ᠪᠦᠬᠦ᠌ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠶᠡᠬᠡ ᠬᠤᠷᠠᠯ ᠬᠤᠷᠠᠯᠳᠤᠪᠠ
2026-08-19 09:42:35
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ  ᠪᠤᠤ ᠭᠠᠩ ᠬᠤᠷᠠᠯ᠎ᠢ ᠡᠷᠬᠢᠯᠡᠪᠡ


8 ᠰᠠᠷ᠎ᠠ᠎ᠶᠢᠨ 18 ᠤ᠋ ᠡᠳᠦᠷ᠂ ᠪᠦᠬᠦ᠌ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠶᠡᠬᠡ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠢ ᠵᠦᠩ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢᠨ ᠲᠤᠬᠠᠢ ᠴᠢᠬᠤᠯᠠ ᠥᠭᠦᠯᠡᠯᠲᠡ ᠪᠣᠯᠤᠨ ᠪᠦᠬᠦ᠌ ᠤᠯᠤᠰ᠎ᠤᠨ ᠦᠢᠯᠡᠴᠢᠯᠡᠭᠡᠨ᠎ᠦ ᠦᠢᠯᠡᠰ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠬᠦᠴᠦᠯᠡᠨ ᠴᠢᠷᠮᠠᠢᠵᠤ ᠪᠣᠭᠣᠮᠲᠠ ᠰᠢᠪᠲᠤᠯᠵᠤ᠂ ᠮᠠᠨ᠎ᠤ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠦ᠍ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠤᠷᠠᠯ᠎ᠢ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶᠢᠨ ᠵᠥᠪᠯᠡᠯᠭᠡᠨ᠎ᠦ ᠬᠣᠯᠪᠣᠭᠳᠠᠯ ᠪᠥᠬᠥᠶ ᠤᠳᠤᠷᠢᠳᠬᠤ ᠨᠥᠬᠥᠳ ᠬᠤᠷᠠᠯ᠎ᠳᠤ ᠣᠷᠣᠯᠴᠠᠵᠠᠶ᠃

ᠸᠠᠩ ᠸᠧᠶ ᠵᠥᠩ ᠶᠠᠷᠢᠶᠠᠨ᠎ᠳᠠᠭᠠᠨ᠂ ᠶᠡᠷᠦᠩᠬᠡᠶ ᠱᠦᠵᠢ ᠰᠢ ᠵᠢᠨ ᠫᠢᠩ᠎ᠦᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢᠨ ᠲᠤᠬᠠᠶ ᠴᠢᠬᠤᠯᠠ ᠥᠭᠦᠯᠡᠯᠲᠡ᠎ᠶᠢᠨ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ ᠡᠯᠪᠡᠭ ᠪᠠᠶᠠᠯᠢᠭ ᠪᠠᠶ᠋ᠢᠵᠤ᠂ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠳᠤ ᠴᠢᠭᠯᠡᠯ᠎ᠢ ᠲᠣᠳᠣᠷᠬᠠᠶ ᠵᠢᠭᠠᠵᠤ᠂ ᠵᠢᠷᠤᠮᠯᠠᠯ ᠬᠠᠩᠭᠠᠪᠠ᠃ ᠪᠦᠬᠦ᠌ ᠣᠷᠣᠨ᠎ᠤ ᠡᠯ᠎ᠡ ᠱᠠᠲᠤᠨ᠎ᠤ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠥᠭᠦᠯᠡᠯᠲᠡ ᠪᠣᠯᠤᠨ ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠳᠦ ᠲᠤᠯᠭᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠡᠭᠦᠷᠭᠡ᠎ᠶᠢ ᠭᠦᠨᠵᠡᠭᠡᠢ ᠲᠠᠨᠢᠵᠦ᠂ 《ᠬᠡᠷᠡᠭᠴᠡᠭᠡ᠎ᠪᠡᠷ ᠬᠥᠲᠥᠯᠥᠨ ᠲᠠᠢᠴᠢᠯᠠᠬᠤ᠂ ᠥᠭᠡᠷᠡᠴᠢᠯᠡᠯᠲᠡ ᠬᠢᠵᠦ ᠪᠤᠭᠤᠮᠲᠠ ᠰᠢᠪᠲᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠦᠴᠦᠨ ᠣᠯᠭᠣᠬᠤ᠂ ᠨᠡᠭᠡᠭᠡᠯᠲᠡ ᠬᠢᠵᠦ᠍ ᠬᠠᠮᠲᠤᠷᠠᠯᠴᠠᠬᠤ ᠵᠢ ᠲᠤᠪᠤᠢᠯᠭᠠᠬᠤ》 ᠴᠢᠬᠤᠯᠠ ᠵᠠᠷᠴᠢᠮ ᠪᠠ ᠠᠷᠭ᠎ᠠ᠎ᠶᠢᠨ ᠣᠨᠣᠯ ᠶᠤᠰᠤᠭᠠᠷ ᠴᠢᠳᠠᠪᠦᠷᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠌ ᠡᠨᠡ ᠬᠦ᠌ ᠦᠨᠳᠦᠰᠦᠨ ᠠᠷᠭ᠎ᠠ ᠵᠠᠮ᠎ᠢ ᠪᠠᠲᠤ᠌ ᠡᠵᠡᠮᠳᠡᠵᠦ᠂ ᠬᠥᠭᠵᠢᠭᠦᠯᠬᠦ᠌ ᠪᠠ ᠬᠢᠨᠠᠨ ᠬᠠᠮᠢᠶᠠᠷᠬᠤ ᠡᠨᠡ ᠬᠦ᠌ ᠦᠨᠳᠦᠰᠦᠨ ᠱᠠᠭᠠᠷᠳᠠᠯᠭ᠎ᠠ ᠵᠢ ᠨᠢᠭᠡᠳᠦᠯᠲᠡᠶ ᠲᠦᠯᠦᠪᠵᠢᠭᠦᠯᠵᠦ᠂ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠢ ᠲᠤᠰᠬᠠᠶ᠋ᠢᠵᠢᠭᠰᠡᠨ ᠪᠠ ᠥᠷᠲᠡᠭ᠎ᠦᠨ ᠬᠡᠯᠬᠢᠶ᠎ᠡ᠎ᠶᠢᠨ ᠳᠡᠭᠡᠳᠦ ᠦᠵᠦᠭᠦᠷ ᠳᠠᠢᠰᠢ ᠤᠷᠲᠤᠳᠬᠠᠬᠤ᠎ᠶᠢ ᠠᠬᠢᠭᠤᠯᠵᠤ᠂ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠶ᠋ᠢᠲᠠᠶ ᠣᠯᠠᠨ ᠶᠠᠩᠵᠤ᠎ᠶᠢᠨ ᠳᠥᠭᠥᠮᠴᠢᠯᠡᠭᠰᠡᠨ ᠬᠥᠭᠵᠢᠯᠲᠡ᠎ᠶᠢ ᠠᠬᠢᠭᠤᠯᠵᠤ᠂ ᠴᠢᠨᠠᠷ ᠴᠢᠨᠰᠠᠭ᠎ᠠ ᠨᠢ ᠥᠨᠳᠥᠷ᠂ ᠪᠦᠲᠦᠴᠡ ᠨᠢ ᠰᠢᠯᠢᠳᠡᠭ᠂ ᠴᠢᠨᠠᠷ ᠨᠢ ᠰᠠᠶ᠋ᠢᠲᠠᠶ᠂ ᠠᠮᠢᠵᠢᠷᠠᠯ᠎ᠤᠨ ᠬᠦᠴᠦᠨ᠎ᠢᠶᠡᠷ ᠲᠡᠭᠦᠯᠳᠡᠷ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢᠨ ᠪᠠᠶ᠋ᠢᠷᠢᠰᠢᠯ᠎ᠢ ᠴᠢᠷᠮᠠᠢᠨ ᠪᠦᠷᠢᠯᠳᠦᠭᠦᠯᠬᠦ ᠬᠡᠷᠡᠭᠲᠡᠢ ᠭᠡᠵᠡᠢ᠃

ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠶᠢ ᠥᠷᠭᠡᠳᠬᠡᠨ ᠴᠢᠨᠠᠷ᠎ᠢ ᠳᠡᠭᠡᠭᠰᠢᠯᠡᠭᠦᠯᠬᠦ᠌ 《1 + N》 ᠲᠥᠷᠥ᠎ᠶᠢᠨ ᠪᠣᠳᠣᠯᠭ᠎ᠠ᠎ᠶᠢᠨ ᠰᠢᠰᠲ᠋ᠧᠮ᠎ᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢᠨ ᠡᠯ᠎ᠡ ᠵᠦᠢᠯ᠎ᠦᠨ ᠭᠤᠤᠯᠳᠠᠯᠭ᠎ᠠ᠎ᠲᠠᠶ ᠡᠭᠦᠷᠭᠡ᠎ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ 《ᠬᠣᠶᠠᠷ ᠰᠠᠭᠤᠷᠢᠨ》 ᠢ᠋ ᠪᠦᠲᠦᠭᠡᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠡᠷᠢᠭᠦᠨ᠎ᠦ ᠦᠢᠯᠡᠳᠬᠦ᠌ ᠦᠢᠯᠡᠴᠢᠯᠡᠭᠡ ᠵᠢ ᠶᠡᠬᠡ ᠪᠡᠷ ᠬᠥᠭᠵᠢᠭᠦᠯᠵᠦ᠍᠂ ᠠᠵᠤ ᠦᠢᠯᠡᠳᠪᠦᠷᠢ᠎ᠶᠢᠨ ᠵᠢᠷᠤᠭᠯᠠᠨ ᠲᠥᠯᠥᠪᠯᠡᠬᠦ᠌ ᠦᠢᠯᠡᠴᠢᠯᠡᠭᠡᠨ᠎ᠦ ᠦᠢᠯᠡᠰ᠎ᠢ ᠲᠦᠷᠭᠡᠳᠬᠡᠨ ᠪᠣᠶ᠋ᠢᠵᠢᠭᠤᠯᠵᠤ ᠣᠷᠣᠭᠤᠯᠤᠨ ᠠᠪᠴᠢᠷᠠᠵᠤ᠂ ᠪᠣᠳᠣᠯᠲᠠ ᠵᠢᠨ ᠬᠦᠴᠦᠨ᠎ᠤ ᠦᠢᠯᠡᠴᠢᠯᠡᠭᠡ ᠪᠠ ᠵᠣᠬᠢᠶᠠᠮᠠᠯ ᠣᠶᠤᠨ ᠴᠢᠳᠠᠪᠤᠷᠢ ᠪᠡᠷ ᠪᠦᠬᠦ᠌ ᠲᠠᠯ᠎ᠠ᠎ᠪᠠᠷ ᠬᠦᠴᠦᠨ ᠣᠯᠭᠣᠬᠤ᠎ᠶᠢ ᠠᠬᠢᠭᠤᠯᠵᠤ᠂ ᠡᠨᠧᠷᠭᠢ᠂ ᠲᠡᠮᠦᠷᠯᠢᠭ ᠬᠠᠢᠯᠤᠭᠤᠯᠬᠤ᠂ ᠬᠢᠮᠢ᠎ᠶᠢᠨ ᠠᠵᠤ ᠦᠢᠯᠡᠳᠪᠦᠷᠢ᠂ ᠲᠤᠨᠤᠭᠯᠠᠯ ᠦᠢᠯᠡᠳᠬᠦ᠌᠂ ᠮᠠᠯ ᠠᠵᠤ ᠠᠬᠤᠢ ᠲᠠᠷᠢᠶᠠᠯᠠᠩ ᠵᠡᠷᠭᠡ ᠤᠯᠠᠮᠵᠢᠯᠠᠯᠲᠤ᠌ ᠠᠵᠤ ᠦᠢᠯᠡᠰ ᠪᠠ ᠡᠨᠧᠷᠭᠢ ᠠᠷᠪᠢᠯᠠᠨ ᠣᠷᠴᠢᠨ ᠲᠣᠭᠣᠷᠢᠨ ᠢ᠋ ᠬᠠᠮᠠᠭᠠᠯᠠᠬᠤ᠂ ᠠᠮᠢᠳᠤ ᠪᠣᠳᠠᠰ᠎ᠤᠨ ᠦᠢᠯᠡᠳᠭᠡᠯ ᠵᠡᠷᠭᠡ ᠰᠢᠨ᠎ᠡ᠎ᠪᠡᠷ ᠮᠠᠨᠳᠤᠭᠰᠠᠨ ᠠᠵᠤ ᠦᠢᠯᠡᠰ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠦᠢᠯᠡᠴᠢᠯᠡᠭᠡᠨ᠎ᠦ ᠲᠤᠯᠭᠠᠭᠤᠷᠢᠯᠠᠯ᠎ᠢ ᠴᠢᠩᠭᠠᠷᠠᠭᠤᠯᠵᠤ᠂ ᠳᠡᠭᠡᠳᠦ ᠲᠡᠰᠵᠢᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ᠎ᠶᠢᠨ  ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠤᠬᠠᠶ᠎ᠶᠢᠨ ᠭᠠᠵᠠᠷ᠎ᠤᠨ ᠪᠠᠶ᠋ᠢᠳᠠᠯ᠎ᠳᠤᠨᠢ ᠲᠣᠬᠢᠷᠠᠭᠤᠯᠤᠨ ᠥᠨᠳᠥᠷ ᠲᠦᠪᠰᠢᠨ ᠪᠥᠬᠥᠶ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠨ ᠬᠦᠴᠦᠷᠬᠡᠭᠵᠢᠬᠦ᠌᠎ᠶᠢ ᠲᠦᠷᠭᠡᠳᠬᠡᠵᠦ᠍᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠢᠯᠡᠴᠢᠯᠡᠭᠡ᠎ᠶᠢ ᠪᠤᠵᠠᠭᠠᠶ᠋ᠢᠷᠠᠭᠤᠯᠤᠨ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠭᠦᠯᠳᠡᠷ ᠪᠣᠶ᠋ᠢᠵᠢᠭᠤᠯᠬᠤ ᠵᠡᠷᠭᠡ ᠳᠠᠪᠠᠭᠤᠯᠢᠭᠲᠤ ᠬᠦᠷᠢᠶ᠎ᠡ᠎ᠪᠠᠷ ᠭᠤᠤᠯᠳᠠᠯᠭ᠎ᠠ ᠪᠣᠯᠭᠠᠵᠤ᠂ 《0 ᠎ᠡᠴᠡ 1 ᠬᠥᠷᠬᠥ᠌》 ᠠᠩᠬᠠᠨ᠎ᠤ ᠰᠢᠨ᠎ᠡ᠎ᠶᠢ ᠡᠭᠦᠳᠬᠦ᠌ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠦᠨ᠂ 