ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠰᠢᠯᠢᠳᠡᠭ ᠨᠠᠮ᠎ᠤᠨ ᠭᠡᠰᠢᠭᠦᠨ᠂ ᠤᠷᠲᠤ᠌ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ᠌ ᠶᠣᠰᠣᠨ ᠤ ᠰᠢᠳᠤᠷᠭᠤ ᠪᠠᠶ᠋ᠢᠯᠳᠤᠭᠴᠢ᠂ ᠦᠭᠡᠶ᠋ᠢᠭᠦᠦ ᠠᠩᠭᠢ᠎ᠶᠢᠨ ᠭᠠᠷᠮᠠᠭᠠᠢ ᠬᠤᠪᠢᠰᠬᠠᠯᠴᠢ᠂ ᠤᠯᠤᠰ ᠲᠦᠷᠦᠴᠢᠨ᠂ ᠨᠠᠮ ᠪᠠ ᠤᠯᠤᠰ᠎ᠤᠨ ᠭᠠᠷᠮᠠᠭᠠᠢ ᠤᠳᠤᠷᠢᠳᠬᠤ ᠬᠥᠮᠦᠨ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠠᠷᠪᠠᠨ ᠳᠥᠷᠪᠡᠳᠦᠭᠡᠷ᠂ ᠠᠷᠪᠠᠨ ᠲᠠᠪᠤᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠪᠠᠶ᠋ᠢᠩᠭᠤ᠎ᠶᠢᠨ ᠭᠡᠰᠢᠭᠦᠨ᠂ ᠲᠦᠷᠦ᠎ᠶᠢᠨ ᠶᠠᠪᠤᠳᠠᠯ᠎ᠤᠨ ᠬᠤᠷᠢᠶ᠎ᠠ ᠵᠢᠨ ᠤᠤᠯ᠎ᠤᠨ ᠶᠡᠷᠦᠩᠬᠡᠢ ᠰᠠᠶ᠋ᠢᠳ ᠵᠦ᠍ ᠷᠦᠩ ᠵᠶ᠋ᠢ ᠨᠥᠬᠥᠷ ᠡᠪᠡᠳᠴᠢᠨ ᠡᠴᠡ ᠪᠤᠯᠵᠤ ᠡᠮᠨᠡᠭᠦᠯᠦᠭᠡᠳ ᠲᠤᠰᠠ ᠪᠣᠯᠤᠭᠰᠠᠨ ᠦᠭᠡᠢ᠂ 2026 ᠣᠨ᠎ᠤ 8 ᠰᠠᠷ᠎ᠠ᠎ᠶᠢᠨ 12 ᠤ᠋ᠨ 11 ᠴᠠᠭ 06 ᠮᠢᠨᠦᠢ᠍ᠲᠲᠦ᠍ ᠪᠡᠭᠡᠵᠢᠩ᠎ᠳᠦ ᠨᠠᠰᠤ ᠪᠠᠷᠠᠪᠠ᠂ ᠨᠠᠰᠤᠨ ᠰᠡᠭᠦᠳᠡᠷ 98᠃

1991 ᠣᠨ ᠤ 2 ᠰᠠᠷ᠎ᠠ᠎ᠶᠢᠨ 6 ᠤ᠋ ᠡᠳᠦᠷ᠂ ᠳ᠋ᠧᠩ ᠰᠢᠶᠤᠤ ᠫᠢᠩ ᠨᠥᠬᠥᠷ ᠱᠠᠩᠬᠠᠢ᠎ᠶᠢᠨ ᠳ᠋ᠠ ᠵᠦᠩ ᠮᠠᠰᠢᠨ ᠲᠡᠷᠭᠡᠨ ᠦ ᠬᠢᠵᠠᠭᠠᠷᠲᠤ᠌ ᠺᠣᠮᠫᠠᠨᠢ᠎ᠳᠤ ᠰᠢᠨᠵᠢᠯᠡᠨ ᠪᠠᠶ᠋ᠢᠴᠠᠭᠠᠵᠤ᠂ ᠵᠦ᠍ ᠷᠦᠩ ᠵᠶ᠋ᠢ ᠨᠥᠬᠥᠷ ᠪᠠᠷ᠎ᠠ ᠪᠣᠯᠪᠠ᠃
