ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭᠠᠬᠤ ᠲᠤᠰᠬᠠᠢ ᠲᠡᠮᠡᠴᠡᠯ᠎ᠢ ᠬᠦᠨᠵᠡᠬᠡᠢᠷᠡᠬᠦᠯᠬᠦ ᠠᠵᠢᠯ᠎ᠢ ᠪᠠᠢᠷᠢᠯᠠᠭᠤᠯᠵᠠᠢ
2026-08-18 10:10:58
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠵᠢᠨ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭᠠᠬᠤ ᠲᠤᠰᠬᠠᠢ ᠲᠡᠮᠡᠴᠡᠯ᠎ᠢ ᠬᠦᠨᠵᠡᠬᠡᠢᠷᠡᠬᠦᠯᠬᠦ ᠪᠠᠢᠷᠢᠯᠠᠭᠤᠯᠤᠯᠳᠠ ᠵᠢᠨ ᠬᠤᠷᠠᠯ ᠬᠤᠷᠠᠯᠳᠤᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠎ᠢ ᠠᠷᠢᠯᠭᠠᠬᠤ ᠲᠤᠰᠬᠠᠢ ᠲᠡᠮᠡᠴᠡᠯ᠎ᠢ ᠬᠦᠨᠵᠡᠬᠡᠢᠷᠡᠬᠦᠯᠬᠦ ᠲᠤᠬᠠᠢ ᠨᠠᠮ ᠤ᠋ᠨ ᠲᠦᠪ ᠬᠤᠷᠢᠶ᠎ᠠ᠂ ᠲᠦᠷᠦ ᠵᠢᠨ ᠶᠠᠪᠤᠳᠠᠯ ᠤ᠋ᠨ ᠬᠤᠷᠢᠶ᠎ᠠ ᠵᠢᠨ ᠪᠠᠢᠷᠢᠯᠠᠭᠤᠯᠤᠯᠳᠠ ᠲᠤᠬᠢᠷᠠᠭᠤᠯᠤᠯᠳᠠ ᠵᠢᠴᠢ ᠠᠷᠠᠳ ᠤ᠋ᠨ ᠲᠡᠭᠡᠳᠦ ᠪᠠᠢᠴᠠᠭᠠᠬᠤ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ ᠱᠠᠭᠠᠷᠳᠠᠯᠭ᠎ᠠ ᠵᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠵᠢᠨ ᠬᠠᠷ᠎ᠠ ᠪᠦᠯᠦᠭᠳᠡᠨ ᠬᠠᠷᠬᠢᠰ ᠬᠦᠴᠦᠨ ᠎ᠢ ᠠᠷᠢᠯᠭᠠᠬᠤ ᠲᠤᠰᠬᠠᠢ ᠲᠡᠮᠡᠴᠡᠯ᠎ᠢ ᠬᠦᠨᠵᠡᠬᠡᠢᠷᠡᠬᠦᠯᠬᠦ ᠠᠵᠢᠯ ᠳ᠋ᠸ᠋ ᠪᠤᠳᠠᠳᠠᠢ ᠲᠤᠬᠢᠷᠠᠭᠤᠯᠤᠯᠳᠠ ᠬᠢᠵᠡᠢ᠃

ᠬᠤᠷᠠᠯ ᠡᠴᠨ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠤᠯᠤᠰ ᠲᠦᠷᠦ ᠵᠢᠨ ᠵᠤᠬᠰᠤᠴᠠ ᠪᠡᠨ ᠤᠯᠠᠮ ᠨᠢᠬᠡ ᠠᠯᠬᠤᠮ ᠲᠡᠭᠡᠭᠰᠢᠯᠡᠬᠦᠯᠦᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠡᠨ ᠨᠠᠮ ᠤ᠋ᠨ ᠲᠦᠪ ᠬᠤᠷᠢᠶ᠎ᠠ᠂ ᠠᠷᠠᠳ ᠤ᠋ᠨ ᠲᠡᠭᠡᠳᠦ ᠪᠠᠢᠴᠠᠭᠠᠬᠤ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ ᠪᠠᠢᠷᠢᠯᠠᠭᠤᠯᠤᠯᠳᠠ ᠱᠠᠭᠠᠷᠳᠠᠯᠭ᠎ᠠ ᠲᠠᠢ ᠨᠢᠬᠡᠳᠬᠡᠨ᠂ ᠬᠠᠤᠯᠢ ᠴᠠᠭᠠᠵᠠ ᠵᠢᠨ ᠬᠢᠨᠠᠯᠳᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠡᠨ ᠦᠨᠡᠨ ᠬᠦ᠌ ᠰᠠᠢᠳᠤᠷ ᠬᠦᠢᠴᠡᠳᠬᠡᠨ᠂ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭᠠᠬᠤ ᠬᠠᠤᠯᠢᠵᠢᠬᠰᠠᠨ᠂ ᠵᠢᠷᠤᠮᠵᠢᠭᠰᠠᠨ᠂ ᠲᠤᠰᠬᠠᠢᠵᠢᠬᠰᠠᠨ ᠲᠦᠪᠰᠢᠨ᠎ᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠨᠡᠩ ᠦᠨᠳᠦᠷ ᠲᠦᠪᠰᠢᠨ ᠪᠦᠬᠦᠢ ᠠᠮᠤᠭᠤᠯᠠᠩᠳᠤ ᠦᠪᠦᠷ ᠮᠤᠩᠭᠤᠯ᠂ ᠬᠠᠤᠯᠢ ᠪᠡᠷ ᠵᠠᠰᠠᠬᠤ ᠦᠪᠦᠷ ᠮᠤᠩᠭᠤᠯ᠎ᠢ ᠪᠦᠳᠦᠬᠡᠨ ᠪᠠᠢᠭᠤᠯᠬᠤ ᠵᠢ ᠠᠬᠢᠭᠤᠯᠬᠤ ᠬᠡᠷᠡᠭᠳᠡᠢ ᠬᠡᠵᠦ ᠵᠢᠭᠠᠨ ᠭᠠᠷᠭᠠᠵᠠᠢ᠃

ᠬᠤᠷᠠᠯ ᠡᠴᠨ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭᠠᠬᠤ ᠲᠤᠰᠬᠠᠢ ᠲᠡᠮᠡᠴᠡᠯ᠎ᠢ ᠬᠦᠨᠵᠡᠬᠡᠢᠷᠡᠬᠦᠯᠦᠨ᠂ ᠡᠯ᠎ᠡ ᠲᠦᠷᠦᠯ ᠤ᠋ᠨ ᠬᠠᠤᠯᠢ ᠡᠴᠨ ᠵᠦᠷᠢᠴᠡᠭᠰᠡᠨ ᠶᠠᠯᠠᠳᠤ ᠠᠵᠢᠯᠯᠠᠭ᠎ᠠ ᠳ᠋ᠸ᠋ ᠴᠢᠩᠭ᠎ᠠ ᠴᠤᠬᠢᠯᠳᠠ ᠦᠭᠬᠦ ᠪᠠᠢᠳᠠᠯ ᠵᠢᠡᠨ ᠦᠷᠬᠦᠯᠵᠢᠯᠡᠨ ᠪᠠᠳᠤᠯᠠᠬᠤ ᠬᠡᠷᠡᠭᠳᠡᠢ᠃ ᠬᠡᠷᠡᠭ ᠰᠢᠢᠳᠪᠦᠷᠢᠯᠡᠬᠦ ᠶᠠᠰᠦ ᠴᠢᠨᠠᠷ ᠎ᠢ ᠰᠠᠢᠵᠢᠷᠠᠭᠤᠯᠤᠨ ᠦᠷ᠎ᠡ ᠪᠦᠳᠦᠮᠵᠢ ᠵᠢ ᠲᠡᠭᠡᠭᠰᠢᠯᠡᠬᠦᠯᠵᠦ᠂ ᠬᠡᠷᠡᠭ ᠪᠤᠯᠭᠠᠨ ᠤ᠋ ᠬᠠᠤᠯᠢ ᠴᠠᠭᠠᠵᠠ ᠪᠠ ᠲᠡᠦᠬᠡ ᠵᠢᠨ ᠰᠢᠯᠭᠠᠯᠳᠠ ᠵᠢ ᠲᠠᠭᠠᠭᠠᠵᠤ ᠴᠢᠳᠠᠬᠤ ᠵᠢ ᠪᠠᠳᠤᠯᠠᠬᠤ ᠬᠡᠷᠡᠭᠳᠡᠢ᠃ 《ᠬᠠᠮᠠᠭᠠᠯᠠᠯᠳᠠ ᠵᠢᠨ ᠰᠢᠬᠦᠷ ᠲᠦ᠍ ᠴᠤᠬᠢᠯᠳᠠ ᠦᠭᠴᠦ ᠬᠠᠷᠢᠴᠠᠭᠠᠨ ᠤ᠋ ᠲᠤᠤᠷ᠎ᠢ ᠡᠪᠳᠡᠬᠦ》 ᠵᠢ ᠨᠢᠬᠡ ᠴᠤᠬᠴᠠᠵᠢᠭᠤᠯᠤᠨ ᠠᠬᠢᠭᠤᠯᠵᠦ᠂ 《ᠬᠠᠷ᠎ᠠ ᠪᠦᠯᠦᠭᠳᠡᠨ ᠬᠠᠷᠬᠢᠰ ᠬᠦᠴᠦᠨ ᠤ᠋ ᠠᠵᠤ ᠠᠬᠤᠢ ᠵᠢᠨ ᠢᠷᠡᠯᠳᠡ ᠳ᠋ᠸ᠋ ᠴᠤᠬᠢᠯᠳᠠ ᠦᠭᠴᠦ᠂ ᠪᠡᠯᠡ ᠮᠦᠩᠬᠦᠨ ᠤ᠋ ᠬᠡᠯᠬᠢᠶ᠎ᠡ ᠵᠢ ᠨᠢ ᠲᠠᠰᠤᠯᠬᠤ》 ᠵᠢ ᠬᠠᠮᠵᠢᠯᠴᠠᠭᠤᠯᠤᠨ ᠠᠬᠢᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ ᠬᠦᠮᠦᠨ ᠵᠡᠷᠬᠡ ᠵᠢ ᠰᠡᠷᠬᠡᠢᠯᠡᠨ ᠴᠡᠭᠴᠡᠯᠡᠨ ᠵᠠᠰᠠᠬᠤ ᠵᠢ ᠠᠬᠢᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠤ᠋ ᠶᠠᠯᠠᠳᠤ ᠠᠵᠢᠯᠯᠠᠭ᠎ᠠ ᠵᠢᠨ ᠪᠤᠢ ᠪᠤᠯᠬᠤ ᠬᠦᠷᠦᠰᠦ ᠰᠢᠷᠤᠢ ᠵᠢ ᠬᠦᠴᠦᠯᠡᠨ ᠠᠷᠢᠯᠭᠠᠬᠤ ᠬᠡᠷᠡᠭᠳᠡᠢ ᠬᠡᠵᠦ ᠴᠢᠬᠤᠯᠠᠴᠢᠯᠠᠵᠠᠢ᠃  

ᠬᠤᠷᠠᠯ ᠡᠴᠨ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠡᠷᠡᠰ ᠭᠤᠢᠪᠢᠰᠢ ᠦᠬᠡᠢ ᠪᠡᠷ ᠬᠠᠤᠯᠢ ᠶᠤᠰᠤᠭᠠᠷ ᠴᠢᠩᠭ᠎ᠠ ᠰᠢᠢᠳᠬᠡᠬᠦ ᠴᠢᠭᠯᠡᠯᠳᠡ ᠵᠢ ᠪᠠᠷᠢᠮᠳᠠᠯᠠᠨ᠂ ᠤᠯᠠᠮᠵᠢᠯᠠᠯᠳᠤ ᠬᠠᠷ᠎ᠠ ᠪᠦᠯᠦᠭᠳᠡᠨ ᠬᠠᠷᠬᠢᠰ ᠬᠦᠴᠦᠨ ᠳ᠋ᠸ᠋ ᠬᠠᠤᠯᠢ ᠶᠤᠰᠤᠭᠠᠷ ᠴᠢᠩᠭ᠎ᠠ ᠴᠤᠬᠢᠯᠳᠠ ᠦᠭᠬᠦ ᠵᠢᠨ ᠰᠠᠭᠤᠷᠢᠨ ᠲᠡᠭᠡᠷ᠎ᠡ᠂ ᠰᠦᠯᠵᠢᠶᠡᠨ ᠤ᠋ ᠲᠠᠪᠴᠠᠩ ᠪᠠ 《ᠵᠦᠬᠡᠯᠡᠨ ᠬᠦᠴᠦᠷᠭᠡᠭᠯᠡᠯ》 ᠤ᠋ᠨ ᠠᠷᠭ᠎ᠠ ᠪᠠᠷᠢᠯ ᠎ᠢ ᠠᠰᠢᠬᠯᠠᠨ ᠵᠤᠬᠢᠶᠠᠨ ᠪᠠᠢᠭᠤᠯᠤᠯᠳᠠ ᠲᠠᠢ ᠪᠡᠷ ᠶᠠᠪᠤᠬᠳᠠᠭᠤᠯᠤᠬᠰᠠᠨ ᠬᠠᠷ᠎ᠠ ᠪᠦᠯᠦᠭᠳᠡᠨ ᠬᠠᠷᠬᠢᠰ ᠬᠦᠴᠦᠨ ᠤ᠋ ᠰᠢᠨ᠎ᠡ ᠬᠡᠯᠪᠡᠷᠢ ᠵᠢᠨ ᠶᠠᠯᠠᠳᠤ ᠠᠵᠢᠯᠯᠠᠭ᠎ᠠ ᠳ᠋ᠸ᠋ ᠭᠤᠤᠯᠳᠠᠯᠭ᠎ᠠ ᠲᠠᠢ ᠴᠤᠬᠢᠯᠳᠠ ᠦᠭᠴᠦ᠂ ᠴᠢᠨᠠᠷ  ᠰᠠᠢᠳᠠᠢ ᠦᠨᠳᠦᠷ ᠪᠦᠳᠦᠮᠵᠢᠳᠡᠢ ᠪᠡᠷ ᠬᠡᠷᠡᠭ ᠪᠤᠯᠭᠠᠨ᠎ᠢ ᠰᠠᠢᠳᠤᠷ ᠰᠢᠢᠳᠪᠦᠷᠢᠯᠡᠬᠦ ᠬᠡᠷᠡᠭᠳᠡᠢ᠃ ᠠᠵᠢᠯ ᠵᠢᠡᠨ ᠬᠤᠪᠢᠶᠠᠷᠢᠯᠠᠨ ᠬᠠᠮᠵᠢᠯᠴᠠᠬᠤ ᠵᠢ ᠴᠢᠩᠭᠠᠳᠬᠠᠨ᠂ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭᠠᠬᠤ ᠠᠵᠢᠯ ᠤ᠋ᠨ ᠲᠤᠬᠳᠠᠴᠠ ᠵᠢ ᠰᠠᠢᠳᠤᠷ ᠨᠠᠢᠳᠠᠪᠤᠷᠢᠵᠢᠭᠤᠯᠤᠨ᠂ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭᠠᠬᠤ ᠲᠤᠰᠬᠠᠢ ᠲᠡᠮᠡᠴᠡᠯ᠎ᠢ ᠬᠦᠨᠵᠡᠬᠡᠢᠷᠡᠬᠦᠯᠬᠦ ᠠᠵᠢᠯ ᠤ᠋ᠨ 《ᠭᠤᠷᠪᠠᠨ ᠪᠦᠳᠦᠮᠵᠢ》 ᠵᠢᠨ ᠤᠷᠭᠠᠨᠢᠬ ᠨᠢᠬᠡᠳᠦᠯ ᠲᠠᠢ ᠪᠠᠢᠬᠤ ᠵᠢ ᠪᠠᠳᠤᠯᠠᠬᠤ ᠬᠡᠷᠡᠭᠳᠡᠢ ᠬᠡᠵᠦ ᠱᠠᠭᠠᠷᠳᠠᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号