷᠣᠭᠤᠯᠵᠠᠢ᠂ ᠡᠭᠦᠨ᠎ᠳᠦ ᠮᠡᠳᠡᠭᠦᠯᠦᠯᠲᠡ᠂ ᠶᠠᠷᠢᠶ᠎ᠠ᠂ ᠶᠠᠷᠢᠯᠴᠠᠭ᠎ᠠ᠂ ᠶᠠᠷᠢᠶ᠎ᠠ ᠢᠯᠡᠳᠬᠡᠯ᠂ ᠵᠠᠬᠢᠳᠠᠯ᠂ ᠠᠰᠠᠭᠤᠯᠲᠠ᠎ᠳᠤ ᠦᠭᠭᠦᠭᠰᠡᠨ ᠬᠠᠷᠢᠭᠤᠯᠲᠠ᠂ ᠪᠢᠴᠢᠭᠡᠰᠦ ᠵᠡᠷᠭᠡ ᠨᠡᠢ᠍ᠢᠳᠡ 32 ᠲᠦᠮᠡᠨ ᠦᠰᠦᠭ᠎ᠲᠠᠢ 115 ᠵᠣᠬᠢᠶᠠᠯ ᠪᠠᠢᠵᠤ᠂ ᠲᠡᠭᠦᠨ᠎ᠦ ᠳᠣᠲᠣᠷᠠᠬᠢ ᠬᠡᠰᠡᠭ ᠵᠣᠬᠢᠶᠠᠯᠤᠳᠢ ᠠᠩᠬ᠎ᠠ ᠤᠳᠠᠭ᠎ᠠ ᠢᠯᠡ᠎ᠪᠡᠷ ᠨᠡᠢᠲᠡᠯᠡᠵᠦ ᠪᠠᠢᠭ᠎ᠠ ᠶᠤᠮ᠃
《ᠵᠢᠶᠠᠩ ᠽᠧ ᠮᠢᠨᠦ ᠭᠠᠳᠠᠭᠠᠳᠤ ᠬᠠᠷᠢᠯᠴᠠᠭᠠᠨ᠎ᠤ ᠰᠤᠩᠭᠤᠮᠠᠯ ᠵᠣᠬᠢᠶᠠᠯ》 ᠳ᠋ᠦ ᠵᠢᠶᠠᠩ ᠽᠧ ᠮᠢᠨ ᠨᠥᠬᠥᠷ᠎ᠦᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠭᠠᠳᠠᠭᠠᠳᠤ ᠬᠠᠷᠢᠯᠴᠠᠭᠠᠨ᠎ᠤ ᠤᠨᠤᠯ ᠪᠠ ᠦᠢᠯᠡᠳᠦᠯᠭᠡ᠎ᠶᠢᠨ ᠲᠠᠯ᠎ᠠ᠎ᠪᠠᠷ ᠭᠢ ᠴᠢᠬᠤᠯᠠ ᠦᠵᠡᠯ ᠰᠠᠨᠠᠭ᠎ᠠ ᠪᠠ ᠭᠠᠷᠮᠠᠭᠠᠢ ᠬᠤᠪᠢ ᠨᠡᠮᠡᠷᠢ᠎ᠶᠢ ᠲᠥᠪᠯᠡᠷᠡᠩᠭᠦᠢ ᠲᠤᠰᠬᠠᠵᠠᠢ᠃ ᠡᠨᠡ ᠬᠦ᠌ ᠰᠣᠩᠭᠣᠮᠠᠯ ᠵᠣᠬᠢᠶᠠᠯ᠎ᠢ ᠨᠠᠢᠷᠠᠭᠤᠯᠤᠨ ᠬᠡᠪᠯᠡᠭᠦᠯᠦᠭᠰᠡᠨ ᠨᠢ ᠥᠷᠭᠡᠨ ᠣᠯᠠᠨ ᠺᠠᠳ᠋ᠷ ᠣᠯᠠᠨ ᠲᠦᠮᠡᠨ ᠨᠠᠮ᠎ᠤᠨ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶᠢ ᠤᠳᠤᠷᠢᠳᠤᠬᠰᠠᠨ ᠰᠢᠨ᠎ᠡ ᠴᠠᠭ ᠦᠶ᠎ᠡ᠎ᠶᠢᠨ ᠲᠡᠦᠬᠡ᠎ᠶᠢ ᠰᠢᠰᠲᠧᠮ᠎ᠲᠠᠢ ᠰᠤᠷᠤᠯᠴᠠᠵᠤ᠂ ᠰᠢ᠎ᠶᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠢ᠎ᠶᠢᠨ ᠫᠢᠩ᠎ᠤᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠤᠬᠠᠮᠰᠠᠷᠲᠤ ᠴᠢᠨᠠᠷ ᠡᠷᠡᠰ ᠪᠠᠲᠤ ᠴᠢᠨᠠᠷ᠎ᠢᠶᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠰᠢᠨ᠎ᠡ ᠪᠠᠢᠳᠠᠯ᠎ᠢ ᠴᠢᠷᠮᠠᠢᠨ ᠡᠭᠦᠳᠬᠦ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 17᠎ᠤ᠋ ᠡᠳᠦᠷ᠎ᠦᠨ ᠴᠠᠭᠢᠯᠭᠠᠨ ᠮᠡᠳᠡᠭᠡ)