2026 ᠣᠨ᠎ᠳ᠋ᠤ 1691 ᠶᠡᠬᠡ ᠳᠡᠭᠡᠳᠦ ᠰᠤᠷᠭᠠᠭᠤᠯᠢ ᠥᠪᠥᠷ ᠮᠣᠩᠭᠣᠯ ᠎ᠡᠴᠡ 197607 ᠰᠣᠷᠣᠭ᠍ᠴᠢ ᠡᠯᠰᠡᠪᠡ
2026-08-18 16:45:36
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 14᠎ᠤ᠋ ᠡᠳᠦᠷ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ) ᠤ᠋ᠨ ᠪᠦᠯᠦᠭ ᠤᠳᠠᠭ᠎ᠠ᠎ᠶᠢᠨ ᠰᠣᠷᠣᠭ᠍ᠴᠢ ᠡᠯᠰᠡᠬᠦ ᠠᠵᠢᠯ ᠳᠠᠭᠤᠰᠬᠤ᠎ᠶᠢ ᠳᠠᠭᠠᠯᠳᠤᠨ᠂ ᠥᠪᠥᠷ ᠮᠣᠩᠭᠣᠯ᠎ᠤᠨ 2026 ᠣᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠠᠵᠢᠯ ᠳᠠᠭᠤᠰᠴᠤ᠂ ᠪᠥᠬᠥ ᠤᠯᠤᠰ᠎ᠤᠨ 1691 ᠶᠡᠬᠡ ᠳᠡᠭᠡᠳᠦ ᠰᠤᠷᠭᠠᠭᠤᠯᠢ ᠥᠪᠥᠷ ᠮᠣᠩᠭᠣᠯ ᠡᠴᠡ ᠨᠡᠶ᠋ᠢᠲᠡ 197607 ᠰᠣᠷᠣᠭ᠍ᠴᠢ ᠡᠯᠰᠡᠪᠡ᠃

ᠡᠨᠡ ᠵᠢᠯ ᠪᠣᠯ ᠥᠪᠥᠷ ᠮᠣᠩᠭᠣᠯ᠎ᠤᠨ ᠰᠢᠨ᠎ᠡ ᠮᠠᠶᠢᠭ᠋᠎ᠤᠨ ᠶᠡᠬᠡ ᠳᠡᠭᠡᠳᠦ ᠰᠤᠷᠭᠠᠭᠤᠯᠢ ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠥᠭᠡᠷᠡᠴᠢᠯᠡᠯᠲᠡ᠎ᠶᠢ ᠨᠠᠢᠳᠠᠪᠤᠷᠢᠵᠢᠭᠤᠯᠤᠭᠰᠠᠨ ᠬᠣᠶᠠᠳᠠᠭᠢ ᠵᠢᠯ ᠮᠥᠨ᠂ ᠥᠭᠡᠷᠡᠴᠢᠯᠡᠯᠲᠡ᠎ᠶᠢᠨ ᠭᠣᠣᠯ ᠱᠠᠭᠠᠷᠳᠠᠯᠭ᠎ᠠ ᠲᠠᠢ ᠨᠢᠭ᠍ᠲᠠ ᠤᠶᠠᠯᠳᠤᠭᠤᠯᠤᠨ᠂ ᠥᠪᠥᠷ ᠮᠣᠩᠭᠣᠯ ᠰᠣᠷᠣᠭ᠍ᠴᠢ᠎ᠶᠢᠨ ᠬᠢᠴᠢᠶᠡᠯ ᠰᠣᠩᠭᠣᠬᠤ ᠎ᠶᠢ ᠬᠥᠲᠥᠯᠥᠨ ᠵᠢᠯᠤᠭᠣᠳᠬᠤ᠂ ᠨᠡᠷ᠎ᠡ ᠮᠡᠳᠡᠭᠦᠯᠬᠦ᠎ᠶᠢ ᠵᠣᠬᠢᠶᠠᠨ ᠪᠠᠶ᠋ᠢᠭᠤᠯᠬᠤ᠂ ᠰᠡᠳᠦᠪ ᠭᠠᠷᠭᠠᠬᠤ ᠲᠥᠯᠥᠪᠯᠡᠭᠡ᠂ ᠰᠢᠯᠭᠠᠯᠲᠠ᠎ᠶᠢ ᠬᠡᠷᠡᠭᠵᠢᠭᠦᠯᠬᠦ᠂ ᠰᠢᠯᠭᠠᠯᠲᠠ ᠬᠢᠨᠠᠬᠤ ᠬᠠᠮᠢᠶᠠᠷᠤᠯᠲᠠ᠂ ᠡᠷᠡᠮᠡᠯᠵᠡᠯ ᠲᠠᠭᠯᠠᠬᠤ ᠦᠢᠯᠡᠴᠢᠯᠡᠭᠡ ᠵᠢᠴᠢ ᠰᠣᠷᠣᠭ᠍ᠴᠢ ᠡᠯᠰᠡᠬᠦ ᠵᠡᠷᠭᠡ ᠪᠥᠬᠥ ᠬᠡᠯᠬᠢᠶ᠎ᠡ᠎ᠶᠢᠨ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠥᠭᠡᠳ ᠡᠮᠬᠢ ᠵᠢᠷᠤᠮ᠎ᠲᠠᠢ ᠠᠬᠢᠭᠤᠯᠪᠠ᠃ ᠰᠣᠷᠣᠭ᠍ᠴᠢ ᠡᠯᠰᠡᠬᠦ ᠬᠤᠭᠤᠴᠠᠭᠠᠨ᠎ᠳᠤ ᠥᠪᠥᠷ ᠮᠣᠩᠭᠣᠯ ᠤᠯᠤᠰ᠎ᠤᠨ ᠰᠣᠷᠣᠭ᠍ᠴᠢ ᠡᠯᠰᠡᠬᠦ ᠲᠥᠯᠥᠪᠯᠡᠭᠡ ᠪᠠ ᠰᠣᠷᠣᠭ᠍ᠴᠢ ᠡᠯᠰᠡᠬᠦ ᠲᠥᠷᠥ᠎ᠶᠢᠨ ᠪᠣᠳᠣᠯᠭ᠎ᠠ᠎ᠶᠢᠨ ᠲᠣᠭᠲᠠᠭᠠᠯ᠎ᠢ ᠴᠢᠩᠭ᠎ᠠ ᠬᠡᠷᠡᠭᠵᠢᠭᠦᠯᠵᠦ᠂ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ᠎ᠳᠦ 《ᠠᠷᠪᠠ᠎ᠶᠢ ᠴᠢᠩᠭ᠎ᠠ ᠴᠠᠭᠠᠵᠠᠯᠠᠬᠤ》᠂ 《30 ᠥᠯᠥ ᠪᠣᠯᠬᠤ》 《ᠨᠠᠢ᠍ᠮᠠᠨ ᠦᠨᠳᠦᠰᠦᠨ ᠱᠠᠭᠠᠷᠳᠠᠯᠭ᠎ᠠ》 ᠵᠡᠷᠭᠡ ᠰᠠᠬᠢᠯᠭ᠎ᠠ ᠪᠠᠲᠤ᠎ᠶᠢᠨ ᠱᠠᠭᠠᠷᠳᠠᠯᠭ᠎ᠠ᠎ᠶᠢ ᠵᠢᠷᠤᠮᠯᠠᠨ᠂ 《ᠨᠠᠷᠠᠨ ᠬᠡᠷᠡᠯᠳᠤ ᠢᠨᠵᠧᠨᠧᠷᠢᠩ》ᠢ᠋ ᠭᠦᠨᠵᠡᠭᠡᠢ ᠬᠡᠷᠡᠭᠵᠢᠭᠦᠯᠵᠦ᠂ ᠰᠣᠷᠣᠭ᠍ᠴᠢ ᠡᠯᠰᠡᠬᠦ ᠪᠥᠬᠥ ᠶᠠᠪᠤᠴᠠ ᠨᠢ ᠵᠢᠷᠤᠮᠵᠢᠯ᠎ᠲᠠᠢ ᠪᠥᠭᠡᠳ ᠡᠮᠬᠢ ᠵᠢᠷᠤᠮ᠎ᠲᠠᠢ᠂ ᠠᠮᠤᠷ ᠲᠦᠪᠰᠢᠨ ᠪᠥᠭᠡᠳ ᠲᠣᠭᠲᠠᠭᠤᠨ ᠶᠠᠪᠤᠭᠳᠠᠭᠤᠯᠤᠭᠰᠠᠨ ᠪᠠᠢᠨ᠎ᠠ᠃

