ᠣᠢᠷ᠎ᠠ᠎ᠳᠤ᠂ ᠠᠮᠢ ᠠᠬᠤᠢ ᠣᠷᠴᠢᠨ ᠲᠤᠭᠤᠷᠢᠨ ᠤ᠋ ᠶᠠᠮᠤᠨ᠂ ᠠᠵᠤ ᠦᠢᠯᠡᠳᠪᠦᠷᠢ
ᠪᠠ ᠮᠡᠳᠡᠭᠡ ᠵᠠᠩᠭᠢᠴᠢᠯᠠᠯᠳᠠ᠎ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠪᠠᠢᠭᠠᠯᠢ᠎ᠶᠢᠨ ᠡᠬᠢ
ᠪᠠᠶᠠᠯᠢᠭ᠋᠎ᠤᠨ ᠶᠠᠮᠤᠨ᠂ ᠤᠰᠤᠨ ᠠᠰᠢᠭ᠍ᠯᠠᠯᠲᠠ᠎ᠶᠢᠨ ᠶᠠᠮᠤᠨ᠂ ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠂
ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠬᠠᠮᠲᠤᠷᠠᠨ 《ᠠᠵᠤ ᠦᠢᠯᠡᠳᠪᠦᠷᠢ ᠵᠡᠷᠭᠡ
ᠵᠢᠨ ᠪᠣᠬᠢᠷ ᠤᠰᠤᠨ ᠤ ᠪᠣᠬᠢᠷᠲᠤᠯ ᠤᠨ ᠲᠦᠭᠰᠢᠭᠦᠷᠢ ᠶᠢ ᠰᠡᠷᠭᠡᠢᠯᠡᠬᠦ ᠶᠢ ᠴᠢᠨᠠᠭᠰᠢᠳᠠ ᠴᠢᠩᠭᠠᠳᠬᠠᠵᠤ ᠲᠠᠷᠢᠶᠠᠯᠠᠩ ᠤᠨ
ᠤᠰᠤᠯᠠᠯᠲᠠ᠎ᠳᠤ ᠬᠡᠷᠡᠭᠯᠡᠬᠦ ᠤᠰᠤᠨ ᠤ ᠠᠮᠤᠷ ᠲᠦᠪᠰᠢᠨ᠎ᠢ ᠪᠠᠲᠤᠯᠠᠬᠤ ᠲᠤᠬᠠᠢ ᠮᠡᠳᠡᠭᠳᠡᠯ》 ᠢ ᠳᠠᠷᠤᠮᠠᠯᠯᠠᠨ ᠲᠠᠷᠬᠠᠭᠠᠪᠠ᠃
《ᠣᠯᠠᠨ ᠲᠦᠮᠡᠨ ᠦ ᠳᠡᠷᠭᠡᠳᠡᠬᠢ ᠤᠰᠤᠨ ᠴᠣᠭᠴᠠ᠎ᠶᠢ ᠬᠠᠮᠠᠭᠠᠯᠠᠵᠤ
ᠵᠠᠰᠠᠬᠤ ᠠᠵᠢᠯᠯᠠᠭ᠎ᠠ᠎ᠶᠢᠨ ᠲᠥᠰᠥᠯ》᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠣᠰ《ᠮᠡᠳᠡᠭᠳᠡᠯ》᠎ᠨᠢ
ᠲᠡᠭᠦᠨ᠎ᠦ ᠢᠵᠢ ᠪᠦᠷᠢᠳᠦᠭᠦᠯᠦᠭᠰᠡᠨ ᠳᠦᠷᠢᠮ ᠦᠨ ᠪᠢᠴᠢᠭ ᠮᠠᠲᠧᠷᠢᠶᠠᠯ ᠪᠣᠯᠤᠭᠰᠠᠨ᠎ᠤ ᠬᠤᠪᠢ᠎ᠳᠤ᠂ ᠠᠰᠠᠭᠤᠳᠠᠯ᠎ᠢᠶᠠᠷ
ᠤᠳᠤᠷᠢᠳᠤᠮᠵᠢ ᠪᠣᠯᠭᠠᠬᠤ᠂ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠣᠳᠣᠬᠠᠨ᠎ᠤ ᠠᠵᠤ ᠦᠢᠯᠡᠳᠪᠦᠷᠢ᠎ᠶᠢᠨ
ᠠᠵᠤ ᠠᠬᠤᠢᠯᠠᠯ ᠵᠢᠴᠢ ᠬᠦᠷᠢᠶᠡᠯᠡᠩ ᠲᠣᠭᠣᠷᠢᠭ᠋᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ᠎ᠶᠢᠨ
ᠣᠷᠣᠨ ᠵᠠᠢ᠎ᠶᠢᠨ ᠪᠠᠢᠷᠢᠰᠢᠭᠤᠯᠤᠯᠲᠠ ᠵᠦᠢ ᠵᠣᠬᠢᠰ ᠦᠭᠡᠢ᠂ ᠪᠣᠬᠢᠷ ᠤᠰᠤ ᠭᠠᠳᠠᠭᠰᠢᠯᠠᠭᠤᠯᠬᠤ᠎ᠶᠢ ᠬᠠᠮᠢᠶᠠᠷᠤᠨ
ᠡᠵᠡᠮᠳᠡᠬᠦ ᠱᠠᠭᠠᠷᠳᠠᠯᠭ᠎ᠠ ᠲᠡᠭᠦᠯᠳᠡᠷ ᠪᠤᠰᠤ᠂ ᠲᠠᠷᠢᠶᠠᠯᠠᠩ ᠤᠨ ᠤᠰᠤᠯᠠᠯᠲᠠ᠎ᠳᠤ ᠬᠡᠷᠡᠭᠯᠡᠬᠦ ᠤᠰᠤᠨ ᠤ ᠴᠢᠨᠠᠷ᠎ᠤᠨ
ᠪᠠᠲᠤᠯᠠᠭ᠎ᠠ᠎ᠶᠢᠨ ᠲᠣᠭᠲᠠᠴᠠ ᠪᠦᠷᠢᠨ ᠪᠤᠰᠤ ᠵᠡᠷᠭᠡ ᠲᠣᠪᠣᠢᠮ᠎ᠠ ᠠᠰᠠᠭᠤᠳᠠᠯ ᠳᠤ ᠴᠢᠭᠯᠡᠭᠦᠯᠦᠨ᠂ ᠣᠷᠣᠨ
ᠵᠠᠢ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠬᠦ᠂ ᠪᠣᠬᠢᠷ ᠤᠰᠤ ᠭᠠᠳᠠᠭᠰᠢᠯᠠᠭᠤᠯᠬᠤ᠎ᠶᠢ ᠬᠠᠮᠢᠶᠠᠷᠤᠨ
ᠡᠵᠡᠮᠳᠡᠬᠦ᠎ᠶᠢ ᠴᠢᠩᠭᠠᠳᠬᠠᠬᠤ᠂ ᠲᠠᠷᠢᠶᠠᠯᠠᠩ᠎ᠤᠨ ᠤᠰᠤᠯᠠᠯᠲᠠ ᠳᠤ ᠬᠡᠷᠡᠭᠯᠡᠬᠦ ᠤᠰᠤᠨ᠎ᠤ ᠴᠢᠨᠠᠷ᠎ᠤᠨ ᠪᠠᠲᠤᠯᠠᠭ᠎ᠠ᠎ᠶᠢ
ᠴᠢᠩᠭᠠᠳᠬᠠᠬᠤ᠂ ᠣᠷᠴᠢᠨ ᠲᠣᠭᠣᠷᠢᠨ ᠤ ᠬᠠᠤᠯᠢ ᠬᠡᠷᠡᠭᠵᠢᠭᠦᠯᠦᠯᠲᠡ ᠬᠢᠭᠡᠳ ᠤᠬᠠᠭᠤᠯᠭ᠎ᠠ ᠪᠣᠯᠪᠠᠰᠤᠷᠠᠯ ᠢ ᠴᠢᠩᠭᠠᠳᠬᠠᠬᠤ
ᠵᠡᠷᠭᠡ ᠳᠥᠷᠪᠡᠨ ᠲᠠᠯ᠎ᠠ᠎ᠠᠴᠠ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠣᠳᠣᠷᠬᠠᠢᠯᠠᠵᠤ᠂ ᠰᠠᠯᠠᠭ᠎ᠠ
