ᠬᠠᠢᠯᠠᠷ ᠎ᠤᠨ ᠨᠢᠰᠬᠡᠯ᠎ᠦᠨ ᠪᠠᠭᠤᠳᠠᠯ ᠎ᠤᠨ ᠠᠶᠠᠨᠴᠢᠳ ᠰᠠᠭᠤᠭᠰᠠᠨ ᠨᠤᠷᠮ᠎ᠠ ᠪᠦᠬᠦ ᠤᠯᠤᠰ ᠎ᠲᠤ ᠲᠦᠷᠦᠭᠦᠯᠡᠪᠡ
2026-08-18 16:25:03
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2026 ᠣᠨ᠎ᠤ 32 ᠳ᠋ᠤᠭᠠᠷ ᠭᠠᠷᠠᠭ᠎ᠤᠨ ᠪᠥᠬᠥ ᠤᠯᠤᠰ᠎ᠤᠨ ᠨᠢᠰᠬᠡᠯ᠎ᠦᠨ ᠪᠠᠭᠤᠳᠠᠯ ᠎ᠤᠨ ᠠᠶᠠᠨᠴᠢᠳ᠎ᠢ ᠣᠷᠣᠭᠤᠯᠵᠤ ᠭᠠᠷᠭᠠᠭᠰᠠᠨ ᠬᠡᠮᠵᠢᠶ᠎ᠡ᠂ ᠡᠭᠡᠯᠵᠢ᠎ᠶᠢᠨ ᠨᠢᠰᠬᠡᠯ᠎ᠦᠨ ᠬᠡᠮᠵᠢᠶ᠎ᠠ ᠵᠢᠨ 60 ᠬᠦᠴᠦᠷᠬᠡᠭ᠎ᠤᠨ ᠨᠡᠷᠡᠰ᠎ᠦᠨ ᠵᠢᠭ᠍ᠰᠠᠭᠠᠯᠲᠠ᠎ᠶᠢᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠬᠥᠯᠥᠨ ᠪᠣᠶ᠋ᠢᠷ᠎ᠤᠨ ᠬᠠᠢᠯᠠᠷ᠎ᠤᠨ ᠨᠢᠰᠬᠡᠯ᠎ᠦᠨ ᠪᠠᠭᠤᠳᠠᠯ ᠪᠥᠬᠥ ᠤᠯᠤᠰ᠎ᠤᠨ ᠨᠢᠰᠬᠡᠯ᠎ᠦᠨ ᠪᠠᠭᠤᠳᠠᠯ᠎ᠤᠨ 60 ᠬᠦᠴᠦᠷᠬᠡᠭ᠎ᠲᠦ ᠠᠮᠵᠢᠯᠲᠠᠲᠠᠢ ᠣᠷᠣᠵᠤ᠂ ᠡᠭᠡᠯᠵᠢ᠎ᠶᠢᠨ ᠨᠢᠰᠬᠡᠯ᠎ᠦᠨ ᠠᠶᠠᠨᠴᠢᠳ ᠰᠠᠭᠤᠭᠰᠠᠨ ᠨᠣᠷᠮ᠎ᠠ 92.3%᠎ᠳᠤ ᠬᠦᠷᠴᠦ᠂ ᠪᠥᠬᠥ ᠤᠯᠤᠰ᠎ᠲᠤ ᠲᠦᠷᠦᠭᠦᠯᠡᠪᠡ᠃

ᠪᠦᠷᠢᠳᠬᠡᠯ᠎ᠢ ᠦᠨᠳᠦᠰᠦᠯᠡᠪᠡᠯ᠂ 8 ᠰᠠᠷ᠎ᠠ᠎ᠶᠢᠨ 9 ᠎ᠦ ᠡᠳᠦᠷ ᠪᠣᠯᠲᠠᠯ᠎ᠠ᠂ ᠬᠥᠯᠥᠨ ᠪᠣᠶ᠋ᠢᠷ᠎ᠤᠨ ᠬᠠᠢᠯᠠᠷ᠎ᠤᠨ ᠣᠯᠠᠨ ᠤᠯᠤᠰ ᠎ᠤᠨ ᠨᠢᠰᠬᠡᠯ ᠎ᠦᠨ ᠪᠠᠭᠤᠳᠠᠯ᠎ᠤᠨ ᠡᠨᠡ ᠵᠢᠯ᠎ᠦᠨ ᠠᠶᠠᠨᠴᠢᠳ ᠣᠷᠣᠭᠤᠯᠵᠤ ᠭᠠᠷᠭᠠᠭᠰᠠᠨ ᠬᠡᠮᠵᠢᠶ᠎ᠡ 200 ᠲᠦᠮᠡᠨ ᠬᠥᠮᠥᠨ ᠤᠳᠠᠭ᠎ᠠ᠎ᠶᠢ ᠳᠠᠪᠠᠵᠤ᠂ ᠵᠦᠭᠡᠭᠡᠪᠦᠷᠢ ᠵᠢᠨ ᠨᠢᠰᠭᠡᠯ᠎ᠤᠨ ᠨᠢᠰᠴᠦ ᠪᠠᠭᠤᠬᠤ ᠎ᠶᠢ ᠨᠡᠢᠳᠡ 1.6 ᠲᠦᠮᠡᠨ ᠤᠳᠠᠭ᠎ᠠ ᠤᠷᠴᠢᠮ ᠪᠠᠲᠤᠯᠠᠵᠤ᠂ ᠪᠠᠷᠠᠭ᠎ᠠ ᠪᠠ ᠰᠢᠤᠳᠠᠨ᠎ᠤ ᠣᠷᠣᠭᠤᠯᠵᠤ ᠭᠠᠷᠭᠠᠭᠰᠠᠨ ᠬᠡᠮᠵᠢᠶ᠎ᠡ 3329.9 ᠲᠣᠨ ᠳ᠋ᠦ ᠬᠦᠷᠴᠤ᠂ ᠭᠤᠷᠪᠠᠨ ᠶᠡᠬᠡ ᠭᠦᠢᠴᠡᠳᠬᠡᠯ ᠲᠣᠭ᠎ᠠ ᠨᠢ ᠠᠳᠠᠯᠢ ᠬᠤᠭᠤᠴᠠᠭᠠᠨ᠎ᠤ ᠬᠢ᠎ᠡᠴᠡ ᠲᠣᠰ ᠲᠤᠰ 4.5%᠂ 6.9% ᠪᠠ 8.0%᠎ᠪᠠᠷ ᠨᠡᠮᠡᠭᠳᠡᠵᠦ᠂ ᠵᠦᠭᠡᠭᠡᠪᠦᠷᠢ᠎ᠶᠢᠨ ᠦᠢᠯᠡᠳᠪᠦᠷᠢᠯᠡᠯ ᠎ᠦᠨ ᠶᠠᠰᠤ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠪᠡ᠃ ᠡᠭᠦᠨ᠎ᠳᠦ᠂ ᠠᠶᠠᠨᠴᠢᠳ᠎ᠢ ᠣᠷᠣᠭᠤᠯᠵᠤ ᠭᠠᠷᠭᠠᠬᠰᠠᠨ ᠬᠡᠮᠵᠢᠶ᠎ᠡ 200 ᠲᠦᠮᠡ᠎ᠶᠢ ᠳᠠᠪᠠᠭᠰᠠᠨ ᠴᠠᠭ ᠨᠢ ᠨᠢᠳᠤᠨᠤᠨ᠎ᠤ ᠬᠢ᠎ᠡᠴᠡ 6 ᠡᠳᠦᠷ ᠤᠷᠢᠳᠴᠢᠯᠠᠵᠤ᠂ ᠣᠷᠣᠨ ᠪᠦᠰᠡ᠎ᠶᠢᠨ ᠠᠭᠠᠷ᠎ᠤᠨ ᠠᠶᠠᠯᠠᠯ᠎ᠤᠨ ᠶᠠᠪᠤᠵᠤ ᠰᠠᠭᠤᠬᠤ ᠬᠡᠷᠡᠭᠴᠡᠭᠡ ᠪᠣᠯᠣᠨ ᠨᠢᠰᠬᠡᠯ᠎ᠦᠨ ᠪᠠᠭᠤᠳᠠᠯ᠎ᠤᠨ ᠠᠵᠢᠯᠯᠠᠭᠠᠨ᠎ᠤ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠭᠰᠡᠨ᠎ᠢ ᠬᠠᠷᠠᠭᠤᠯᠪᠠ᠃