ᠥᠪᠥᠷ ᠮᠣᠩᠭᠣᠯ᠎ᠤᠨ ᠡᠷᠡᠮᠡᠯᠵᠡᠯ ᠲᠠᠭᠯᠠᠬᠤ ᠬᠠᠪᠰᠤᠷᠤᠮᠵᠢ ᠰᠢᠰᠲᠧᠮ᠎ᠢ ᠤᠯᠠᠮ ᠨᠠᠷᠢᠯᠢᠭ᠍ᠵᠢᠭᠤᠯᠤᠨ ᠰᠢᠯᠢᠳᠡᠭᠵᠢᠬᠦᠯᠵᠦ᠂ ᠡᠯ᠎ᠡ ᠱᠠᠲᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠵᠢᠴᠢ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠨᠤᠭᠤᠳ ᠲᠥᠷᠥ ᠎ᠶᠢᠨ ᠪᠣᠳᠣᠯᠭ᠎ᠠ᠎ᠶᠢᠨ ᠲᠠᠢᠯᠤᠮᠵᠢ᠂ ᠡᠷᠡᠮᠡᠯᠵᠡᠯ ᠲᠠᠭᠯᠠᠬᠤ ᠵᠢᠯᠣᠭᠣᠳᠤᠯᠭ᠎ᠠ ᠪᠠ ᠦᠢᠯᠡᠴᠢᠯᠡᠭᠡ᠂ ᠮᠡᠳᠡᠭᠡ ᠵᠠᠩᠭᠢ ᠵᠢ ᠠᠰᠠᠭᠤᠨ ᠯᠠᠪᠯᠠᠬᠤ ᠵᠡᠷᠭᠡ ᠦᠢᠯᠡᠴᠢᠯᠡᠭᠡᠨ᠎ᠦ ᠠᠵᠢᠯ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠪᠡ᠃ ᠡᠭᠦᠨ᠎ᠡᠴᠡ ᠭᠠᠳᠠᠨ᠎ᠠ᠂《ᠨᠡᠷᠡᠨ ᠬᠡᠷᠡᠯᠳᠦ ᠡᠷᠡᠮᠡᠯᠵᠡᠯ ᠳᠠᠭᠯᠠᠬᠤ》 ᠬᠠᠪᠰᠤᠷᠤᠨ ᠲᠡᠳᠬᠦᠬᠦ ᠠᠵᠢᠯᠯᠠᠭ᠎ᠠ᠎ᠶᠢᠨ ᠠᠬᠤᠢ ᠳᠠᠯᠠᠪᠠᠢ ᠵᠢᠨ ᠠᠰᠠᠭᠤᠨ ᠯᠠᠪᠯᠠᠬᠤ ᠠᠵᠢᠯᠯᠠᠭ᠎ᠠ᠎ᠶᠢ ᠥᠷᠨᠢᠭᠦᠯᠵᠦ᠂ ᠶᠠᠮᠤᠨ᠎ᠤ ᠬᠠᠷᠢᠶ᠎ᠠ ᠭᠣᠣᠯᠳᠠᠯᠭ᠎ᠠ᠎ᠲᠠᠢ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠨ ᠵᠢᠴᠢ ᠲᠣᠰ ᠭᠠᠵᠠᠷ᠎ᠤᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠶᠢᠨ ᠲᠤᠰᠬᠠᠢ ᠮᠡᠷᠭᠡᠵᠢᠯᠲᠡᠨ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠭᠣᠣᠯᠯᠠᠭ᠍ᠴᠢ ᠲᠤᠰᠬᠠᠢ ᠮᠡᠷᠭᠡᠵᠢᠯᠲᠡᠨ ᠵᠡᠷᠭᠡ᠎ᠪᠡᠷ ᠪᠦᠷᠢᠯᠳᠦᠭᠰᠡᠨ ᠲᠤᠰᠬᠠᠢ ᠮᠡᠷᠭᠡᠵᠢᠯᠲᠡᠨ᠎ᠦ ᠪᠦᠯᠬᠦᠮ ᠪᠠᠢᠭᠤᠯᠵᠤ᠂ ᠪᠥᠬᠥ ᠣᠷᠣᠨ᠎ᠤ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ 10 ᠬᠣᠰᠢᠭᠤ ᠰᠢᠶᠠᠨ᠎ᠳᠤ ᠬᠦᠷᠴᠦ᠂ ᠰᠤᠷᠤᠭᠴᠢ ᠡᠯᠰᠡᠬᠦ ᠦᠢᠯᠡᠴᠢᠯᠡᠬᠡ ᠬᠦᠷᠬᠡᠭᠰᠡᠨ ᠪᠠᠢᠨ᠎ᠠ᠃

ᠥᠪᠥᠷ ᠮᠣᠩᠭᠣᠯ ᠎ᠤᠨ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠬᠦᠷᠢᠶᠡᠯᠡᠩ᠎ᠦᠨ ᠰᠠᠨᠠᠭᠤᠯᠤᠭᠰᠠᠨ ᠵᠢᠡᠷ᠂ 2026 ᠣᠨ᠎ᠤ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠵᠢᠨ ᠰᠣᠷᠣᠭ᠍ᠴᠢ ᠡᠯᠰᠡᠬᠦ ᠠᠵᠢᠯ ᠨᠢᠭᠡᠨᠲᠡ ᠳᠠᠭᠤᠰᠴᠤ᠂ ᠨᠥᠬᠥᠨ ᠡᠯᠰᠡᠬᠦ ᠭᠣᠭᠴᠣᠭ᠎ᠠ ᠲᠣᠬᠢᠷᠠᠭᠤᠯᠤᠭᠰᠠᠨ ᠦᠭᠡᠢ᠃ ᠰᠢᠯᠭᠠᠭᠤᠯᠤᠭ᠍ᠰᠠᠳ ᠡᠷᠬᠡᠪᠰᠢ ᠥᠪᠥᠷ ᠮᠣᠩᠭᠣᠯ᠎ᠤᠨ ᠰᠤᠷᠤᠭ᠍ᠴᠢ ᠡᠯᠰᠡᠬᠦ ᠰᠢᠯᠭᠠᠯᠲᠠ᠎ᠶᠢᠨ ᠮᠡᠳᠡᠭᠡ ᠵᠠᠩᠭᠢ᠎ᠶᠢᠨ ᠰᠦᠯᠵᠢᠶ᠎ᠡ ᠵᠡᠷᠭᠡ ᠠᠯᠪᠠᠨ᠎ᠤ ᠲᠠᠯ᠎ᠠ᠎ᠶᠢᠨ ᠠᠷᠭ᠎ᠠ ᠵᠠᠮ᠎ᠢᠶᠠᠷ ᠰᠤᠷᠤᠭ᠍ᠴᠢ ᠡᠯᠰᠡᠬᠦ ᠮᠡᠳᠡᠭᠡ ᠵᠠᠩᠭᠢ᠎ᠪᠠᠨ ᠯᠠᠪᠯᠠᠵᠤ᠂ ᠮᠡᠬᠡᠯᠡᠭᠳᠡᠬᠦ᠎ᠡᠴᠡ ᠰᠡᠷᠭᠡᠢᠯᠡᠬᠦ ᠬᠡᠷᠡᠭᠲᠡᠢ ᠬᠡᠪᠡ᠃                              

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号