ᠮᠥᠴᠢᠷ ᠠᠯᠤᠰᠯᠠᠭᠰᠠᠨ᠂ ᠪᠥᠬᠥ ᠦᠶᠡᠯᠡᠯ᠎ᠦᠨ ᠬᠤᠭᠤᠴᠠᠭᠠᠨ ᠤ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠰᠢᠰᠲᠧᠮ᠎ᠢ
ᠪᠠᠶ᠋ᠢᠭᠤᠯᠬᠤ᠎ᠶᠢ ᠠᠬᠢᠭᠤᠯᠪᠠ᠃
《ᠮᠡᠳᠡᠭᠳᠡᠯ》᠎ᠳᠤ᠂ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢ ᠲᠥᠯᠥᠪᠵᠢᠭᠦᠯᠦᠨ
ᠬᠠᠮᠢᠶᠠᠷᠤᠨ ᠡᠵᠡᠮᠳᠡᠬᠦ᠂ ᠠᠮᠢ ᠠᠬᠤᠢ᠎ᠶᠢᠨ ᠣᠷᠴᠢᠨ ᠲᠣᠭᠣᠷᠢᠨ᠎ᠢ ᠲᠣᠭᠣᠷᠢᠭ᠋ ᠬᠤᠪᠢᠶᠠᠨ ᠬᠠᠮᠢᠶᠠᠷᠤᠨ ᠡᠵᠡᠮᠳᠡᠬᠦ᠂
ᠪᠦᠲᠦᠭᠡᠨ ᠪᠠᠶ᠋ᠢᠭᠤᠯᠬᠤ ᠲᠥᠷᠥᠯ ᠵᠦᠢᠯ᠎ᠦᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ᠎ᠶᠢ ᠦᠨᠡᠯᠡᠬᠦ ᠵᠡᠷᠭᠡ
ᠭᠣᠭᠴᠣᠭ᠎ᠠ᠎ᠳᠤ᠂ ᠲᠠᠷᠢᠶᠠᠨ ᠭᠠᠵᠠᠷ᠎ᠤᠨ ᠡᠷᠬᠢᠨ ᠲᠣᠭᠣᠷᠢᠨ᠂ ᠺᠠᠷᠰᠲᠤᠨ ᠭᠠᠵᠠᠷ᠎ᠤᠨ ᠲᠥᠷᠬᠦ ᠵᠡᠷᠭᠡ ᠲᠦᠭᠰᠢᠭᠦᠷᠢ
ᠨᠡᠯᠢᠶᠡᠳ ᠥᠨᠳᠥᠷ ᠭᠠᠵᠠᠷ ᠣᠷᠣᠨ ᠵᠢᠴᠢ ᠪᠥᠬᠥ ᠳᠠᠪᠤᠰᠤᠨ᠎ᠤ ᠬᠡᠮᠵᠢᠶ᠎ᠡ᠂ ᠬᠦᠨᠳᠦ ᠲᠡᠮᠦᠷᠯᠢᠭ᠂ ᠬᠣᠣᠷ ᠬᠥᠨᠥᠭᠡᠯ᠎ᠲᠠᠢ
ᠪᠣᠬᠢᠷᠲᠤᠯ ᠪᠣᠳᠠᠰ ᠵᠡᠷᠭᠡ ᠣᠨᠴᠠᠯᠢᠭ᠍ᠲᠤ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠪᠦᠲᠦᠭᠡᠨ ᠪᠠᠢᠭᠤᠯᠤᠯᠲᠠ᠎ᠶᠢᠨ
ᠲᠥᠷᠥᠯ ᠵᠦᠢᠯ᠎ᠢ ᠵᠥᠪᠰᠢᠶᠡᠷᠡᠨ ᠣᠷᠣᠭᠤᠯᠬᠤ ᠱᠠᠭᠠᠷᠳᠠᠯᠭ᠎ᠠ᠎ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠢᠮᠢ᠎ᠶᠢᠨ
ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠢ ᠰᠢᠯᠵᠢᠭᠦᠯᠬᠦ᠎ᠡᠴᠡ ᠪᠣᠯᠤᠭᠰᠠᠨ ᠣᠷᠴᠢᠨ ᠲᠣᠭᠣᠷᠢᠨ᠎ᠤ ᠲᠦᠭᠰᠢᠭᠦᠷᠢ᠎ᠶᠢ
ᠴᠢᠩᠭ᠎ᠠ ᠰᠡᠷᠭᠡᠢᠯᠡᠨ᠎ᠡ ᠭᠡᠵᠦ ᠲᠤᠳᠤᠷᠬᠠᠢᠯᠠᠵᠠᠢ᠃
《ᠮᠡᠳᠡᠭᠳᠡᠯ》᠎ᠳᠤ᠂ ᠲᠠᠷᠢᠶᠠᠨ ᠭᠠᠵᠠᠷ᠎ᠤᠨ ᠡᠷᠬᠢᠨ ᠲᠣᠭᠣᠷᠢᠨ᠎ᠤ ᠠᠵᠤ ᠦᠢᠯᠡᠳᠪᠦᠷᠢ᠎ᠶᠢᠨ
ᠬᠦᠷᠢᠶᠡᠯᠡᠩ ᠲᠣᠭᠣᠷᠢᠭ᠋᠎ᠤᠨ ᠪᠣᠬᠢᠷ ᠤᠰᠤ᠎ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ᠎ᠶᠢ ᠲᠠᠰ
ᠳᠡᠪᠰᠢᠭᠦᠯᠦᠨ ᠥᠭᠡᠷᠡᠴᠢᠯᠡᠬᠦ᠎ᠶᠢ ᠠᠬᠢᠭᠤᠯᠵᠤ᠂ ᠠᠵᠤ ᠦᠢᠯᠡᠳᠪᠦᠷᠢ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ
ᠤᠰᠤᠨ᠎ᠳᠤ ᠬᠣᠯᠪᠣᠭᠳᠠᠭᠰᠠᠨ ᠠᠰᠠᠭᠤᠳᠠᠯ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠵᠦ᠂
ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠭᠠᠳᠠᠭᠰᠢᠯᠠᠭᠤᠯᠤᠯᠲᠠ᠎ᠶᠢᠨ ᠣᠨᠴᠠᠯᠢᠭ᠋ ᠪᠦᠬᠦᠢ ᠪᠣᠬᠢᠷᠲᠤᠯ ᠪᠣᠳᠠᠰ
ᠨᠢ ᠳᠣᠣᠷᠠᠳᠤ ᠤᠷᠤᠰᠬᠠᠯ᠎ᠤᠨ ᠲᠠᠷᠢᠶᠠᠯᠠᠩ᠎ᠤᠨ ᠤᠰᠤᠯᠠᠯᠲᠠ᠎ᠶᠢᠨ ᠤᠰᠤ ᠬᠡᠷᠡᠭᠯᠡᠬᠦ ᠠᠮᠤᠷ ᠲᠦᠪᠰᠢᠨ᠎ᠢ ᠨᠥᠯᠥᠭᠡᠯᠡᠵᠦ
ᠮᠡᠳᠡᠬᠦ᠎ᠳᠦ ᠭᠦᠷᠪᠡᠯ᠂ ᠣᠷᠣᠨ ᠨᠤᠲᠤᠭ᠎ᠤᠨ ᠤᠰᠤᠨ᠎ᠤ ᠪᠣᠬᠢᠷ ᠪᠣᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ᠎ᠶᠢ
ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠥᠷᠨᠢᠭᠦᠯᠵᠦ᠂ ᠭᠠᠳᠠᠭᠰᠢᠯᠠᠭᠤᠯᠤᠯᠲᠠ᠎ᠶᠢ ᠬᠠᠮᠢᠶᠠᠷᠤᠨ ᠡᠵᠡᠮᠳᠡᠬᠦ
ᠱᠠᠭᠠᠷᠳᠠᠯᠭ᠎ᠠ᠎ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃
《ᠮᠡᠳᠡᠭᠳᠡᠯ》᠎ᠳᠤ᠂ ᠠᠵᠤ ᠠᠬᠤᠢᠯᠠᠯ᠎ᠤᠨ ᠥᠪᠡᠰᠦᠪᠡᠨ ᠬᠢᠨᠠᠨ ᠬᠡᠮᠵᠢᠬᠦ
ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠪᠣᠳᠠᠲᠠᠢᠵᠢᠭᠤᠯᠵᠤ᠂ ᠲᠠᠷᠢᠶᠠᠨ ᠭᠠᠵᠠᠷ᠎ᠤᠨ
ᠤᠰᠤᠯᠠᠯᠲᠠ᠎ᠳᠤ ᠬᠡᠷᠡᠭᠯᠡᠬᠦ ᠤᠰᠤᠨ᠎ᠤ ᠴᠢᠨᠠᠷ᠎ᠢ ᠬᠢᠨᠠᠨ ᠬᠡᠮᠵᠢᠬᠦ ᠮᠡᠷᠭᠡᠵᠢᠯ᠎ᠦᠨ ᠵᠦᠭᠯᠡᠭᠦᠷ᠎ᠢ ᠨᠡᠢᠲᠡᠯᠡᠵᠦ᠂
ᠣᠷᠣᠨ ᠨᠤᠲᠤᠭ᠎ᠤᠨ ᠬᠢᠨᠢ ᠵᠢᠯᠤᠭᠣᠳᠴᠤ ᠪᠠᠢᠭᠠᠳ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠲᠠᠷᠢᠶᠠᠯᠠᠩ᠎ᠤᠨ
ᠤᠰᠤᠯᠠᠯᠲᠠ᠎ᠳᠤ ᠬᠡᠷᠡᠭᠯᠡᠬᠦ ᠤᠰᠤᠨ᠎ᠤ ᠴᠢᠨᠠᠷ᠎ᠢ ᠬᠢᠨᠠᠨ ᠬᠡᠮᠵᠢᠬᠦ ᠲᠥᠯᠥᠪᠯᠡᠭᠡ᠎ᠶᠢ ᠲᠣᠭᠲᠠᠭᠠᠵᠤ᠂ ᠲᠠᠷᠢᠶᠠᠯᠠᠩ᠎ᠤᠨ
ᠤᠰᠤᠯᠠᠯᠲᠠ᠎ᠳᠤ ᠬᠡᠷᠡᠭᠯᠡᠬᠦ ᠤᠰᠤᠨ᠎ᠤ ᠴᠢᠨᠠᠷ᠎ᠢ ᠬᠢᠨᠠᠨ ᠬᠡᠮᠵᠢᠬᠦ ᠬᠠᠮᠵᠢᠯᠴᠠᠭ᠎ᠠ᠎ᠶᠢ ᠴᠢᠩᠭᠠᠳᠬᠠᠵᠤ᠂ ᠮᠡᠳᠡᠭᠡ
ᠵᠠᠩᠭᠢ᠎ᠶᠢ ᠮᠡᠳᠡᠭᠳᠡᠬᠦ᠂ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ᠂ ᠪᠠᠴᠢᠮ ᠪᠠᠢᠳᠠᠯ᠎ᠢ ᠠᠷᠭᠠᠴᠠᠭᠠᠨ
ᠰᠢᠢᠳᠪᠦᠷᠢᠯᠡᠬᠦ ᠵᠡᠷᠭᠡ ᠱᠠᠭᠠᠷᠳᠠᠯᠭ᠎ᠠ᠎ᠶᠢ ᠲᠣᠳᠣᠷᠬᠠᠢᠯᠠᠬᠤ ᠭᠡᠷᠡᠭᠲᠡᠢ ᠬᠡᠵᠦ ᠲᠤᠷᠠᠳᠴᠠᠢ᠃
《ᠮᠡᠳᠡᠭᠳᠡᠯ》᠎ᠳ᠋ᠸ᠋᠂ ᠲᠤᠬᠠᠢ᠎ᠶᠢᠨ ᠲᠠᠯᠠᠪᠤᠷ᠎ᠲᠤ ᠬᠠᠤᠯᠢ ᠬᠡᠷᠡᠭᠵᠢᠭᠦᠯᠬᠦ
ᠡᠷᠴᠢᠮ᠎ᠢᠶᠡᠨ ᠴᠢᠩᠭᠠᠷᠠᠭᠤᠯᠵᠤ᠂ ᠠᠭᠤᠰᠤᠭᠳᠠᠮᠠᠯ ᠠᠭᠤᠢ᠂ ᠨᠡᠪᠴᠢᠯ ᠨᠦᠬᠡ᠂ ᠠᠩ ᠵᠠᠪᠰᠠᠷ ᠵᠡᠷᠭᠡ᠎ᠶᠢ ᠠᠰᠢᠭ᠍ᠯᠠᠨ
ᠠᠵᠤ ᠦᠢᠯᠡᠳᠪᠦᠷᠢ᠎ᠶᠢᠨ ᠬᠠᠶᠠᠭᠳᠠᠮᠠᠯ ᠤᠰᠤ᠂ ᠮᠠᠯ ᠵᠢᠭᠦᠷᠲᠡᠨ᠎ᠦ ᠢᠯᠭᠠᠳᠠᠰᠤ᠎ᠶᠢ ᠬᠠᠤᠯᠢ ᠪᠤᠰᠤ᠎ᠪᠠᠷ ᠭᠠᠳᠠᠭᠰᠢᠯᠠᠭᠤᠯᠬᠤ
ᠵᠡᠷᠭᠡ ᠦᠶ᠋ᠯᠡ ᠠᠵᠢᠯᠯᠠᠭ᠎ᠠ᠎ᠶᠢ ᠭᠣᠣᠯᠳᠠᠯᠭ᠎ᠠ᠎ᠲᠠᠢ ᠴᠡᠭᠴᠡᠯᠡᠨ ᠵᠠᠰᠠᠬᠤ ᠬᠡᠷᠡᠭᠳᠡᠢ᠃ ᠬᠠᠤᠯᠢ ᠬᠡᠷᠡᠭᠵᠢᠭᠦᠯᠬᠦ
ᠪᠠ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ᠎ᠶᠢ ᠴᠢᠩᠭᠠᠳᠬᠠᠵᠤ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ
ᠪᠠ ᠡᠷᠡᠭᠦᠦ᠎ᠶᠢᠨ ᠬᠡᠷᠡᠭ᠎ᠦᠨ ᠬᠠᠤᠯᠢ ᠬᠡᠷᠡᠭᠵᠢᠭᠦᠯᠦᠯᠲᠡ ᠶᠢ ᠵᠣᠯᠭᠠᠯᠳᠤᠭᠤᠯᠬᠤ᠎ᠶᠢ ᠲᠡᠭᠦᠯᠳᠡᠷᠵᠢᠭᠦᠯᠵᠦ᠂
ᠣᠷᠴᠢᠨ ᠲᠤᠭᠤᠷᠢᠨ᠎ᠢ ᠪᠣᠬᠢᠷᠲᠤᠭᠤᠯᠤᠭᠰᠠᠨ ᠶᠠᠯᠠᠲᠤ ᠠᠵᠢᠯᠯᠠᠭ᠎ᠠ᠎ᠳᠤ ᠡᠷᠡᠰ ᠴᠣᠬᠢᠯᠲᠠ ᠥᠭᠬᠦ ᠬᠡᠷᠡᠭᠳᠡᠢ᠃
ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠪᠠ ᠤᠬᠠᠭᠤᠯᠤᠯ ᠪᠣᠯᠪᠠᠰᠤᠷᠠᠭᠤᠯᠤᠯ᠎ᠢ ᠴᠢᠩᠭᠠᠳᠬᠠᠵᠤ ᠂ ᠠᠵᠤ ᠠᠬᠤᠢᠯᠠᠯ᠎ᠤᠨ
ᠬᠠᠤᠯᠢ᠎ᠶᠢ ᠰᠠᠬᠢᠬᠤ ᠤᠬᠠᠮᠰᠠᠷ ᠪᠠ ᠦᠨᠳᠦᠰᠦᠨ ᠱᠠᠲᠤᠨ᠎ᠤ ᠡᠭᠦᠷᠭᠡ ᠲᠤᠰᠢᠶᠠᠯ᠎ᠢᠶᠠᠨ ᠭᠦᠢᠴᠡᠳᠬᠡᠬᠦ ᠴᠢᠳᠠᠪᠤᠷᠢ᠎ᠶᠢ
ᠳᠡᠭᠡᠭᠰᠢᠯᠡᠭᠦᠯᠭᠦ ᠬᠡᠷᠡᠭᠳᠡᠢ ᠱᠠᠭᠠᠷᠳᠠᠪᠠ᠃
《ᠮᠡᠳᠡᠭᠳᠡᠯ》᠎ᠢ ᠨᠡᠢᠲᠡᠯᠡᠨ ᠬᠡᠷᠡᠭᠵᠢᠭᠦᠯᠬᠦ ᠨᠢ ᠠᠵᠤ
ᠦᠢᠯᠡᠳᠪᠦᠷᠢ ᠵᠡᠷᠭᠡ ᠵᠢᠨ ᠪᠣᠬᠢᠷ ᠤᠰᠤ ᠭᠠᠳᠠᠭᠰᠢᠯᠠᠭᠤᠯᠬᠤ᠎ᠶᠢ ᠬᠠᠮᠢᠶᠠᠷᠤᠨ ᠡᠵᠡᠮᠳᠡᠬᠦ ᠳᠤᠲᠠᠭᠤᠳᠠᠯ᠎ᠢ ᠤᠯᠠᠮ
ᠨᠢᠭᠡ ᠠᠯᠬᠤᠮ ᠨᠥᠬᠥᠪᠦᠷᠢᠯᠡᠵᠦ᠂ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠠᠮᠤᠷ ᠲᠦᠪᠰᠢᠨ᠎ᠢ
ᠨᠠᠩ ᠰᠠᠢᠲᠤᠷ ᠪᠠᠲᠤᠯᠠᠬᠤ᠎ᠳᠦ ᠠᠰᠢᠭ᠍ᠲᠠᠢ ᠶᠤᠮ᠃ ᠲᠠᠷᠠᠭᠠᠴᠢ᠎ᠶᠢᠨ ᠠᠯᠬᠤᠮ᠎ᠳᠤ᠂ ᠠᠮᠢ ᠠᠬᠤᠢ ᠣᠷᠴᠢᠨ ᠲᠣᠭᠣᠷᠢᠨ ᠤ
ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠤᠬᠠᠭᠤᠯᠭ᠎ᠠ ᠪᠣᠯᠪᠠᠰᠤᠷᠠᠯ᠎ᠤᠨ ᠡᠷᠴᠢᠮ᠎ᠢᠶᠡᠨ
ᠴᠢᠩᠭᠠᠷᠠᠭᠤᠯᠵᠤ᠂ ᠣᠷᠣᠨ ᠨᠤᠲᠤᠭ᠎ᠤᠨ ᠬᠢᠨ《ᠮᠡᠳᠡᠭᠳᠡᠯ》᠎ᠤᠨ ᠨᠡᠢᠳᠡᠪᠦᠷᠢᠵᠢᠭᠤᠯᠤᠯᠳᠠ ᠵᠢ ᠰᠠᠢᠲᠤᠷ ᠠᠳᠬᠤᠬᠤ᠎ᠶᠢ
ᠠᠬᠢᠭᠤᠯᠵᠤ᠂ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ
ᠪᠠᠲᠤ ᠰᠠᠬᠢᠨ᠎ᠠ᠃
ᠢᠷᠡᠯᠲᠡ᠄ ᠲᠦᠪ ᠲᠸᠯᠸᠢᠰ᠎ᠤᠨ ᠰᠤᠨᠢᠨ ᠮᠡᠳᠡᠭᠡᠨ᠎ᠤ ᠰᠢᠯᠵᠢᠶ᠎ᠡ