ᠥᠪᠥᠷ ᠮᠣᠩᠭᠣᠯ᠎ᠤᠨ ᠦᠢᠯᠡᠳᠬᠦ ᠦᠢᠯᠡᠰ᠎ᠦᠨ ᠰᠢᠨ᠎ᠠ ᠮᠡᠷᠭᠡᠵᠢᠯ ᠰᠢᠨ᠎ᠠ ᠦᠢᠯᠡᠳᠬᠦᠨ ᠰᠢᠨ᠎ᠠ ᠠᠬᠤᠢ ᠦᠵᠡᠭᠳᠡᠯ᠎ᠤᠨ ᠬᠡᠷᠡᠭᠯᠡᠭᠡᠨ᠎ᠤ ᠬᠦᠭᠵᠢᠯᠳᠡ ᠢᠯᠡᠳᠳᠡ ᠦᠷ᠎ᠠ ᠪᠦᠲᠦᠮᠵᠢ ᠤᠯᠪᠠ
2026-08-18 11:01:19
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠠᠰᠢᠬᠯᠠᠯᠳᠡ᠎ᠳᠤ ᠤᠷᠤᠭᠤᠯᠬᠤ ᠡᠴᠡ ᠡᠮᠦᠨᠡᠬᠢ ᠲᠤᠷᠰᠢᠯᠲᠠ᠎ᠶᠢᠨ ᠲᠠᠪᠴᠠᠩ᠎ᠤᠨ ᠪᠥᠲᠥᠭᠡᠨ ᠪᠠᠶ᠋ᠢᠭᠤᠯᠤᠯᠲᠠ᠂ ᠤᠶᠤᠨᠴᠢᠯᠠᠯᠳᠡ ᠲᠤᠭᠠᠴᠢᠯᠠᠯᠳᠡ ᠳᠠᠢᠰᠢ ᠬᠡᠯᠪᠡᠷᠢ ᠪᠠᠨ ᠬᠤᠪᠢᠷᠠᠭᠤᠯᠬᠤ᠂ ᠣᠶᠤᠨᠳᠤ ᠦᠢᠯᠡᠳᠬᠦ ᠦᠢᠯᠡᠰ᠂ ᠠᠮᠢᠳᠤ ᠪᠣᠳᠠᠰ᠎ᠤᠨ ᠮᠡᠷᠭᠡᠵᠢᠯ᠂ ᠪᠠᠭ᠎ᠠ ᠨᠡᠭᠦᠷᠠᠰᠦᠳᠦ᠋ᠷᠦᠭᠴᠢᠲᠦ ᠳᠠᠢᠰᠢ ᠬᠡᠯᠪᠡᠷᠢ ᠪᠠᠨ ᠬᠤᠪᠢᠷᠠᠭᠤᠯᠬᠤ ᠵᠡᠷᠭᠡ ᠵᠠᠩᠬᠢᠯᠠᠭ᠎ᠠ᠎ᠶᠢᠨ ᠬᠦᠷᠢᠶᠠᠨ᠎ᠳᠤ ᠦᠢᠯᠡᠳᠬᠦ ᠦᠢᠯᠡᠰ᠎ᠤᠨ ᠰᠢᠨ᠎ᠠ ᠮᠡᠷᠭᠡᠵᠢᠯ ᠰᠢᠨ᠎ᠠ ᠦᠢᠯᠡᠳᠬᠦᠨ ᠰᠢᠨ᠎ᠠ ᠠᠬᠤᠢ ᠦᠵᠡᠭᠳᠡᠯ᠎ᠢ ᠶᠡᠬᠡ ᠬᠡᠪᠴᠢᠶ᠎ᠠ ᠪᠡᠷ ᠬᠡᠷᠡᠭᠯᠡᠬᠦ᠎ᠵᠢ ᠰᠢᠰᠲ᠋ᠧᠮ᠎ᠲᠡᠶ ᠠᠬᠢᠭᠤᠯᠵᠤ ᠢᠯᠡᠳᠳᠡ ᠦᠷ᠎ᠠ ᠪᠦᠲᠦᠮᠵᠢ ᠤᠯᠵᠠᠢ᠃

ᠭᠤᠷᠪᠠᠨ ᠱᠠᠲᠤᠨ᠎ᠤ ᠱᠠᠲᠤᠯᠢᠭ ᠬᠦᠭᠵᠢᠯᠳᠡ᠎ᠶᠢᠨ ᠰᠢᠰᠲ᠋ᠧᠮ᠎ᠢ ᠪᠠᠶ᠋ᠢᠭᠤᠯᠵᠤ᠂ ᠬᠦᠷᠢᠶᠡᠯᠡᠩ ᠲᠣᠭᠣᠷᠢᠭ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ᠂ ᠲᠠᠪᠴᠠᠩ᠎ᠤᠨ ᠪᠥᠲᠥᠭᠡᠨ ᠪᠠᠶ᠋ᠢᠭᠤᠯᠤᠯᠲᠠ᠎ᠶᠢ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠲᠡᠶ ᠨᠢᠭᠲᠠ ᠤᠶᠠᠯᠳᠤᠭᠤᠯᠬᠤ ᠪᠤᠯᠭᠠᠵᠦ᠂ ᠲᠠᠪᠴᠠᠩ᠎ᠤᠨ ᠴᠢᠳᠠᠮᠵᠢ᠎ᠶᠢ ᠥᠷᠭᠡᠳᠬᠡᠵᠦ᠍᠂ ᠦᠢᠯᠡᠳᠬᠦ ᠦᠢᠯᠡᠰ᠎ᠦᠨ ᠰᠢᠨ᠎ᠡ᠎ᠶᠢ ᠡᠭᠦᠳᠬᠦ᠌ ᠲᠥᠪ ᠵᠡᠷᠭᠡ ᠲᠠᠪᠴᠠᠩ᠎ᠳᠤ ᠲᠦᠰᠢᠭᠯᠡᠨ᠂ ᠠᠰᠢᠬᠯᠠᠯᠳᠡ᠎ᠳᠤ ᠤᠷᠤᠭᠤᠯᠬᠤ ᠡᠴᠡ ᠡᠮᠦᠨᠡᠬᠢ ᠲᠤᠷᠰᠢᠯᠲᠠ᠎ᠳᠤ ᠦᠢᠯᠡᠴᠢᠯᠡᠬᠦ ᠠᠬᠤᠢ ᠦᠵᠡᠭᠳᠡᠯ᠎ᠢ ᠪᠠᠶ᠋ᠢᠷᠢᠰᠢᠭᠤᠯᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢᠶᠡᠷ ᠠᠵᠤ ᠦᠢᠯᠡᠰᠵᠢᠭᠦᠯᠬᠦ᠌ ᠵᠠᠩᠭᠢᠯᠠᠭ᠎ᠠ᠎ᠶᠢᠨ ᠲᠦᠭᠵᠢᠷᠡᠯ᠎ᠢ ᠨᠡᠪᠲᠡᠷᠡᠭᠦᠯᠵᠦ᠍᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠦᠭᠵᠢᠬᠦᠯᠬᠦ᠎ᠳᠤ ᠠᠰᠢᠭᠲᠠᠶ ᠲᠤᠯᠭᠠᠭᠤᠷᠢᠯᠠᠯ ᠬᠠᠩᠭᠠᠪᠠ᠃

ᠠᠵᠢᠯ ᠲᠥᠷᠥᠯ ᠬᠤᠪᠢᠶᠠᠨ ᠣᠨᠴᠠᠯᠢᠬᠳᠤ ᠠᠬᠤᠶ ᠦᠵᠡᠭᠳᠡᠯ᠎ᠢ ᠠᠭᠤᠳᠠᠯᠵᠤ᠂ ᠣᠶᠤᠨᠳᠤ ᠦᠢᠯᠡᠳᠬᠦ ᠦᠢᠯᠡᠰ᠂ ᠪᠣᠬᠢᠷᠲᠤᠯ ᠥᠬᠡᠶ ᠦᠢᠯᠡᠳᠬᠦ ᠦᠢᠯᠡᠰ᠂ ᠵᠣᠬᠢᠶᠠᠮᠠᠯ ᠣᠶᠤᠨ ᠴᠢᠳᠠᠪᠤᠷᠢ ᠵᠡᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠣᠮᠣ ᠬᠡᠯᠪᠡᠷᠢ᠎ᠶᠢᠨ ᠠᠵᠤ ᠠᠬᠤᠶ᠋ᠢᠯᠠᠯ᠎ᠤᠨ ᠪᠥᠬᠥ᠌ ᠶᠠᠪᠤᠴᠠ᠎ᠶᠢᠨ ᠥᠭᠡᠷᠡᠴᠢᠯᠡᠯᠲᠡ ᠪᠠ ᠳᠤᠮᠳᠠ ᠪᠠᠭ᠎ᠠ ᠠᠵᠤ ᠠᠬᠤᠶ᠋ᠢᠯᠠᠯ᠎ᠤᠨ ᠪᠢᠴᠢᠯ ᠠᠬᠤᠢ ᠦᠵᠡᠬᠳᠡᠯ᠎ᠤᠨ ᠥᠭᠡᠷᠡᠴᠢᠯᠡᠯᠲᠡ᠎ᠶᠢᠨ ᠬᠣᠶᠠᠷ ᠠᠷᠭ᠎ᠠ ᠵᠠᠮ᠎ᠢ ᠲᠣᠳᠣᠷᠬᠠᠶ ᠲᠣᠭᠲᠠᠭᠠᠵᠠᠢ᠃ ᠲᠦᠷᠦ᠎ᠶᠢᠨ ᠪᠤᠳᠤᠯᠭ᠎ᠠ᠎ᠪᠠᠷ ᠬᠦᠴᠦᠨ ᠨᠡᠮᠡᠷᠢᠯᠡᠬᠦ᠎ᠶᠢ ᠴᠢᠩᠭᠠᠳᠬᠠᠵᠤ᠂ ᠮᠥᠩᠭᠥᠨ ᠭᠦᠢᠯᠭᠡᠭᠡᠨ᠎ᠦ ᠪᠠᠶ᠋ᠢᠭᠤᠯᠤᠮᠵᠢ ᠬᠡᠯᠪᠡᠷᠢ᠎ᠪᠡᠨ ᠬᠤᠪᠢᠷᠠᠭᠤᠯᠬᠤ ᠲᠤᠰᠬᠠᠢ ᠢᠲᠡᠭᠡᠮᠵᠢᠲᠦ᠍ ᠵᠢᠭᠡᠯᠡᠯᠭᠡ ᠭᠠᠷᠭᠠᠵᠤ᠂ ᠪᠤᠳᠤᠯᠳᠡ᠎ᠶᠢᠨ ᠬᠦᠴᠦᠨ᠎ᠦ ᠳᠠᠪᠠᠭᠤᠯᠢᠭ᠎ᠲᠤ᠌ ᠲᠦᠰᠢᠭᠯᠡᠨ ᠲᠤᠮᠤ ᠵᠠᠭᠪᠤᠷ ᠵᠡᠷᠭᠡ ᠠᠬᠤᠢ ᠦᠵᠡᠭᠳᠡᠯ᠎ᠤᠨ ᠬᠡᠷᠡᠭᠯᠡᠭᠡᠨ᠎ᠢ ᠲᠤᠯᠭᠠᠭᠤᠷᠢᠯᠠᠵᠠᠢ᠃