7 ᠰᠠᠷ᠎ᠠ᠎ᠶᠢᠨ ᠵᠤᠨ᠎ᠤ ᠵᠦᠭᠡᠭᠡᠪᠦᠷᠢ ᠵᠢᠨ ᠎ᠬᠤᠭᠤᠴᠠᠭᠠᠨ᠎ᠠᠴᠠ ᠨᠠᠭᠠᠰᠢ᠂ ᠲᠠᠯ᠎ᠠ ᠨᠤᠲᠤᠭ᠎ᠤᠨ ᠵᠤᠰᠠᠯᠠᠩ᠎ᠤᠨ ᠵᠢᠭᠤᠯᠴᠢᠯᠠᠯ ᠤᠷᠬᠢᠯ ᠦᠶ᠎ᠡ ᠵᠢ ᠤᠬᠳᠤᠵᠤ᠂ ᠬᠥᠯᠥᠨ ᠪᠤᠢ᠍ᠢᠷ᠎ᠤᠨ ᠬᠠᠢᠯᠠᠷ᠎ᠤᠨ ᠤᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠡᠳᠦᠷ ᠳᠤᠮᠳᠠᠴᠢ᠎ᠶᠢᠨ ᠠᠶᠠᠨᠴᠢᠳ᠎ᠤᠨ ᠲᠣᠭ᠎ᠠ 2 ᠲᠦᠮᠡᠨ ᠬᠥᠮᠥᠨ ᠤᠳᠠᠭ᠎ᠠ᠎ᠠᠴᠠ ᠳᠡᠭᠡᠭᠰᠢ᠎ᠳᠦ ᠲᠣᠭᠲᠠᠪᠤᠷᠢᠵᠢᠵᠤ᠂ ᠡᠳᠦᠷ ᠳᠤᠮᠳᠠᠴᠢ᠎ᠶᠢᠨ ᠡᠭᠡᠯᠵᠢ᠎ᠶᠢᠨ ᠨᠢᠰᠬᠡᠯ 75 ᠡᠭᠡᠯᠵᠢ ᠣᠷᠴᠢᠮ᠎ᠢ ᠪᠠᠲᠤᠯᠠᠵᠤ᠂ ᠶᠡᠬᠡ ᠬᠡᠮᠵᠢᠶᠡᠨ᠎ᠦ ᠭᠠᠳᠠᠷ ᠣᠷᠣᠨ᠎ᠤ ᠵᠢᠭᠤᠯᠴᠢᠯᠠᠬᠰᠠᠳ ᠬᠥᠯᠥᠨ ᠪᠤᠢ᠍ᠢᠷ ᠎ᠢ ᠵᠤᠷᠢᠵᠤ ᠢᠷᠡᠨ᠂ ᠲᠠᠯ᠎ᠠ ᠨᠤᠲᠤᠭ᠎ᠤᠨ ᠠᠮᠢ ᠠᠬᠤᠢ᠎ᠶᠢᠨ ᠵᠢᠭᠤᠯᠴᠢᠯᠠᠯ᠂ ᠵᠤᠰᠠᠯᠠᠩ᠎ᠤᠨ ᠰᠡᠯᠡᠭᠦᠴᠡᠯ ᠵᠢᠭᠤᠯᠴᠢᠯᠠᠯ ᠵᠡᠷᠭᠡ ᠰᠣᠶᠣᠯ ᠵᠢᠭᠤᠯᠴᠢᠯᠠᠯ ᠎ᠤᠨ ᠪᠦᠲᠦᠭᠡᠭᠳᠡᠬᠦᠨ ᠲᠠᠲᠠᠬᠤ ᠬᠦᠴᠦᠨ᠎ᠢᠶᠡᠨ ᠦᠷᠭᠦᠯᠵᠢᠯᠡᠨ ᠪᠠᠳᠠᠷᠠᠭᠤᠯᠵᠤ᠂ ᠠᠭᠠᠷ ᠎ᠤᠨ ᠠᠶᠠᠯᠠᠯ᠎ᠤᠨ ᠠᠶᠠᠨᠴᠢᠳ᠎ᠤᠨ ᠤᠷᠤᠰᠬᠠᠯ ᠪᠣᠯᠣᠨ ᠰᠣᠶᠣᠯ ᠵᠢᠭᠤᠯᠴᠢᠯᠠᠯ᠎ᠤᠨ ᠬᠡᠷᠡᠭᠯᠡᠭᠡ ᠬᠠᠷᠢᠯᠴᠠᠨ ᠬᠠᠪᠰᠤᠷᠤᠯᠴᠠᠵᠤ᠂ ᠵᠠᠬ᠎ᠠ ᠳᠡᠯᠭᠡᠭᠦᠷ᠎ᠢ ᠬᠣᠣᠰ ᠴᠢᠭᠯᠡᠯ᠎ᠢᠶᠡᠷ ᠲᠠᠢ᠍ᠢᠴᠢᠯᠠᠪᠠ᠃

