1 ᠳ᠋ᠦᠩᠰᠢᠭᠤᠷ ᠲᠣᠨ᠎ᠤ ᠪᠣᠭᠣᠮᠲᠠ᠎ᠶᠢ ᠳᠠᠪᠠᠪᠠ
2026-08-18 10:25:03
ᠵᠣᠬᠢᠶᠠᠭ᠍ᠴᠢ᠄
ᠠᠨᠢᠷ ​
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠎ᠤ ᠬᠢᠯᠢ ᠵᠢᠨ ᠪᠣᠭᠣᠮᠲᠠ᠎ᠶᠢᠨ ᠠᠯᠪᠠᠨ ᠭᠡᠷ᠎ᠦᠨ ᠮᠡᠳᠡᠭᠡ ᠎ᠶᠢ ᠦᠨᠳᠦᠰᠦᠯᠡᠪᠡᠯ᠂ 8 ᠰᠠᠷ᠎ᠠ᠎ᠶᠢᠨ 14᠎ᠦ ᠡᠳᠦᠷ ᠪᠣᠯᠲᠠᠯ᠎ᠠ᠂ 2026 ᠣᠨ᠎ᠤ ᠥᠪᠥᠷ ᠮᠣᠩᠭᠣᠯ᠎ᠤᠨ ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠶᠢᠨ ᠬᠢᠯᠢ᠎ᠪᠡᠷ ᠣᠷᠣᠭᠤᠯᠵᠤ ᠭᠠᠷᠭᠠᠭᠰᠠᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 1 ᠳ᠋ᠦᠩᠰᠢᠭᠤᠷ ᠲᠣᠨ᠎ᠤ ᠪᠣᠭᠣᠮᠲᠠ᠎ᠶᠢ ᠳᠠᠪᠠᠵᠤ᠂ ᠳᠡᠭᠡᠷ᠎ᠡ ᠵᠢᠯ᠎ᠦᠨ ᠬᠢ᠎ᠡᠴᠡ ᠨᠢᠭᠡ ᠰᠠᠷ᠎ᠠ ᠤᠷᠢᠳᠴᠢᠯᠠᠨ ᠳ᠋ᠦᠩᠰᠢᠭᠤᠷ ᠲᠣᠨ᠎ᠢ ᠳᠠᠪᠠᠵᠤ᠂ ᠪᠠᠷᠠᠭᠠᠨ ᠎ᠤ ᠲᠡᠭᠡᠭᠡᠪᠦᠷᠢ᠎ᠶᠢᠨ ᠬᠡᠪᠴᠢᠶ᠎ᠡ ᠦᠷᠭᠦᠯᠵᠢᠯᠡᠨ ᠪᠥᠬᠥ ᠤᠯᠤᠰ ᠎ᠤᠨ ᠲᠡᠷᠢᠭᠦᠨ᠎ᠳᠦ ᠣᠷᠣᠵᠤ᠂ ᠤᠯᠤᠰ ᠎ᠤᠨ ᠳᠣᠲᠣᠭᠠᠳᠤ ᠭᠠᠳᠠᠭᠠᠳᠤ᠎ᠶᠢᠨ ᠬᠣᠣᠰ ᠡᠷᠭᠢᠯᠲᠡ ᠎ᠶᠢ ᠰᠠᠭᠠᠳ ᠦᠭᠡᠢ ᠨᠡᠪᠲᠡᠷᠡᠭᠦᠯᠬᠦ ᠎ᠳᠦ ᠪᠠᠲᠤ ᠪᠡᠬᠢ ᠵᠠᠮ ᠱᠤᠭᠤᠮ᠎ᠤᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃

ᠣᠢᠯᠠᠭᠠᠭᠰᠠᠨ᠎ᠢᠶᠠᠷ᠂ ᠡᠨᠡ ᠵᠢᠯ ᠎ᠡᠴᠡ ᠨᠠᠭᠠᠰᠢ ᠥᠪᠥᠷ ᠮᠣᠩᠭᠣᠯ ᠭᠠᠳᠠᠭᠠᠳᠤ ᠠᠷᠠᠯᠵᠢᠶᠠᠨ᠎ᠤ ᠬᠢᠯᠢ ᠵᠢᠨ ᠪᠣᠭᠣᠮᠲᠠ᠎ᠶᠢᠨ ᠠᠵᠢᠯ ᠎ᠢ ᠡᠷᠴᠢᠮᠵᠢᠭᠦᠯᠦᠨ ᠥᠨᠳᠥᠷ ᠪᠦᠲᠦᠮᠵᠢᠲᠡᠶ ᠪᠡᠷ ᠬᠥᠭᠵᠢᠭᠦᠯᠬᠦ ᠭᠤᠷᠪᠠᠨ ᠵᠢᠯ ᠎ᠦᠨ ᠠᠵᠢᠯᠯᠠᠭ᠎ᠠ ᠎ᠶᠢ ᠯᠠᠪᠳᠠᠭᠤᠨ᠎ᠢᠶᠠᠷ ᠠᠬᠢᠭᠤᠯᠵᠤ᠂ ᠪᠣᠭᠣᠮᠲᠠ ᠎ᠪᠠᠷ ᠥᠩᠭᠡᠷᠡᠬᠦ᠎ᠶᠢ ᠳᠥᠭᠥᠮᠴᠢᠯᠡᠬᠦ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠂ ᠪᠥᠬᠥ ᠣᠷᠣᠨ ᠎ᠤ ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠶᠢᠨ ᠠᠵᠢᠯᠯᠠᠭᠠᠨ᠎ᠳᠤ ᠥᠨᠳᠥᠷ ᠨᠡᠮᠡᠭᠳᠡᠯ᠎ᠦᠨ ᠬᠠᠨᠳᠤᠰᠢ ᠢᠯᠡᠷᠡᠵᠡᠢ᠃ ᠬᠥᠬᠡᠬᠣᠲᠠ 2026 ᠣᠨ᠎ᠤ ᠪᠥᠬᠥ ᠤᠯᠤᠰ᠎ᠤᠨ ᠬᠢᠯᠢ ᠠᠯᠤᠰᠯᠠᠭᠰᠠᠨ ᠠᠷᠠᠯᠵᠢᠶ᠎ᠠ᠎ᠶᠢ ᠳᠥᠭᠥᠮᠴᠢᠯᠡᠬᠦ ᠲᠤᠰᠬᠠᠢ ᠠᠵᠢᠯᠯᠠᠭ᠎ᠠ᠎ᠶᠢᠨ ᠲᠤᠷᠰᠢᠯᠲᠠ᠎ᠶᠢᠨ ᠬᠣᠲᠠ᠎ᠪᠡᠷ ᠰᠣᠩᠭᠣᠭᠳᠠᠭᠰᠠᠨ ᠠ᠋ᠴᠠ ᠨᠠᠭᠠᠰᠢ᠂ ᠣᠷᠣᠨ ᠬᠣᠲᠠ ᠬᠣᠯᠪᠤᠭᠠᠯᠠᠨ ᠬᠥᠳᠡᠯᠦᠯᠴᠡᠵᠦ᠂ ᠲᠠᠪᠤᠨ ᠶᠡᠬᠡ ᠬᠥᠭᠵᠢᠯᠲᠡ᠎ᠶᠢᠨ ᠴᠢᠭᠯᠡᠯ᠂ 20 ᠵᠦᠢᠯ ᠎ᠦᠨ ᠭᠣᠣᠯᠳᠠᠯᠭ᠎ᠠ᠎ᠲᠠᠢ ᠥᠭᠡᠷᠡᠴᠢᠯᠡᠯᠲᠡ᠎ᠶᠢᠨ ᠡᠭᠦᠷᠭᠡ ᠎ᠶᠢ ᠲᠣᠳᠣᠷᠬᠠᠢᠯᠠᠭᠰᠠᠨ ᠪᠥᠭᠡᠳ ᠥᠪᠥᠷ ᠮᠣᠩᠭᠣᠯ ᠎ᠤᠨ ᠴᠢᠯᠦᠭᠡᠲᠦ ᠠᠷᠠᠯᠵᠢᠶᠠᠨ ᠎ᠤ ᠲᠤᠷᠰᠢᠯᠲᠠ ᠎ᠶᠢᠨ ᠣᠷᠣᠨ᠎ᠤ ᠮᠠᠨᠵᠤᠤᠷ ᠣᠷᠣᠨ ᠪᠠ ᠡᠷᠢᠶᠡᠨ ᠬᠣᠲᠠ᠎ᠶᠢᠨ ᠣᠷᠣᠨ᠎ᠳᠤ ᠳᠡᠯᠭᠡᠷᠡᠭᠦᠯᠪᠡ᠃ ᠣᠲᠣ᠌ ᠪᠣᠯᠲᠠᠯ᠎ᠠ ᠥᠪᠥᠷ ᠮᠣᠩᠭᠣᠯ ᠬᠢᠯᠢ ᠠᠯᠤᠰᠯᠠᠭᠰᠠᠨ ᠠᠷᠠᠯᠵᠢᠶ᠎ᠠ᠎ᠶᠢᠨ ᠳᠥᠭᠥᠮᠴᠢᠯᠡᠯᠲᠡ᠎ᠶᠢᠨ ᠦᠷ᠎ᠡ ᠪᠦᠲᠦᠮᠵᠢ᠎ᠶᠢ 28 ᠵᠤᠷᠪᠤᠰ ᠣᠯᠣᠭᠰᠠᠨ ᠪᠠᠢᠨ᠎ᠠ᠃ ᠡᠭᠦᠨ᠎ᠦ ᠬᠠᠮᠲᠤ᠂ ᠥᠪᠥᠷ ᠮᠣᠩᠭᠣᠯ ᠣᠶᠤᠨᠴᠢ ᠪᠣᠭᠣᠮᠲᠠ᠎ᠶᠢᠨ ᠪᠦᠲᠦᠭᠡᠨ ᠪᠠᠢᠭᠤᠯᠤᠯᠲᠠ ᠪᠣᠯᠣᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠳᠦᠷᠢᠮ᠎ᠦᠨ ᠰᠢᠨ᠎ᠡ᠎ᠶᠢ ᠡᠭᠦᠳᠬᠦ᠎ᠶᠢ ᠦᠷᠭᠦᠯᠵᠢᠯᠡᠨ ᠭᠦᠨᠵᠡᠭᠡᠢᠷᠡᠭᠦᠯᠵᠦ᠂  ᠥᠪᠡᠰᠦᠪᠡᠨ ᠬᠠᠷᠭᠤᠭᠤᠯᠤᠨ ᠪᠠᠢᠴᠠᠭᠠᠬᠤ ᠪᠦᠷᠬᠦᠴᠡ᠎ᠶᠢᠨ ᠬᠡᠪᠴᠢᠶ᠎ᠡ ᠵᠢ᠎ᠥᠷᠭᠡᠳᠬᠡᠵᠦ᠂ ᠪᠣᠭᠣᠮᠲᠠ᠎ᠪᠠᠷ ᠥᠩᠭᠡᠷᠡᠬᠦ ᠴᠠᠭ᠎ᠢ  ᠶᠡᠬᠡᠪᠡᠷ ᠪᠤᠭᠤᠨᠢᠰᠬᠠᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号