ᠢᠳᠡᠭᠡᠨ᠂ ᠡᠮ ᠡᠮᠨᠡᠯᠭᠡ᠂ ᠲᠡᠵᠢᠭᠡᠯ ᠪᠣᠷᠳᠣᠭ᠎ᠠ ᠵᠡᠷᠭᠡ ᠠᠵᠤ ᠦᠢᠯᠡᠰ ᠨᠡᠭᠡᠭᠡᠯᠲᠡᠲᠦ᠍ ᠬᠡᠷᠡᠭᠯᠡᠭᠡᠨ᠎ᠦ ᠠᠬᠤᠢ ᠦᠵᠡᠭᠳᠡᠯ᠎ᠢᠶᠠᠷ ᠭᠤᠤᠯᠳᠠᠯᠭ᠎ᠠ ᠪᠤᠯᠭᠠᠪᠠ᠃ ᠲᠡᠵᠢᠭᠡᠯ ᠪᠣᠷᠳᠣᠭᠠᠨ᠎ᠤ ᠤᠭᠤᠷᠠᠭ᠎ᠢ ᠣᠷᠣᠯᠠᠭᠤᠯᠬᠤ ᠠᠬᠤᠢ ᠦᠵᠡᠭᠳᠡᠯ᠎ᠢ ᠴᠢᠯᠥᠭᠡᠲᠡᠶ ᠪᠣᠯᠭᠠᠵᠤ᠂ ᠡᠷᠳᠡᠨᠢ ᠰᠢᠰᠢ᠂ ᠡᠰᠢ ᠰᠦᠷᠡᠯ ᠵᠡᠷᠭᠡ ᠡᠬᠢ ᠪᠠᠶᠠᠯᠢᠭ ᠪᠠ ᠲᠡᠵᠢᠭᠡᠨ ᠦᠷᠡᠵᠢᠭᠦᠯᠬᠦ᠌ ᠠᠵᠤ ᠠᠬᠤᠶ᠋ᠢᠯᠠᠯ᠎ᠤᠨ ᠳᠠᠪᠠᠭᠤᠯᠢᠭ᠎ᠲᠤ᠌ ᠲᠦᠰᠢᠭᠯᠡᠨ᠂ ᠮᠢᠺᠷᠣᠪ ᠤᠭᠤᠷᠠᠭ ᠵᠡᠷᠭᠡ ᠰᠢᠨ᠎ᠡ ᠮᠡᠷᠭᠡᠵᠢᠯ᠎ᠦᠨ ᠬᠡᠪᠴᠢᠶᠡᠵᠢᠭᠦᠯᠦᠨ ᠰᠢᠯᠭᠠᠨ ᠪᠠᠲᠤᠯᠠᠬᠤ᠎ᠶᠢ ᠲᠡᠮᠵᠢᠪᠡ᠃ ᠠᠮᠢᠳᠤ ᠪᠣᠳᠠᠰ᠎ᠤᠨ ᠲᠠᠷᠢᠶᠠᠨ ᠡᠮ᠎ᠢ ᠣᠷᠣᠯᠠᠭᠤᠯᠬᠤ ᠠᠬᠤᠢ ᠦᠵᠡᠭᠳᠡᠯ᠎ᠢ ᠴᠢᠯᠥᠭᠡᠲᠡᠶ ᠪᠣᠯᠭᠠᠵᠤ᠂ ᠠᠮᠢᠳᠤ ᠪᠣᠳᠠᠰ᠎ᠤᠨ ᠲᠠᠷᠢᠶᠠᠨ ᠡᠮ᠎ᠦᠨ ᠪᠦᠲᠦᠭᠡᠭᠳᠡᠬᠦᠨ᠎ᠢ ᠲᠣᠬᠢᠷᠠᠭᠤᠯᠤᠨ ᠬᠡᠷᠡᠭᠯᠡᠬᠦ᠌᠎ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ᠎ᠶᠢᠨ ᠪᠣᠬᠢᠷᠲᠤᠯ ᠥᠬᠡᠶ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠦᠨ ᠨᠡᠮᠡᠷᠢᠯᠡᠪᠡ᠃ ᠠᠮᠢᠲᠠᠨ᠎ᠤ ᠸᠠᠺᠼᠢᠨ᠎ᠤ ᠬᠡᠷᠡᠭᠯᠡᠭᠡᠨ᠎ᠦ ᠠᠬᠤᠢ ᠦᠵᠡᠭᠳᠡᠯ ᠢ᠋ ᠴᠢᠯᠥᠭᠡᠲᠡᠶ ᠪᠣᠯᠭᠠᠵᠤ᠂ ᠵᠢᠨ ᠢᠦᠶ ᠠᠮᠢᠳᠤ ᠪᠣᠳᠠᠰ᠎ᠤᠨ ᠮᠠᠯ᠎ᠳᠤ ᠬᠡᠷᠡᠭᠯᠡᠬᠦ᠌ ᠸᠠᠺᠼᠢᠨ᠎ᠤ ᠪᠥᠬᠥ᠌ ᠠᠵᠦ ᠦᠢᠯᠡᠰ᠎ᠦᠨ ᠬᠡᠯᠬᠢᠶ᠎ᠡ᠎ᠶᠢᠨ ᠳᠠᠪᠠᠭᠤᠯᠢᠭ᠎ᠲᠤ᠌ ᠲᠦᠰᠢᠭᠯᠡᠨ᠂ ᠰᠢᠨ᠎ᠡ ᠦᠢᠯᠡᠳᠬᠦᠨ᠂ ᠰᠢᠨ᠎ᠡ ᠤᠷ᠎ᠠ ᠮᠡᠷᠭᠡᠰᠢᠯ᠎ᠢ ᠰᠢᠯᠭᠠᠨ ᠪᠠᠲᠤᠯᠠᠬᠤ ᠪᠠ ᠬᠡᠪᠴᠢᠶᠡᠵᠢᠭᠦᠯᠦᠨ ᠬᠡᠷᠡᠭᠯᠡᠬᠦ᠌᠎ᠶᠢ ᠲᠡᠮᠵᠢᠪᠡ᠃

ᠲᠡᠮᠦᠷᠯᠢᠭ ᠪᠣᠯᠪᠠᠰᠤᠷᠠᠭᠤᠯᠬᠤ᠂ ᠬᠢᠮᠢ᠎ᠶᠢᠨ ᠠᠵᠤ ᠦᠢᠯᠡᠳᠪᠦᠷᠢ ᠵᠡᠷᠭᠡ ᠡᠨᠧᠷᠭᠢ᠎ᠶᠢᠨ ᠬᠣᠷᠣᠭᠳᠠᠯ ᠶᠡᠬᠡᠲᠡᠶ ᠠᠵᠢᠯ ᠲᠥᠷᠥᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠣᠬᠢᠷᠲᠤᠯ ᠥᠬᠡᠶ ᠴᠠᠬᠢᠯᠭᠠᠨ᠎ᠢᠶᠠᠷ ᠣᠷᠣᠯᠠᠭᠤᠯᠬᠤ ᠪᠠ ᠭᠠᠷ ᠤᠷᠠᠯᠠᠯ᠎ᠤᠨ ᠰᠢᠨᠡᠴᠢᠯᠡᠯᠲᠡ᠎ᠪᠡᠷ ᠪᠣᠬᠢᠷᠲᠤᠯ ᠥᠬᠡᠶ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠦ᠂ ᠥᠨᠳᠥᠷ ᠬᠠᠷᠢᠴᠠᠯ ᠪᠦᠬᠦᠢ ᠪᠤᠬᠢᠷᠳᠤᠯ ᠦᠬᠡᠢ ᠴᠠᠬᠢᠯᠭᠠᠨ᠎ᠤ ᠰᠢᠭᠤᠳ ᠬᠠᠩᠭᠠᠯᠭ᠎ᠠ᠎ᠶᠢᠨ ᠠᠬᠤᠢ ᠦᠵᠡᠭᠳᠡᠯ᠎ᠢ ᠪᠤᠢ ᠪᠣᠯᠭᠠᠵᠤ᠂ ᠴᠠᠬᠢᠯᠭᠠᠨ ᠵᠠᠳᠠᠯᠤᠯ᠎ᠤᠨ ᠬᠦᠩᠭᠡᠨᠴᠠᠭᠠᠨ᠂ ᠲᠡᠮᠦᠷ᠎ᠦᠨ ᠬᠠᠶ᠋ᠢᠯᠤᠰᠢ᠎ᠶᠢᠨ ᠠᠵᠤ ᠠᠬᠤᠶ᠋ᠢᠯᠠᠯ᠎ᠳᠤ ᠬᠠᠨᠳᠤᠭᠤᠯᠤᠨ᠂ 《ᠰᠠᠯᠬᠢ ᠭᠡᠷᠡᠯ + ᠨᠥᠭᠡᠴᠡ ᠡᠨᠧᠷᠭᠢ》 ᠵᠢᠨ ᠰᠢᠭᠤᠳ ᠬᠠᠩᠭᠠᠯᠭ᠎ᠠ᠎ᠶᠢᠨ ᠦᠢᠯᠡᠳᠪᠦᠷᠢᠯᠡᠯ᠎ᠦᠨ ᠱᠤᠭᠤᠮ᠎ᠢ ᠪᠠᠶ᠋ᠢᠭᠤᠯᠵᠤ᠂ ᠪᠠᠭ᠎ᠠ ᠨᠡᠭᠦᠷᠡᠰᠦᠳᠦ᠋ᠷᠦᠭᠴᠢᠲᠦ ᠲᠡᠮᠦᠷᠯᠢᠭ ᠬᠠᠢᠯᠤᠭᠤᠯᠬᠤ ᠠᠬᠤᠢ ᠦᠵᠡᠭᠳᠡᠯ᠎ᠢ ᠪᠤᠢ ᠪᠤᠯᠭᠠᠵᠦ᠂ ᠪᠤᠬᠢᠷᠳᠤᠯ ᠦᠬᠡᠢ ᠤᠰᠤᠲᠥᠢ᠍ᠷᠥᠭᠴᠢ ᠵᠢᠴᠢ ᠳᠠᠭᠠᠯᠳᠤᠬᠤ ᠤᠰᠤᠲᠥᠢ᠍ᠷᠥᠭᠴᠢ᠎ᠪᠡᠷ ᠬᠡᠦᠷᠡᠰᠦ᠎ᠶᠢ ᠣᠷᠣᠯᠠᠭᠤᠯᠵᠤ᠂ ᠪᠠᠭ᠎ᠠ ᠨᠡᠭᠦᠷᠡᠰᠦᠳᠦ᠋ᠷᠦᠭᠴᠢᠲᠦ ᠲᠡᠮᠦᠷ ᠬᠠᠢᠯᠤᠭᠤᠯᠬᠤ ᠢᠵᠢ ᠪᠦᠷᠢᠨ ᠤᠷ᠎ᠠ ᠮᠡᠷᠭᠡᠰᠢᠯ᠎ᠢ ᠰᠢᠯᠭᠠᠨ ᠪᠠᠲᠤᠯᠠᠵᠤ᠂ ᠪᠣᠯᠣᠳ ᠲᠡᠮᠦᠷ᠎ᠤᠨ ᠠᠵᠤ ᠠᠬᠤᠢᠯᠠᠯ᠎ᠤᠨ ᠪᠣᠬᠢᠷᠲᠤᠯ ᠦᠭᠡᠢ ᠥᠭᠡᠷᠡᠴᠢᠯᠡᠯᠲᠡ᠎ᠳᠦ ᠪᠣᠳᠠᠲᠤ᠌ ᠦᠵᠡᠭᠳᠡᠯ᠎ᠤᠨ ᠲᠤᠷᠰᠢᠯᠲᠠ᠎ᠶᠢᠨ ᠲᠠᠪᠴᠠᠩ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号