ᠣᠳᠣᠬᠠᠨ᠎ᠳᠤ᠂ ᠬᠥᠯᠥᠨ ᠪᠣᠶ᠋ᠢᠷ ᠎ᠤᠨ ᠬᠠᠢᠯᠠᠷ ᠎ᠤᠨ ᠣᠯᠠᠨ ᠤᠯᠤᠰ᠎ᠤᠨ ᠨᠢᠰᠬᠡᠯ᠎ᠦᠨ ᠪᠠᠭᠤᠳᠠᠯ ᠨᠢᠭᠡᠨᠲᠡ ᠬᠠᠢᠯᠠᠷ᠎ᠠᠴᠠ ᠰᠢᠶᠠᠩᠭᠠᠩ ᠬᠦᠷᠬᠦ᠂ ᠬᠠᠢᠯᠠᠷ᠎ᠠᠴᠠ ᠺᠣᠷᠢᠶᠠ᠎ᠶᠢᠨ ᠰᠸᠦᠯ ᠬᠦᠷᠬᠦ ᠵᠡᠷᠭᠡ ᠠᠭᠠᠷ᠎ᠤᠨ ᠠᠶᠠᠯᠠᠯ᠎ᠤᠨ ᠱᠤᠭᠤᠮ᠎ᠢ ᠨᠠᠪᠲᠠᠷᠡᠭᠦᠯᠵᠦ᠂ ᠬᠢᠯᠢ ᠠᠯᠤᠰᠯᠠᠭᠰᠠᠨ ᠠᠭᠠᠷ᠎ᠤᠨ ᠠᠶᠠᠯᠠᠯ᠎ᠤᠨ ᠰᠣᠩᠭᠣᠯᠲᠠ᠎ᠵᠢ ᠤᠯᠠᠮ ᠨᠢᠭᠡ ᠠᠯᠬᠤᠮ ᠪᠠᠶᠠᠯᠢᠭ᠍ᠵᠢᠭᠤᠯᠵᠤ᠂ ᠬᠥᠯᠥᠨ ᠪᠣᠶ᠋ᠢᠷ ᠬᠣᠲᠠ᠎ᠶᠢᠨ ᠰᠣᠶᠣᠯ ᠵᠢᠭᠤᠯᠴᠢᠯᠠᠯ᠎ᠤᠨ ᠬᠠᠷᠢᠯᠴᠠᠨ ᠦᠢᠯᠡᠳᠦᠯᠴᠡᠬᠦ᠂ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ᠎ᠳᠤ ᠲᠥᠬᠥᠮ ᠬᠥᠭᠥᠷᠭᠡ ᠲᠠᠯᠪᠢᠵᠤ᠂ ᠠᠭᠠᠷ᠎ᠤᠨ ᠠᠶᠠᠯᠠᠯ ᠵᠢᠭᠤᠯᠴᠢᠯᠠᠯ᠎ᠤᠨ ᠠᠭᠤᠰᠤᠯᠴᠠᠯ ᠬᠢᠭᠡᠳ ᠭᠠᠳᠠᠬᠰᠢ ᠨᠡᠭᠡᠭᠡᠨ ᠬᠥᠭᠵᠢᠭᠦᠯᠬᠦ᠎ᠳᠦ ᠦᠷᠭᠦᠯᠵᠢᠯᠡᠨ ᠬᠦᠴᠦᠨ ᠨᠡᠮᠡᠷᠢᠯᠡᠵᠦ ᠪᠠᠢᠨ᠎ᠠ᠃

ᠢᠷᠡᠯᠲᠡ᠄ ᠬᠦᠯᠦᠨ ᠪᠤᠢᠷ᠎ᠤᠨ ᠰᠤᠨᠢᠨ ᠮᠡᠳᠡᠭᠡ᠂ ᠤᠮᠠᠷᠠᠲᠤ ᠬᠢᠯᠢ ᠵᠢᠨ ᠰᠤᠨᠢᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号