《1 ᠎ᠡᠴᠡ 100 ᠬᠥᠷᠬᠥ᠌》 ᠮᠡᠷᠭᠡᠵᠢᠯ᠎ᠢ ᠰᠢᠯᠵᠢᠭᠦᠯᠦᠨ ᠤᠯᠠᠷᠢᠭᠤᠯᠬᠤ ᠦᠢᠯᠡᠴᠢᠯᠡᠭᠡᠨ᠎ᠦ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ᠃ ᠥᠨᠳᠥᠷ ᠲᠦᠪᠰᠢᠨ ᠪᠥᠬᠥᠶ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠶ᠎ᠶᠢᠨ ᠪᠠᠶ᠋ᠢᠭᠤᠯᠤᠯ᠎ᠢ ᠪᠠᠶ᠋ᠢᠭᠤᠯᠬᠤ᠎ᠶᠢᠨ ᠲᠣᠭᠣᠷᠢᠨ᠎ᠳᠤ ᠲᠤᠰᠬᠠᠶ ᠦᠢᠯᠡᠴᠢᠯᠡᠭᠡᠨ ᠤ᠋ ᠬᠠᠩᠭᠠᠯᠭ᠎ᠠ ᠪᠠᠨ ᠴᠢᠩᠭᠠᠳᠬᠠᠵᠤ᠂ ᠪᠠᠷᠠᠭᠠᠨ᠎ᠤ ᠬᠦᠢᠯᠭᠡᠭᠡᠨ᠂ ᠮᠥᠩᠭᠥᠨ ᠬᠦᠢᠯᠭᠡᠭᠡᠨ᠂ ᠬᠤᠳᠠᠯᠳᠤᠭᠠᠨ᠎ᠤ ᠶᠠᠪᠤᠳᠠᠯ ᠵᠡᠷᠭᠡ ᠦᠢᠯᠡᠴᠢᠯᠡᠭᠡ ᠵᠢ ᠶᠡᠬᠡ ᠪᠡᠷ ᠬᠥᠭᠵᠢᠭᠦᠯᠵᠦ᠍᠂ ᠨᠠᠷᠠᠲᠤ᠌ ᠲᠥᠷᠥᠯ ᠲᠡᠮᠳᠡᠭ᠎ᠢ ᠤᠬᠠᠭᠠᠯᠠᠨ ᠰᠡᠳᠦᠬᠦ᠌᠂ ᠲᠤᠰᠬᠠᠶ ᠮᠡᠷᠭᠡᠵᠢᠯ᠎ᠦᠨ ᠯᠠᠪᠯᠠᠭ᠎ᠠ ᠥᠭᠬᠦ᠌᠂ ᠡᠷᠬᠡ ᠠᠰᠢᠭ᠎ᠢ ᠬᠠᠮᠠᠭᠠᠯᠠᠬᠤ ᠵᠡᠷᠭᠡ ᠲᠦᠪᠰᠢᠨ᠎ᠢ ᠳᠡᠭᠡᠭᠰᠢᠯᠡᠭᠦᠯᠵᠦ᠍᠂ ᠰᠢᠯᠭᠠᠨ ᠪᠠᠢᠴᠠᠭᠠᠬᠤ ᠪᠠᠢᠴᠠᠭᠠᠨ ᠬᠡᠮᠵᠢᠬᠦ ᠭᠡᠷᠡᠴᠢᠯᠡᠭᠦ ᠴᠢᠳᠠᠪᠤᠷᠢ᠎ᠶᠢᠨ ᠪᠠᠶ᠋ᠢᠭᠤᠯᠤᠯᠲᠠ᠎ᠶᠢ ᠴᠢᠩᠭᠠᠳᠬᠠᠵᠤ᠂ ᠦᠷ᠎ᠡ ᠳ᠋ᠦᠩ᠎ᠢ ᠣᠷᠣᠨ ᠪᠦᠰᠡ᠎ᠪᠡᠷ ᠬᠠᠷᠢᠯᠴᠠᠨ ᠮᠡᠳᠡᠷᠡᠬᠦ᠌᠎ᠶᠢ ᠠᠬᠢᠭᠤᠯᠬᠤ ᠬᠡᠷᠡᠭᠳᠡᠢ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠳᠠᠪᠬᠤᠷᠭ᠎ᠠ ᠬᠤᠪᠢᠶᠠᠨ ᠲᠥᠷᠥᠯ ᠬᠤᠪᠢᠶᠠᠨ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠵᠦ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠢ᠋ ᠰᠠᠶ᠋ᠢᠲᠤᠷ ᠬᠡᠷᠡᠭᠵᠢᠭᠦᠯᠵᠦ᠍᠂ ᠦᠨᠳᠦᠰᠦᠨ ᠬᠡᠷᠡᠭᠴᠡᠭᠡ ᠱᠠᠭᠠᠷᠳᠠᠯᠭ᠎ᠠ᠎ᠶᠢᠨ ᠲᠥᠷᠥᠯ᠎ᠦᠨ ᠦᠢᠯᠡᠴᠢᠯᠡᠭᠡ᠎ᠶᠢ ᠨᠠᠩ ᠲᠦᠭᠡᠮᠡᠯ ᠬᠠᠷᠠᠭᠠᠯᠵᠠᠯ᠎ᠲᠠᠶ ᠴᠢᠨᠠᠷ ᠰᠠᠶ᠋ᠢᠲᠠᠶ ᠪᠣᠯᠭᠠᠬᠤ᠎ᠶᠢ ᠠᠬᠢᠭᠤᠯᠵᠤ᠂ ᠲᠠᠰ ᠳᠡᠪᠰᠢᠬᠰᠡᠨ ᠲᠥᠷᠥᠯ᠎ᠦᠨ ᠦᠢᠯᠡᠴᠢᠯᠡᠭᠡᠨ᠎ᠦ ᠬᠠᠩᠭᠠᠯᠭ᠎ᠠ᠎ᠶᠢ ᠥᠷᠭᠡᠳᠬᠡᠵᠦ᠍᠂ ᠥᠪᠡᠷᠮᠢᠴᠡ ᠦᠢᠯᠡᠴᠢᠯᠡᠭᠡ᠎ᠶᠢ ᠨᠠᠷᠢᠯᠢᠭ ᠨᠢᠮᠪᠠᠢ ᠬᠢᠬᠦ ᠭᠡᠷᠡᠭᠳᠡᠢ᠃ ᠨᠡᠶ᠋ᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ᠌᠎ᠲᠡᠶ ᠤᠶᠠᠯᠳᠤᠭᠤᠯᠤᠨ ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ᠎ᠶᠢᠨ ᠳᠠᠮᠢᠷ ᠬᠤᠳᠠᠯᠳᠤᠭ᠎ᠠ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠌᠎ᠶᠢ ᠲᠦᠷᠭᠡᠳᠬᠡᠵᠦ᠍᠂ 《ᠵᠠᠭᠤᠨ ᠦᠢᠯᠡᠰ + ᠰᠣᠶᠣᠯ ᠵᠢᠭᠤᠯᠴᠢᠯᠠᠯ》᠎ᠤ᠋ᠨ ᠪᠠᠭᠲᠠᠭᠠᠮᠵᠢ᠎ᠶᠢ ᠥᠷᠭᠡᠳᠬᠡᠬᠦ᠌ ᠠᠵᠢᠯᠯᠠᠭ᠎ᠠ ᠵᠢ ᠰᠢᠨ᠎ᠡ᠎ᠶᠢ ᠡᠭᠦᠳᠦᠨ ᠬᠡᠷᠡᠭᠵᠢᠭᠦᠯᠵᠦ᠍᠂ ᠵᠢᠭᠤᠯᠴᠢᠯᠠᠯ᠎ᠤᠨ ᠦᠢᠯᠡᠳᠬᠦᠨ᠎ᠦ ᠰᠢᠨ᠎ᠡ᠎ᠶᠢ ᠡᠭᠦᠳᠬᠦ᠌ ᠪᠠ ᠦᠵᠡᠮᠵᠢ᠎ᠶᠢᠨ ᠣᠷᠣᠨ᠎ᠤ ᠰᠠᠭᠤᠷᠢ᠎ᠶᠢ ᠪᠡᠬᠢᠵᠢᠭᠦᠯᠦᠨ ᠰᠢᠨ᠎ᠡ᠎ᠶᠢ ᠡᠭᠦᠳᠬᠦ᠌᠎ᠶᠢ ᠠᠬᠢᠭᠤᠯᠵᠤ᠂ ᠠᠳᠠᠯᠢ ᠪᠤᠰᠤ ᠬᠡᠷᠡᠭᠯᠡᠭᠡᠨ᠎ᠦ ᠬᠠᠮᠲᠤᠯᠢᠭ᠎ᠤᠨ ᠬᠡᠷᠡᠭᠴᠡᠭᠡ᠎ᠳᠦ ᠵᠣᠬᠢᠴᠠᠭᠤᠯᠤᠨ ᠨᠠᠩ ᠣᠯᠠᠨ ᠵᠠᠬᠢᠶᠠᠯᠠᠭ᠎ᠠ᠎ᠶᠢᠨ ᠵᠢᠭᠤᠯᠴᠢᠯᠠᠯ᠂ ᠲᠤᠬᠳᠠᠭᠠᠯᠳᠤ ᠭᠡᠯᠪᠡᠷᠢ ᠵᠢᠨ  ᠵᠢᠭᠤᠯᠴᠢᠯᠠᠯ᠎ᠢ ᠭᠠᠷᠭᠠᠵᠤ᠂ ᠰᠡᠳᠬᠢᠯ ᠰᠠᠨᠠᠭ᠎ᠠ ᠲᠠᠭᠠᠯᠠᠮᠵᠢᠲᠠᠶ ᠵᠢᠭᠤᠯᠴᠢᠯᠠᠯ᠎ᠤᠨ ᠣᠷᠴᠢᠨ ᠲᠤᠭᠤᠷᠢᠨ᠎ᠢ ᠪᠣᠶ ᠪᠣᠯᠭᠠᠬᠤ ᠬᠡᠷᠡᠭᠳᠡᠢ᠃ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ ᠵᠡᠷᠭᠡ ᠲᠠᠪᠴᠠᠩ᠎ᠤᠨ ᠠᠴᠢᠶᠠᠯᠠᠪᠤᠷᠢ᠎ᠳᠤ ᠲᠦᠰᠢᠭᠯᠡᠨ ᠦᠢᠯᠡᠴᠢᠯᠡᠭᠡᠨ᠎ᠦ ᠦᠢᠯᠡᠰ᠎ᠦᠨ ᠨᠡᠭᠡᠭᠡᠯᠲᠡᠲᠦ᠍ ᠬᠠᠮᠲᠤᠷᠠᠯᠴᠠᠭᠠᠨ᠎ᠤ ᠲᠦᠪᠰᠢᠨ᠎ᠢ ᠳᠡᠭᠡᠭᠰᠢᠯᠡᠭᠦᠯᠵᠦ᠍᠂ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠬᠤ᠎ᠶᠢ ᠵᠣᠷᠢᠭᠵᠢᠭᠤᠯᠬᠤ ᠠᠵᠤ ᠦᠢᠯᠡᠰ᠎ᠦᠨ ᠭᠠᠷᠴᠠᠭ ᠪᠠ ᠬᠢᠯᠢ ᠠᠯᠤᠰᠯᠠᠭᠰᠠᠨ ᠦᠢᠯᠡᠴᠢᠯᠡᠭᠡᠨ᠎ᠦ ᠠᠷᠠᠯᠵᠢᠶᠠᠨ᠎ᠤ ᠲᠦᠷᠦ᠎ᠶᠢᠨ ᠪᠤᠳᠤᠯᠭ᠎ᠠ᠎ᠶᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠰᠢᠨ᠎ᠡ ᠡᠨᠧᠷᠭᠢ᠂ ᠪᠤᠳᠤᠯᠳᠠ᠎ᠶᠢᠨ ᠬᠦᠴᠦᠨ᠂ ᠰᠣᠶᠣᠯ᠂ ᠵᠢᠭᠤᠯᠴᠢᠯᠠᠯ᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠡᠷᠭᠡ ᠤᠨᠴᠠᠯᠢᠬᠳᠤ ᠳᠠᠪᠠᠭᠤᠯᠢᠭ ᠬᠦᠷᠢᠶᠡᠨ᠎ᠦ ᠦᠢᠯᠡᠴᠢᠯᠡᠭᠡ 《ᠲᠠᠯᠠᠢ᠎ᠳᠦ ᠭᠠᠷᠬᠤ》 ᠵᠢ ᠠᠬᠢᠭᠤᠯᠵᠤ᠂ ᠪᠡᠭᠡᠵᠢᠩ ᠲᠢᠶᠠᠨᠵᠢᠨ ᠾᠸᠪᠸᠢ᠂ ᠬᠥᠬᠡᠮᠥᠢ᠍ᠷᠡᠨ᠎ᠦ ᠭᠤᠷᠪᠠᠯᠵᠢᠨ ᠬᠣᠶ᠋ᠢᠭ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ ᠵᠡᠷᠭᠡ ᠭᠠᠵᠠᠷ᠎ᠯᠤᠭ᠎ᠠ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃

ᠸᠠᠩ ᠸᠧᠢ ᠵᠦᠩ᠂ ᠡᠯ᠎ᠡ ᠱᠠᠲᠤᠨ᠎ᠤ ᠬᠢᠨ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠥᠪ ᠦᠵᠡᠯᠲᠡ᠎ᠶᠢ ᠪᠠᠲᠤ᠌ ᠪᠤᠢ ᠪᠣᠯᠭᠠᠨ ᠦᠢᠯᠡᠳᠦᠯᠭᠡᠵᠢᠭᠦᠯᠵᠦ᠍᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭᠠᠳᠬᠠᠵᠤ᠂ ᠠᠵᠢᠯ᠎ᠤᠨ ᠬᠠᠮᠲᠤᠷᠠᠯ ᠬᠦᠴᠦᠨ᠎ᠢᠶᠡᠨ ᠴᠢᠩᠭᠠᠳᠬᠠᠵᠤ᠂ ᠲᠦᠷᠦ᠎ᠶᠢᠨ ᠪᠤᠳᠤᠯᠭ᠎ᠠ᠎ᠶᠢᠨ ᠬᠠᠩᠭᠠᠯᠭ᠎ᠠ᠎ᠶᠢ ᠴᠢᠩᠭᠠᠳᠬᠠᠵᠤ᠂ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠶ᠋ᠢᠲᠠᠢ ᠥᠨᠳᠥᠷ ᠪᠦᠲᠦᠮᠵᠢᠲᠡᠢ ᠬᠥᠭᠵᠢᠬᠦ᠌᠎ᠳᠦ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢ ᠲᠥᠯᠥᠪᠯᠡᠬᠦ᠌ ᠪᠠ ᠠᠬᠢᠭᠤᠯᠬᠤ ᠴᠢᠳᠠᠪᠤᠷᠢ ᠪᠣᠯᠤᠨ ᠲᠦᠪᠰᠢᠨ᠎ᠢᠶᠡᠨ ᠳᠡᠭᠡᠭᠰᠢᠯᠡᠭᠦᠯᠵᠦ᠍᠂ ᠦᠨᠡᠨ ᠪᠣᠳᠠᠲᠠᠶ ᠠᠵᠢᠯᠯᠠᠭ᠎ᠠ᠎ᠪᠠᠷ᠎ᠢᠶᠠᠨ ᠨᠢᠭᠡᠨᠲᠡ ᠲᠣᠭᠲᠠᠭᠠᠭᠰᠠᠨ ᠬᠠᠷᠠᠯᠲᠠ ᠡᠭᠦᠷᠭᠡ ᠵᠢ ᠦᠷ᠎ᠡ ᠪᠦᠲᠦᠮᠵᠢ ᠤᠯᠳᠠᠯ᠎ᠠ ᠰᠠᠢᠳᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠰᠦᠬᠡ ᠡᠴᠡ ᠥᠪᠡᠷᠲᠡᠭᠡᠨ ᠵᠠᠰᠠᠬᠤ ᠣᠷᠣᠨ᠎ᠤ ᠦᠢᠯᠡᠴᠢᠯᠡᠭᠡᠨ᠎ᠤ ᠦᠢᠯᠡᠰ᠎ᠤᠨ ᠴᠢᠳᠠᠪᠤᠷᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠌ 《1 + N》 ᠲᠥᠷᠥ᠎ᠶᠢᠨ ᠪᠣᠳᠣᠯᠭ᠎ᠠ᠎ᠶᠢᠨ ᠰᠢᠰᠲ᠋ᠧᠮ᠎ᠤᠨ ᠲᠤᠬᠠᠢ ᠲᠠᠶ᠋ᠢᠯᠤᠮᠵᠢ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠲᠣᠭ᠎ᠠ ᠪᠦᠷᠢᠳᠬᠡᠯ᠎ᠦᠨ ᠲᠣᠪᠴᠢᠶ᠎ᠠ ᠪᠣᠯᠤᠨ ᠬᠥᠬᠡᠬᠣᠲᠠ᠂ ᠪᠤᠭᠤᠲᠤ᠌ ᠬᠣᠲᠠ᠂ ᠣᠷᠳᠣᠰ ᠬᠣᠲᠠ᠎ᠶᠢᠨ ᠭᠤᠤᠯ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃

ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡᠠᠶ᠋ᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号