ᠮᠢᠩᠭᠠᠨ ᠤᠨ᠎ᠤ ᠢᠯᠬᠢᠨ ᠵᠢᠷᠤᠬ ᠲᠠᠪᠤᠨ ᠦᠶ᠎ᠡ ᠵᠢᠨ ᠤᠯᠠᠮᠵᠢᠯᠠᠯ ᠰᠢᠨᠠᠴᠢᠯᠠᠯ
2026-08-18 10:43:21
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠪᠤᠭᠤᠲᠤ ᠬᠤᠳᠠ᠎ᠶ᠋ᠢᠨ ᠪᠣᠳᠠᠰ᠎ᠤᠨ ᠪᠤᠰᠤ ᠰᠣᠶᠤᠯ᠎ᠤᠨ ᠦᠪ᠎ᠤᠨ ᠪᠤᠯᠪᠠᠰᠤᠷᠠᠯ᠎ᠤᠨ ᠲᠠᠰᠤᠬ ᠲᠦ᠍᠂ ᠵᠢᠢ ᠶᠢᠩ ᠰᠤᠪᠤᠳ᠂ ᠱ᠌ᠢᠷᠦ᠍᠂ ᠤᠭ᠌ᠶᠤ ᠪᠠᠷ ᠲᠠᠯᠬᠠᠳᠠᠵᠤ ᠪᠦᠲᠦᠭᠡᠭᠰᠡᠨ ᠪᠠᠢᠭᠠᠯᠢ᠎ᠶ᠋ᠢᠨ ᠡᠷᠦᠳᠡᠰᠦᠨ ᠪᠤᠳᠤᠭ᠎ᠲᠸ᠋ ᠬᠤᠷᠤᠭᠤ ᠪᠠᠨ ᠭᠦᠢᠭᠡᠨ ᠳᠦᠷᠦᠵᠦ᠍ ᠠᠪᠤᠭᠠᠳ ᠬᠣᠨᠢᠨ ᠠᠷᠠᠰᠤᠨ ᠳᠡᠭᠡᠷ᠎ᠡ ᠬᠢᠴᠢᠶᠡᠩᠬᠦᠢ ᠪᠤᠯᠭᠤᠮᠵᠢᠳᠠᠢ ᠪᠡᠷ ᠵᠢᠷᠤᠭ ᠵᠢᠷᠤᠵᠤ ᠡᠬᠢᠯᠡᠯ᠎ᠡ᠃ ᠪᠤᠭᠤᠲᠤ᠌ ᠬᠤᠳᠠ᠎ᠶ᠋ᠢᠨ ᠡᠮᠡᠭᠲᠡᠢᠴᠦᠳ᠎ᠦᠨ ᠭᠠᠷ ᠤᠷᠠᠯᠠᠯ᠎ᠤᠨ ᠨᠡᠢᠭᠡᠮᠯᠢᠭ᠎ᠦᠨ ᠳᠠᠷᠤᠭ᠎ᠠ᠂ ᠵᠶ᠋ᠢ ᠣᠪᠤᠭᠲᠤ᠎ᠶ᠋ᠢᠨ ᠢᠯᠬᠢᠨ ᠵᠢᠷᠤᠭ᠎ᠤᠨ ᠲᠠᠪᠤᠳᠠᠬᠢ ᠦᠶ᠎ᠡ ᠵᠢᠨ ᠤᠯᠠᠮᠵᠢᠯᠠᠭᠴᠢ ᠪᠣᠯᠤᠭᠰᠠᠨ᠎ᠤ ᠬᠤᠪᠢ᠎ᠳᠤ ᠲᠡᠷᠡ ᠪᠡᠷ ᠬᠡᠳᠦᠨ ᠵᠠᠭᠤᠨ ᠵᠢᠯ᠎ᠦᠨ ᠲᠡᠦᠭᠡ ᠲᠠᠢ ᠡᠨᠡ ᠬᠦ᠌ ᠡᠷᠲᠡᠨ᠎ᠦ ᠤᠷ᠎ᠠ ᠮᠡᠷᠭᠡᠵᠢᠯ᠎ᠢ ᠪᠦᠲᠦᠭᠡᠯᠴᠢ ᠴᠢᠨᠠᠷᠲᠠᠢ ᠪᠡᠷ ᠤᠯᠠᠷᠢᠭᠤᠯᠤᠨ᠂ ᠰᠢᠨ᠎ᠡ᠎ᠶ᠋ᠢ ᠡᠭᠦᠳᠬᠦ᠌ ᠴᠢᠨᠠᠷᠲᠠᠢ ᠪᠡᠷ ᠤᠯᠠᠮᠵᠢᠯᠠᠨ ᠬᠦᠭᠵᠢᠬᠦᠯᠦᠨ᠎ᠠ᠃

ᠵᠢᠢ ᠶᠢᠩ ᠭᠠᠷ ᠤᠷᠠᠯᠠᠯ᠎ᠤᠨ ᠰᠤᠷᠪᠤᠯᠵᠢᠲᠤ᠌ ᠭᠡᠷ᠎ᠲᠦ᠍ ᠲᠥᠷᠦᠵᠦ᠍᠂ ᠬᠠᠷᠠᠬᠠᠨ ᠪᠠᠭ᠎ᠠ ᠡᠴᠡ᠎ᠪᠠᠨ ᠭᠦᠨ ᠵᠤᠵᠠᠭᠠᠨ ᠤᠷᠠᠯᠢᠭ᠎ᠤᠨ ᠠᠭᠤᠷ ᠠᠮᠢᠰᠭᠤᠯ᠎ᠤᠨ ᠳᠤᠮᠳᠠ ᠦᠰᠦᠨ ᠪᠣᠢᠵᠢᠵᠠᠢ᠃ ᠭᠡᠷ ᠪᠦᠯᠢ᠎ᠶ᠋ᠢᠨ ᠵᠢᠡᠨ ᠨᠥᠯᠦᠭᠡᠯᠡᠯ ᠳᠣᠤᠷ᠎ᠠ ᠲᠡᠷᠡ ᠠᠭᠠᠵᠢᠮ᠎ᠢᠶᠠᠷ ᠢᠯᠬᠢᠨ ᠵᠢᠷᠤᠭ᠎ᠤᠨ ᠵᠣᠬᠢᠶᠠᠨ  ᠪᠦᠲᠦᠭᠡᠯᠭᠡ᠎ᠶ᠋ᠢ ᠰᠤᠳᠤᠯᠵᠤ᠂ ᠶᠡᠷᠦ᠍ ᠪᠤᠰᠤ᠎ᠶ᠋ᠢᠨ ᠤᠷᠠᠯᠢᠭ᠎ᠤᠨ ᠠᠪᠢᠶᠠᠰ ᠪᠢᠯᠢᠭ᠎ᠢᠶᠡᠨ ᠢᠯᠡᠷᠡᠭᠦᠯᠦᠭᠰᠡᠭᠡᠷ ᠢᠷᠡᠪᠡ᠂ ᠣᠳᠤ ᠲᠡᠷᠡ ᠪᠡᠷ ᠵᠶ᠋ᠢ ᠣᠪᠤᠭᠲᠤ᠎ᠶ᠋ᠢᠨ ᠢᠯᠬᠢᠨ ᠵᠢᠷᠤᠭ᠎ᠤᠨ ᠪᠣᠳᠠᠰ᠎ᠤᠨ ᠪᠤᠰᠤ ᠰᠣᠶᠤᠯ᠎ᠤᠨ ᠥᠪ᠎ᠤᠨ ᠲᠥᠷᠦᠯ ᠵᠦᠢᠯ᠎ᠦᠨ ᠥᠪᠡᠷᠲᠡᠭᠡᠨ ᠵᠠᠰᠠᠬᠤ ᠣᠷᠤᠨ᠎ᠤ ᠲᠡᠰ᠎ᠦᠨ ᠤᠯᠠᠮᠵᠢᠯᠠᠬᠴᠢ ᠪᠣᠯᠵᠠᠢ᠃


QQ截图20260818104435.png


ᠵᠢᠢ ᠶᠢᠨᠭ ᠢᠯᠬᠢᠨ ᠵᠢᠷᠤᠭ᠎ᠵᠢᠡᠨ ᠳᠡᠯᠭᠡᠨ ᠪᠤᠷᠤᠯᠠᠭᠤᠯᠤᠨ᠎ᠠ


ᠤᠢᠯᠠᠭᠠᠭᠰᠠᠨ ᠵᠢᠡᠷ᠂ ᠢᠯᠬᠢᠨ ᠵᠢᠷᠤᠭ᠎ᠤᠨ ᠤᠷᠠᠯᠢᠭ 1000 ᠭᠠᠷᠤᠢ ᠵᠢᠯ᠎ᠦᠨ ᠰᠣᠶᠤᠯ ᠲᠡᠦᠬᠡ᠎ᠲᠡᠢ᠃ ᠲᠤᠮᠳᠠᠳᠤ ᠵᠢᠨ ᠰᠤᠶᠤᠯ ᠤᠷᠠᠯᠢᠭ᠎ᠤᠨ ᠲᠡᠦᠭᠡᠨ ᠳ᠋ᠤ ᠲᠦᠪᠡᠳ ᠦᠨᠳᠦᠰᠦᠲᠡᠨ᠎ᠤ ᠲᠠᠩᠺᠠ ᠤᠷᠠᠯᠢᠭ ᠲᠠᠢ ᠨᠡᠷ᠎ᠡ ᠵᠡᠷᠭᠡᠴᠡᠨ ᠠᠯᠳᠠᠷᠰᠢᠵᠠᠢ᠃ ᠣᠨ ᠵᠢᠯ᠎ᠤᠨ ᠲᠠᠯ᠎ᠠ ᠪᠡᠷ ᠲᠦᠪᠡᠳ ᠦᠨᠳᠦᠰᠦᠳᠡᠨ᠎ᠤ ᠲᠠᠩᠺᠠ ᠤᠷᠠᠯᠢᠭ ᠡᠴᠠ ᠡᠷᠲᠡ ᠪᠠᠢᠪᠠ᠃ ᠰᠤᠷᠪᠤᠯᠵᠢ ᠪᠢᠴᠢᠭ᠎ᠦᠨ ᠲᠡᠮᠳᠡᠭᠯᠡᠯ᠎ᠢ ᠦᠨᠳᠦᠰᠦᠯᠡᠪᠡᠯ᠂ ᠢᠯᠬᠢᠨ ᠵᠢᠷᠤᠭ ᠨᠢ ᠴᠢᠨ ᠤᠯᠤᠰ ᠬᠠᠨ ᠤᠯᠤᠰ᠎ᠤᠨ ᠦᠶ᠎ᠡ᠎ᠳᠦ ᠬᠥᠭᠵᠢᠵᠦ᠍᠂ ᠯᠢᠶᠤᠤ ᠤᠯᠤᠰ ᠠᠯᠲᠠᠨ ᠤᠯᠤᠰ᠎ᠤᠨ ᠦᠶ᠎ᠡ᠎ᠳᠦ ᠦᠷᠭᠡᠨ ᠵᠢᠡᠷ ᠳᠡᠯᠭᠡᠷᠡᠵᠦ᠍᠂ ᠣᠷᠳᠤ ᠤᠳᠠᠭᠠᠨ ᠬᠥᠭᠵᠢᠯᠲᠡ ᠪᠠ ᠬᠤᠪᠢᠰᠤᠯᠲᠠ᠎ᠶ᠋ᠢᠨ ᠶᠠᠪᠤᠴᠠ᠎ᠶ᠋ᠢ ᠥᠩᠭᠡᠷᠡᠭᠡᠵᠡᠢ᠃ ᠡᠷᠲᠡ ᠦᠶ᠎ᠡ ᠳ᠋ᠦ ᠵᠶ᠋ᠢ ᠣᠪᠤᠭᠲᠤ᠎ᠶ᠋ᠢᠨ ᠬᠢᠨ ᠱᠠᠰᠢᠨ᠎ᠤ ᠵᠢᠷᠤᠭ᠎ᠤᠨ ᠨᠦᠯᠦᠭᠡ ᠵᠢ ᠬᠦᠷᠳᠡᠵᠦ᠂ ᠴᠢᠩ ᠤᠯᠤᠰ᠎ᠤᠨ ᠦᠶ᠎ᠡ᠎ᠶ᠋ᠢᠨ ᠪᠦᠷᠢᠨ ᠵᠠᠰᠠᠬᠲᠤ ᠡᠴᠡ ᠢᠷᠭᠡᠨ ᠤᠯᠤᠰ᠎ᠤᠨ ᠦᠶ᠎ᠡ ᠪᠣᠯᠲᠠᠯ᠎ᠠ  ᠵᠶ᠋ᠢ ᠣᠪᠤᠭᠲᠤ᠎ᠶ᠋ᠢᠨ ᠢᠯᠬᠢᠨ ᠵᠢᠷᠤᠭ᠎ᠤᠨ ᠥᠪᠡᠷᠮᠢᠴᠡ ᠬᠡᠪ ᠨᠠᠮᠪᠠ᠎ᠶ᠋ᠢ ᠠᠭᠠᠵᠢᠮ ᠵᠢᠡᠷ ᠪᠦᠷᠢᠯᠳᠦᠭᠦᠯᠵᠦ᠍᠂ ᠭᠣᠤᠯᠳᠠᠭᠤ ᠬᠥᠮᠦᠨ᠂ ᠴᠡᠴᠡᠭ᠂ ᠰᠢᠪᠠᠭᠤ᠂ ᠥᠯᠵᠡᠢᠲᠦ᠍ ᠵᠢᠷᠤᠭ ᠳᠦᠷᠰᠦ  ᠪᠡᠷ ᠭᠤᠤᠯᠳᠠᠭᠤᠯᠵᠤ᠂ ᠪᠦᠲᠦᠭᠡᠯ᠎ᠨᠢ ᠡᠯ᠎ᠡ ᠡᠲᠡᠭᠡᠳ᠎ᠦᠨ ᠬᠦᠮᠦᠰ᠎ᠤᠨ ᠬᠦᠷᠢᠶᠡᠯᠡᠯ᠎ᠢ ᠣᠯᠤᠭᠰᠠᠨ ᠪᠠᠢᠨ᠎ᠠ᠃ 2011 ᠣᠨ᠎ᠳᠤ ᠵᠶ᠋ᠢ ᠣᠪᠤᠭᠲᠤ᠎ᠶ᠋ᠢᠨ ᠢᠯᠬᠢᠨ ᠵᠢᠷᠤᠭ᠎ᠨᠢ ᠭᠤᠷᠪᠠᠳᠤᠭᠠᠷ ᠪᠦᠯᠦᠭ᠎ᠦᠨ ᠥᠪᠡᠷᠲᠡᠭᠡᠨ ᠵᠠᠰᠠᠬᠤ ᠣᠷᠤᠨ᠎ᠤ ᠲᠠᠰ᠎ᠤᠨ ᠪᠣᠳᠠᠰ᠎ᠤᠨ ᠪᠤᠰᠤ ᠰᠣᠶᠤᠯ᠎ᠤᠨ ᠥᠪ᠎ᠲᠦ᠍ ᠵᠢᠭᠰᠠᠭᠠᠭᠳᠠᠵᠤ᠂ ᠡᠨᠡ᠎ᠬᠦ᠌ ᠡᠷᠲᠡᠨ᠎ᠦ ᠨᠢᠭᠡᠨ ᠤᠭᠰᠠᠭ᠎ᠠ᠎ᠲᠦᠷᠦᠯ᠎ᠤᠨ ᠬᠢᠨ᠎ᠤ ᠤᠷ᠎ᠠ ᠮᠡᠷᠭᠡᠵᠢᠯ᠎ᠨᠢ ᠵᠢᠩᠬᠢᠨᠢ᠎ᠪᠡᠷ ᠥᠪᠦᠷ ᠮᠣᠩᠭᠤᠯ᠎ᠤᠨ ᠦᠨᠳᠦᠰᠦᠲᠡᠨ᠎ᠦ ᠰᠤᠶᠤᠯ ᠤᠷᠠᠯᠢᠭ᠎ᠤᠨ ᠡᠷᠬᠢᠮ ᠨᠠᠨᠳᠢᠨ ᠦᠨᠡᠲᠦ᠍ ᠡᠷᠳᠡᠨᠢ ᠪᠣᠯᠤᠭᠰᠠᠨ ᠪᠠᠢᠨ᠎ᠠ᠃

ᠵᠶ᠋ᠢ ᠣᠪᠤᠭᠲᠤ᠎ᠶ᠋ᠢᠨ ᠢᠯᠬᠢᠨ ᠵᠢᠷᠤᠭ᠎ᠨᠢ ᠥᠪᠦᠷ ᠮᠣᠩᠭᠤᠯ᠎ᠤᠨ ᠴᠢᠨᠠᠷ ᠰᠠᠢᠳᠠᠢ ᠬᠣᠨᠢᠨ ᠠᠷᠠᠰᠤ᠎ᠶ᠋ᠢ ᠰᠣᠩᠭᠤᠨ ᠵᠢᠷᠤᠭ᠎ᠵᠢᠷᠤᠬᠤ ᠮᠠᠲᠧᠷᠢᠶᠠᠯ ᠪᠣᠯᠭᠠᠵᠤ᠂ ᠲᠤᠰᠭᠠᠢ ᠬᠡᠷᠡᠭᠯᠡᠭᠡᠨ᠎ᠦ ᠡᠷᠦᠳᠡᠰᠦᠨ ᠪᠤᠳᠤᠭ ᠲᠤ᠌ ᠬᠣᠪᠤᠷ ᠨᠠᠨᠳᠢᠨ ᠥᠩᠭᠡ᠎ᠪᠤᠳᠤᠭ᠎ᠤᠨ ᠮᠠᠲᠧᠷᠢᠶᠠᠯ᠎ᠢ ᠨᠡᠮᠡᠵᠦ᠂ ᠥᠩᠭᠡ ᠪᠤᠳᠤᠭ᠎ᠤᠨ ᠭᠤᠸ᠎ᠠ ᠰᠠᠢᠬᠠᠨ᠎ᠢ ᠴᠢᠬᠤᠯᠠᠴᠢᠯᠠᠬᠤ᠎ᠪᠠᠷ ᠪᠠᠷᠠᠬᠤ᠎ᠦᠭᠡᠢ᠂ ᠰᠠᠨᠠᠭ᠎ᠠ ᠠᠬᠤᠢ᠎ᠶ᠋ᠢᠨ ᠭᠤᠸ᠎ᠠ ᠰᠠᠢᠬᠠᠨ᠎ᠢ ᠨᠡᠩ ᠴᠢᠬᠤᠯᠠᠴᠢᠯᠠᠵᠤ᠂ ᠤᠷᠠᠨ ᠵᠢᠷᠤᠭ᠎ᠤᠨ ᠤᠷᠠᠯᠢᠭ᠎ᠤᠨ ᠭᠤᠸ᠎ᠠ ᠰᠠᠢᠬᠠᠨ ᠪᠣᠯᠤᠨ ᠬᠣᠨᠢᠨ ᠠᠷᠠᠰᠤᠨ᠎ᠤ ᠪᠠᠢᠭᠠᠯᠢᠯᠢᠭ ᠤᠨᠴᠠᠯᠢᠭ᠎ᠢ ᠣᠷᠭᠠᠨᠢᠭ᠎ᠢᠶᠠᠷ ᠠᠭᠤᠰᠤᠯᠴᠠᠭᠤᠯᠵᠤ᠂ ᠦᠪᠡᠷᠮᠢᠴᠡ ᠬᠡᠪ ᠨᠠᠮᠪᠠ ᠵᠢ ᠪᠦᠷᠢᠯᠳᠦᠬᠦᠯᠦᠭᠰᠡᠨ ᠪᠠᠢᠨ᠎ᠠ᠃

《ᠢᠯᠬᠢᠨ ᠵᠢᠷᠤᠭ᠎ᠤᠨ ᠭᠠᠢᠬᠠᠮᠰᠢᠭ᠎ᠨᠢ ᠲᠡᠭᠦᠨ᠎ᠦ ᠥᠪᠡᠷᠮᠢᠴᠡ ᠣᠨᠴᠠᠯᠢᠭ᠎ᠲᠤᠨᠢ ᠪᠤᠢ᠃ ᠬᠣᠨᠢᠨ ᠠᠷᠠᠰᠤ ᠵᠥᠭᠡᠯᠡᠨ᠂ ᠬᠡ᠎ᠨᠢ ᠨᠠᠷᠢᠯᠢᠭ ᠪᠠᠢᠳᠠᠭ᠃ ᠢᠯᠬᠢᠨ ᠵᠢᠷᠤᠭ᠎ᠢ ᠵᠤᠬᠢᠶᠠᠨ ᠪᠦᠳᠦᠭᠡᠬᠦ ᠳ᠋ᠤ ᠰᠢᠷᠬ᠎ᠠ ᠰᠣᠷᠪᠢ᠎ᠦᠭᠡᠢ ᠴᠢᠨᠠᠷ ᠰᠠᠢᠲᠠᠢ ᠬᠤᠨᠢᠨ ᠠᠷᠠᠰᠦ ᠵᠢ ᠰᠤᠩᠭᠤᠬᠤ᠂ ᠳᠡᠪᠲᠦᠭᠡᠬᠦ᠌᠂ ᠬᠣᠷᠤᠬᠠᠢᠲᠤᠬᠤ ᠡᠴᠡ ᠰᠡᠷᠭᠡᠢᠯᠡᠬᠦ᠌ ᠡᠮ ᠵᠠᠷᠤᠬᠤ᠂ ᠬᠡᠯᠪᠡᠷᠢᠵᠢᠬᠦᠯᠬᠦ ᠵᠡᠷᠭᠡ 100 ᠭᠠᠷᠤᠢ ᠶᠠᠪᠤᠴᠠ ᠵᠢ ᠦᠩᠭᠡᠷᠡᠭᠡᠨ᠎ᠡ᠂ ᠠᠵᠢᠯ᠎ᠤᠨ ᠶᠠᠪᠤᠴᠠ ᠮᠠᠰᠢ ᠪᠤᠳᠤᠯᠢᠶᠠᠨᠲᠠᠢ ᠪᠠᠢᠵᠤ᠂ ᠬᠠᠯᠳᠤ ᠬᠢᠴᠢᠶᠡᠬᠦ ᠦᠭᠡᠢ ᠪᠤᠯᠤᠭᠰᠠᠭᠠᠷ ᠪᠦᠬᠦᠢᠯᠡ ᠵᠢᠷᠤᠭ᠎ᠤᠨ ᠶᠠᠰᠤ ᠴᠢᠨᠠᠷ᠎ᠢ ᠨᠥᠯᠦᠭᠡᠯᠡᠨ᠎ᠡ》 ᠬᠡᠵᠦ ᠵᠶ᠋ᠢ ᠶᠢᠩ ᠰᠤᠷᠪᠤᠯᠵᠢᠯᠠᠬᠴᠢ ᠳ᠋ᠦ ᠲᠠᠨᠢᠯᠴᠠᠭᠤᠯᠪᠠ᠃

ᠭᠠᠷ ᠤᠷᠠᠯᠠᠯ᠎ᠤᠨ ᠵᠤᠬᠢᠶᠠᠨ ᠪᠦᠳᠦᠭᠡᠯᠭᠡ ᠵᠢᠨ ᠠᠶᠠᠨ᠎ᠢ ᠡᠯᠬᠦᠭᠰᠡᠨ ᠣᠯᠠᠨ ᠵᠢᠯ᠎ᠤᠨ ᠲᠤᠷᠰᠢ ᠵᠶ᠋ᠢ ᠶᠢᠩ ᠶᠡᠷᠦ᠎ᠡᠴᠡ ᠰᠢᠨ᠎ᠡ᠎ᠶ᠋ᠢ ᠡᠭᠦᠳᠬᠦ᠌ ᠠᠯᠬᠤᠮ᠎ᠢᠶᠠᠨ ᠵᠣᠭᠰᠤᠭ᠎ᠠ ᠦᠭᠡᠢ᠃ ᠲᠡᠭᠦᠨ᠎ᠤ ᠲᠦᠷᠦᠭᠦᠯᠡᠨ ᠰᠤᠳᠤᠯᠤᠨ ᠨᠡᠭᠡᠭᠡᠭᠰᠡᠨ ᠬᠤᠨᠢᠨ ᠠᠷᠠᠰᠤᠨ᠎ᠤ ᠤᠷᠠᠨ ᠪᠢᠴᠢᠯᠭᠡ ᠤᠷᠠᠨ ᠵᠢᠷᠤᠭ᠎ᠤᠨ ᠴᠠᠭᠠᠰᠤ᠎ᠨᠢ ᠤᠯᠤᠰ᠎ᠤᠨ ᠡᠬᠦᠳᠦᠯᠳᠡ ᠵᠢᠨ ᠲᠤᠰᠭᠠᠢ ᠠᠰᠢᠭ᠎ᠢ ᠣᠯᠵᠤ᠂ ᠤᠯᠤᠰ᠎ᠤᠨ ᠳᠣᠲᠤᠭᠠᠳᠤ᠎ᠶ᠋ᠢᠨ ᠠᠷᠠᠰᠤᠨ ᠡᠳ᠋᠎ᠤᠨ ᠤᠷᠠᠨ ᠪᠢᠴᠢᠯᠭᠡ ᠤᠷᠠᠨ ᠵᠢᠷᠤᠬ᠎ᠤᠨ ᠮᠡᠷᠭᠡᠵᠢᠯ᠎ᠤᠨ ᠬᠤᠭᠤᠰᠤᠨ᠎ᠢ ᠨᠥᠬᠦᠪᠦᠷᠢᠯᠡᠵᠦ᠍᠂ ᠬᠤᠨᠢᠨ ᠠᠷᠠᠰᠤᠨ ᠤᠷ᠎ᠠ ᠮᠡᠷᠭᠡᠵᠢᠯ᠎ᠢ ᠤᠯᠠᠮᠵᠢᠯᠠᠯᠲᠤ᠌ ᠤᠷᠠᠨ ᠵᠢᠷᠤᠭ᠎ᠡᠴᠡ ᠳᠡᠭᠡᠳᠦ ᠲᠠᠰ᠎ᠤᠨ ᠰᠣᠶᠤᠯ᠎ᠤᠨ ᠪᠦᠳᠦᠭᠡᠯᠴᠢ ᠦᠢᠯᠡᠳᠬᠦᠨ ᠪᠣᠯᠭᠠᠨ ᠲᠠᠰ ᠲᠡᠪᠰᠢᠬᠦᠯᠪᠡ᠃ ᠲᠠᠯ᠎ᠠ ᠨᠤᠲᠤᠭ᠎ᠤᠨ ᠲᠣᠲᠧᠮ᠎ᠦᠨ ᠭᠤᠤᠯ ᠰᠡᠳᠦᠪᠲᠦ᠍ ᠰᠢᠷᠢᠰ ᠢᠯᠬᠢᠨ ᠵᠢᠷᠤᠭ᠎ᠤᠨ ᠪᠡᠯᠡᠭ ᠨᠢ ᠦᠨᠳᠦᠰᠦᠲᠡᠨ᠎ᠤ ᠰᠣᠶᠤᠯ᠎ᠢ ᠠᠪᠴᠤ᠌ ᠶᠠᠪᠤᠬᠤ ᠳ᠋ᠤ ᠲᠦᠬᠦᠮ ᠰᠣᠶᠤᠯ᠎ᠤᠨ ᠪᠦᠲᠦᠭᠡᠯᠴᠢ ᠦᠢᠯᠡᠳᠬᠦᠨ ᠪᠣᠯᠭᠠᠨ ᠬᠤᠪᠢᠷᠠᠭᠤᠯᠵᠤ᠂ ᠡᠷᠲᠡᠨ᠎ᠤ ᠤᠷ᠎ᠠ ᠮᠡᠷᠭᠡᠵᠢᠯ᠎ᠢ ᠦᠨᠡᠨ᠎ᠬᠦ᠌ ᠣᠲᠤ᠌ ᠦᠶ᠎ᠡ᠎ᠶ᠋ᠢᠨ ᠠᠮᠢᠳᠤᠷᠠᠯ᠎ᠳᠤ ᠠᠭᠤᠰᠬᠠᠪᠠ᠃

ᠤᠷ᠎ᠠ ᠮᠡᠷᠭᠡᠵᠢᠯ᠎ᠢ ᠰᠢᠮᠳᠠᠨ ᠰᠤᠳᠤᠯᠬᠤ᠎ᠡᠴᠡ ᠭᠠᠳᠠᠨ᠎ᠠ ᠵᠶ᠋ᠢ ᠶᠢᠩ ᠪᠠᠰᠠ ᠡᠨᠡ᠎ᠬᠦ᠌ ᠪᠣᠳᠠᠰ᠎ᠤᠨ ᠪᠤᠰᠤ ᠰᠣᠶᠤᠯ᠎ᠤᠨ ᠥᠪ᠎ᠢᠶᠡᠷ ᠬᠡᠷᠬᠢᠨ ᠨᠡᠩ ᠤᠯᠠᠨ ᠬᠥᠮᠦᠨ᠎ᠳᠦ  ᠠᠰᠢᠭ ᠬᠦᠷᠲᠡᠭᠡᠬᠦ᠎ᠶ᠋ᠢ ᠢᠮᠠᠭᠲᠠ ᠪᠣᠳᠤᠯᠬᠢᠯᠠᠳᠠᠭ ᠪᠠᠢᠯ᠎ᠠ᠃ ᠲᠡᠷᠡ ᠪᠡᠷ᠂ ᠵᠶ᠋ᠢ ᠣᠪᠤᠭᠲᠤ᠎ᠶ᠋ᠢᠨ ᠢᠯᠬᠢᠨ ᠵᠢᠷᠤᠭ᠎ᠤᠨ ᠲᠥᠷᠦᠯ ᠵᠦᠢᠯ᠎ᠳ᠋ᠤ ᠲᠦᠰᠢᠭᠯᠡᠨ ᠭᠠᠷ ᠤᠷᠠᠯᠠᠯ᠎ᠤᠨ ᠤᠷ᠎ᠠ ᠮᠡᠷᠭᠡᠵᠢᠯ᠎ᠢ ᠤᠯᠠᠮᠵᠢᠯᠠᠨ ᠵᠢᠭᠠᠵᠤ᠂ ᠲᠤᠬᠠᠢ ᠵᠢᠨ ᠭᠠᠵᠠᠷ᠎ᠤᠨ ᠮᠠᠰᠢ ᠣᠯᠠᠨ ᠡᠮᠡᠭᠳᠡᠢᠴᠤᠳ᠎ᠢ ᠳᠠᠢᠴᠢᠯᠠᠨ ᠣᠷᠤᠯᠭ᠎ᠠ᠎ᠶ᠋ᠢ᠎ᠨᠢ ᠨᠡᠮᠡᠭᠳᠡᠭᠦᠯᠦᠨ᠂ 《ᠬᠤᠷᠤᠭᠤᠨ ᠦᠵᠦᠭᠦᠷ᠎ᠤᠨ ᠤᠷ᠎ᠠ ᠮᠡᠷᠭᠡᠵᠢᠯ》 ᠢ᠋ ᠦᠨᠡᠨ ᠬᠦ᠌ 《ᠬᠤᠷᠤᠭᠤᠨ ᠦᠵᠦᠭᠦᠷ᠎ᠤᠨ ᠠᠵᠤ ᠠᠬᠤᠢ》 ᠪᠣᠯᠭᠠᠨ ᠬᠤᠪᠢᠷᠠᠭᠤᠯᠵᠠᠢ᠃ 2026 ᠣᠨ᠎ᠳᠤ᠂ ᠵᠶ᠋ᠢ ᠶᠢᠩ᠎ᠤᠨ ᠠᠵᠢᠯᠯᠠᠬᠤ ᠦᠷᠦᠭᠡ ᠨᠢ ᠥᠪᠦᠷ ᠮᠣᠩᠭᠤᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠎ᠶ᠋ᠢᠨ ᠦᠢᠯᠡᠳᠦᠯᠭᠡ᠎ᠶ᠋ᠢᠨ ᠰᠠᠭᠤᠷᠢᠨ᠎ᠤ ᠫᠠᠶ᠋ᠢᠰᠠ ᠵᠢ ᠡᠯᠭᠦᠨ᠂ ᠰᠢᠰᠲᠧᠮᠳᠤ ᠬᠢᠴᠢᠶᠡᠯ᠎ᠢᠶᠠᠷ ᠲᠤᠰᠭᠠᠢ ᠮᠡᠷᠭᠡᠵᠢᠯ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠵᠦ᠍᠂ ᠡᠷᠲᠡᠨ᠎ᠦ ᠢᠯᠬᠢᠨ ᠵᠢᠷᠤᠭ᠎ᠤᠨ ᠤᠷ᠎ᠠ ᠮᠡᠷᠭᠡᠵᠢᠯ᠎ᠤᠨ ᠤᠳᠤ ᠦᠶ᠎ᠡ ᠵᠢᠨ ᠴᠢᠳᠠᠪᠤᠷᠢᠲᠠᠨ᠎ᠤ ᠱᠠᠲᠤᠯᠢᠭ  ᠡᠩᠨᠡᠭᠡ ᠵᠢ  ᠪᠠᠶ᠋ᠢᠭᠤᠯᠵᠤ ᠪᠤᠢ᠃

ᠣᠯᠠᠨ ᠵᠢᠯ᠎ᠦᠨ ᠲᠤᠷᠰᠢ᠂ ᠵᠶ᠋ᠢ ᠣᠪᠤᠭᠲᠤ᠎ᠶ᠋ᠢᠨ ᠢᠯᠬᠢᠨ ᠵᠢᠷᠤᠭ᠎ᠤᠨ ᠤᠷᠠᠯᠢᠭ᠎ᠤᠨ ᠦᠨ᠎ᠡ ᠥᠷᠲᠡᠭ᠎ᠨᠢ ᠥᠷᠭᠡᠨ᠎ᠢᠶᠡᠷ ᠮᠡᠳᠡᠷᠡᠭᠳᠡᠵᠦ᠍᠂ ᠣᠯᠠᠨ ᠪᠦᠲᠦᠭᠡᠯ᠎ᠨᠢ ᠤᠯᠤᠰ᠎ᠤᠨ ᠳᠣᠲᠤᠭᠠᠳᠤ ᠭᠠᠳᠠᠭᠠᠳᠤ᠎ᠶ᠋ᠢᠨ ᠨᠠᠷᠠᠲᠤ᠌ ᠦᠵᠡᠭᠦᠯᠭᠡ᠎ᠶ᠋ᠢᠨ ᠣᠷᠳᠤᠨ᠎ᠳᠤ ᠬᠠᠳᠠᠭᠠᠯᠠᠭᠳᠠᠵᠤ᠂ ᠤᠷᠢᠳ ᠬᠤᠵᠢᠳ ᠤᠯᠤᠰ᠎ᠤᠨ ᠭᠠᠳᠠᠭᠠᠳᠤ ᠶᠠᠪᠤᠳᠠᠯ᠎ᠤᠨ ᠪᠡᠯᠡᠭ᠂ 《ᠥᠪᠦᠷ ᠮᠣᠩᠭᠤᠯ᠎ᠤᠨ ᠪᠡᠯᠡᠭ》᠂ 《ᠥᠪᠦᠷ ᠮᠣᠩᠭᠤᠯ᠎ᠤᠨ ᠪᠣᠳᠠᠰ᠎ᠤᠨ ᠪᠤᠰᠤ ᠰᠠᠢᠨ ᠡᠳ᠋》 ᠵᠢᠡᠷ ᠦᠨᠡᠯᠡᠭᠳᠡᠵᠦ᠍᠂ ᠥᠪᠡᠷᠲᠡᠭᠡᠨ ᠵᠠᠰᠠᠬᠤ ᠣᠷᠤᠨ᠎ᠤ ᠤᠯᠠᠮᠵᠢᠯᠠᠯᠲᠤ᠌ ᠭᠠᠷ ᠤᠷᠠᠯᠠᠯ᠎ᠢ ᠬᠥᠭᠵᠢᠭᠦᠯᠦᠨ ᠮᠠᠨᠳᠤᠭᠤᠯᠬᠤ ᠲᠥᠷᠦᠯ ᠵᠦᠢᠯ ᠳ᠋ᠦ ᠵᠢᠬᠰᠠᠭᠠᠭᠳᠠᠪᠠ; ᠡᠨᠡ ᠵᠢᠯ᠎ᠤᠨ ᠬᠤᠷᠢᠨ ᠬᠤᠶᠠᠳᠤᠭᠠᠷ ᠬᠤᠭᠤᠴᠠᠭᠠᠨ᠎ᠤ ᠱᠧᠨᠵᠧᠨ᠎ᠤ ᠰᠣᠶᠤᠯ᠎ᠤᠨ ᠦᠵᠡᠰᠬᠦᠯᠡᠩ ᠲᠡᠭᠡᠷ᠎ᠡ ᠪᠠᠰᠠ 《2026 ᠤᠨ᠎ᠤ ᠰᠣᠶᠤᠯ᠎ᠤᠨ ᠦᠵᠡᠰᠬᠦᠯᠡᠩ·ᠬᠤᠳᠠ᠎ᠶ᠋ᠢᠨ ᠪᠡᠯᠡᠭ》 ᠵᠢᠡᠷ ᠰᠣᠩᠭᠤᠭᠳᠠᠵᠤ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠭᠠᠷ ᠤᠷᠠᠯᠠᠯ᠎ᠤᠨ ᠰᠢᠯᠢᠳᠡᠭ ᠲᠦᠷᠦᠯ ᠵᠦᠢᠯ᠎ᠤᠨ ᠭᠤᠸᠠᠩᠳᠦ᠋ᠩ ᠰᠢᠶᠠᠩᠭᠠᠩ ᠣᠣᠮᠧᠨ᠎ᠤ ᠶᠡᠭᠡ ᠪᠤᠯᠤᠩ᠎ᠤᠨ ᠣᠷᠤᠨ᠎ᠤ ᠬᠠᠮᠲᠤᠷᠠᠭᠰᠠᠨ ᠦᠵᠡᠭᠦᠯᠭᠡ᠎ᠳᠤ ᠣᠷᠤᠯᠴᠠᠵᠤ᠂ ᠨᠠᠷᠢᠯᠢᠭ ᠤᠷ᠎ᠠ ᠮᠡᠷᠭᠡᠵᠢᠯ᠎ᠢᠶᠠᠷ ᠵᠢᠡᠨ ᠲᠤᠬᠠᠢ᠎ᠶ᠋ᠢᠨ ᠲᠠᠯᠠᠪᠤᠷ᠎ᠤᠨ ᠰᠠᠶ᠋ᠢᠨ ᠦᠨᠡᠯᠡᠯᠲᠡ ᠵᠢ ᠤᠯᠵᠠᠢ᠃

ᠨᠢᠭᠡᠨ ᠤᠭᠰᠠᠭ᠎ᠠ ᠲᠦᠷᠦᠯ᠎ᠤᠨ ᠭᠠᠷ ᠤᠷᠠᠯᠠᠯ᠎ᠡᠴᠡ ᠪᠥᠬᠦ᠌ ᠤᠯᠤᠰ᠂ ᠪᠦᠬᠦ ᠳᠡᠯᠡᠬᠡᠢ᠎ᠳᠦ ᠨᠦᠯᠦᠭᠡ ᠶᠡᠭᠡᠲᠠᠢ ᠰᠤᠶᠤᠯ᠎ᠤᠨ ᠨᠡᠷ᠎ᠡ ᠵᠢᠨ ᠬᠠᠭᠤᠳᠠᠰᠤ ᠪᠤᠯᠤᠭᠰᠠᠨ ᠬᠦᠷᠲᠡᠯ᠎ᠡ᠂ ᠵᠢᠢ ᠶᠢᠩ ᠡᠭᠡ ᠤᠯᠤᠰ᠎ᠤᠨ ᠤᠮᠠᠷᠠᠳᠤ ᠬᠢᠯᠢ ᠳ᠋ᠦ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠭᠴᠢ ᠵᠢᠨ ᠰᠡᠳᠬᠢᠯ ᠬᠥᠳᠡᠯᠭᠡᠮ᠎ᠡ ᠦᠯᠢᠭᠡᠷ᠎ᠢ ᠪᠢᠴᠢᠭᠯᠡᠨ᠎ᠡ᠂ ᠲᠣᠷᠭᠠᠨ ᠵᠠᠮ ᠲᠠᠭᠠᠤ ᠤᠯᠠᠮᠵᠢᠯᠠᠭᠳᠠᠨ ᠬᠦᠭᠵᠢᠭᠰᠡᠨ ᠮᠢᠩᠭᠠᠨ ᠤᠨ᠎ᠤ ᠡᠷᠳᠡᠨ᠎ᠤ ᠤᠷ᠎ᠠ ᠮᠡᠷᠭᠡᠵᠢᠯ ᠲᠡᠭᠦᠨ᠎ᠦ ᠬᠤᠷᠤᠭᠤᠨ ᠦᠵᠦᠭᠦᠷ ᠵᠢᠡᠷ ᠲᠠᠮᠵᠢᠨ ᠨᠡᠩ ᠥᠷᠭᠡᠨ ᠠᠭᠤᠳᠠᠮ ᠢᠷᠡᠭᠡᠳᠦᠢ ᠵᠢ ᠵᠤᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号