ᠰᠢᠨᠬᠤᠸᠠ ᠬᠤᠷᠢᠶ᠎ᠠ ᠵᠢᠨ ᠭᠡᠷᠡᠯ ᠵᠢᠷᠤᠭ
ᠵᠤ᠌ ᠷᠦᠩ ᠵᠶ᠋ᠢ ᠨᠥᠬᠥᠷ᠂ 1928 ᠣᠨ ᠤ 10 ᠰᠠᠷ᠎ᠠ᠎ᠶᠢᠨ 23 ᠤ᠋ ᠡᠳᠦᠷ ᠲᠦᠷᠦᠵᠡᠢ᠂ ᠬᠤᠨᠠᠨ ᠤ ᠴᠠᠩᠱᠠ᠎ᠶᠢᠨ ᠬᠥᠮᠦᠨ᠃ 1948 ᠣᠨ ᠤ 12 ᠰᠠᠷ᠎ᠠ᠎ᠳᠤ ᠬᠤᠪᠢᠰᠬᠠᠯ ᠤᠨ ᠠᠵᠢᠯ ᠳᠤ ᠣᠷᠣᠯᠴᠠᠵᠤ᠂ 1949 ᠣᠨ ᠤ 10 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ᠌ ᠨᠠᠮ᠎ᠳᠤ ᠡᠯᠰᠡᠭᠳᠡᠪᠡ᠃ ᠲᠡᠷᠡ ᠵᠠᠯᠠᠭᠤ ᠪᠠᠭ᠎ᠠ ᠵᠢᠨ ᠦᠶ᠎ᠠ ᠡᠴᠡ ᠪᠡᠨ ᠡᠬᠡ ᠤᠯᠤᠰ ᠢᠶᠠᠨ ᠬᠠᠶ᠋ᠢᠷᠠᠯᠠᠵᠤ᠂ ᠰᠢᠷᠭᠠᠭᠤ ᠬᠠᠳᠠᠭᠤᠵᠢᠯᠳᠠᠢ ᠰᠤᠷᠤᠯᠴᠠᠵᠤ᠂ ᠲᠠᠪᠰᠢᠯᠳᠠ ᠶᠢ ᠬᠥᠭᠡᠭᠡᠴᠡᠯᠳᠦᠨ᠂ ᠡᠬᠡ ᠤᠯᠤᠰ᠎ᠤᠨ᠎ᠢᠶᠠᠨ ᠲᠥᠯᠥᠭᠡ ᠵᠢᠳᠬᠦᠬᠦ᠌᠎ᠪᠡᠷ ᠵᠣᠷᠢᠭ ᠰᠢᠭᠤᠳᠴᠠᠶ᠃ 1947 ᠣᠨ ᠡᠴᠡ 1951 ᠣᠨ ᠪᠣᠯᠲᠠᠯ᠎ᠠ᠂ ᠴᠢᠩᠬᠤᠸᠠ ᠶᠡᠬᠡ ᠰᠤᠷᠭᠠᠭᠤᠯᠢ᠎ᠶᠢᠨ ᠴᠠᠬᠢᠯᠭᠠᠨ ᠮᠠᠰᠢᠨ᠎ᠤ ᠰᠠᠯᠪᠤᠷᠢ᠎ᠶᠢᠨ ᠴᠠᠬᠢᠯᠭᠠᠨ ᠮᠠᠰᠢᠨ ᠦᠢᠯᠡᠳᠬᠦ᠌ ᠲᠤᠰᠬᠠᠢ ᠮᠡᠷᠭᠡᠵᠢᠯ ᠢᠶᠡᠷ ᠰᠤᠷᠤᠯᠴᠠᠭᠰᠠᠨ ᠪᠥᠭᠡᠳ 《ᠰᠢᠨ᠎ᠡ ᠠᠷᠠᠳᠴᠢᠯᠠᠭᠰᠠᠨ ᠶᠣᠰᠣᠨ᠎ᠤ ᠵᠠᠯᠠᠭᠤᠴᠤᠳ ᠤᠨ ᠬᠣᠯᠪᠣᠭ᠎ᠠ》᠎ᠳ᠋ᠤ᠌ ᠣᠷᠣᠯᠴᠠᠵᠠᠢ᠃ 1951 ᠣᠨ ᠡᠴᠡ 1952 ᠣᠨ ᠪᠣᠯᠲᠠᠯ᠎ᠠ᠂ ᠵᠡᠭᠦᠨ ᠬᠣᠶ᠋ᠢᠲᠤ᠌ ᠣᠷᠣᠨ ᠤ ᠠᠵᠤ ᠦᠢᠯᠡᠳᠪᠦᠷᠢ᠎ᠶᠢᠨ ᠶᠠᠮᠤᠨ᠎ᠤ ᠲᠥᠯᠥᠪᠯᠡᠭᠡ᠎ᠵᠢᠨ ᠭᠠᠵᠠᠷ᠎ᠤᠨ ᠦᠢᠯᠡᠳᠪᠦᠷᠢᠯᠡᠯ ᠦᠨ ᠲᠥᠯᠥᠪᠯᠡᠭᠡ᠎ᠵᠢᠨ ᠲᠠᠰᠤᠭ ᠤᠨ ᠳᠡᠳ᠋ ᠡᠷᠬᠢᠯᠡᠭᠴᠢ ᠵᠢᠨ ᠲᠤᠰᠢᠶᠠᠯ᠎ᠢ ᠡᠭᠦᠷᠭᠡᠯᠡᠪᠡ᠃ 1952 ᠣᠨ᠎ᠡᠴᠡ 1958 ᠣᠨ ᠪᠣᠯᠲᠠᠯ᠎ᠠ᠂ ᠤᠯᠤᠰ᠎ᠤᠨ ᠲᠥᠯᠥᠪᠯᠡᠭᠡ ᠵᠢᠨ ᠵᠦᠪᠯᠡᠯ᠎ᠤᠨ ᠲᠦᠯᠡᠰᠢᠨ ᠬᠥᠳᠡᠯᠭᠡᠬᠦ ᠬᠦᠴᠦᠨ᠎ᠦ ᠲᠣᠪᠴᠢᠢ᠎ᠠ᠂ ᠶᠡᠷᠦᠩᠬᠡᠢ ᠲᠣᠪᠴᠢᠶᠠᠨ᠎ᠤ ᠳᠤᠭᠤᠶ᠋ᠢᠯᠠᠩ ᠤᠨ ᠳᠠᠷᠤᠭ᠎ᠠ᠂ ᠤᠯᠤᠰ ᠤᠨ ᠲᠥᠯᠥᠪᠯᠡᠭᠡ ᠵᠢᠨ ᠵᠦᠪᠯᠡᠯ᠎ᠤᠨ ᠡᠷᠬᠢᠯᠡᠭᠴᠢ᠎ᠶᠢᠨ ᠠᠯᠪᠠᠨ ᠭᠡᠷ᠎ᠦᠨ ᠳᠡᠳ᠋ ᠭᠠᠵᠠᠷ᠎ᠤᠨ ᠳᠠᠷᠤᠭ᠎ᠠ᠂ ᠤᠯᠤᠰ᠎ᠤᠨ ᠲᠥᠯᠥᠪᠯᠡᠭᠡ ᠵᠢᠨ ᠵᠦᠪᠯᠡᠯ᠎ᠤᠨ ᠮᠧᠬᠠᠨᠢᠭ᠎ᠤᠨ ᠲᠣᠪᠴᠢᠶᠠᠨ ᠤ ᠶᠡᠷᠦᠩᠬᠡᠢ ᠭᠠᠵᠠᠷ ᠤᠨ ᠳᠡᠳ᠋ ᠳᠠᠷᠤᠭ᠎ᠠ ᠵᠢᠨ ᠲᠤᠰᠢᠶᠠᠯ᠎ᠢ ᠡᠭᠦᠷᠭᠡᠯᠡᠪᠡ᠃ 1958 ᠣᠨ᠎ᠡᠴᠡ 1969 ᠣᠨ ᠪᠣᠯᠲᠠᠯ᠎ᠠ᠂ ᠤᠯᠤᠰ᠎ᠤᠨ ᠲᠥᠯᠥᠪᠯᠡᠭᠡ ᠵᠢᠨ ᠵᠦᠪᠯᠡᠯ᠎ᠤᠨ ᠺᠠᠳ᠋ᠷ᠎ᠤᠨ ᠠᠵᠢᠯ᠎ᠤᠨ ᠴᠢᠯᠥᠭᠡᠨ᠎ᠦ ᠰᠤᠷᠭᠠᠭᠤᠯᠢ᠎ᠶᠢᠨ ᠪᠠᠭᠰᠢ᠂ ᠤᠯᠤᠰ ᠠᠷᠠᠳ᠎ᠤᠨ ᠠᠵᠤ ᠠᠬᠤᠢ᠎ᠶᠢᠨ ᠶᠡᠷᠦᠩᠬᠡᠢ ᠲᠣᠪᠴᠢᠶᠠᠨ ᠤ ᠢᠨᠵᠧᠨᠧᠷ ᠤᠨ ᠲᠤᠰᠢᠶᠠᠯ᠎ᠢ ᠡᠭᠦᠷᠭᠡᠯᠡᠪᠡ᠃ 1970 ᠣᠨ᠎ᠡᠴᠡ 1975 ᠣᠨ ᠪᠣᠯᠲᠠᠯ᠎ᠠ᠂ ᠤᠯᠤᠰ ᠤᠨ ᠲᠥᠯᠥᠪᠯᠡᠭᠡ ᠵᠢᠨ ᠵᠦᠪᠯᠡᠯ ᠤᠨ 《5·7》 ᠺᠠᠳ᠋ᠷ ᠤᠨ ᠰᠤᠷᠭᠠᠭᠤᠯᠢ ᠳᠤ ᠪᠠᠭᠤᠵᠤ ᠬᠥᠳᠡᠯᠮᠦᠷᠢᠯᠡᠪᠡ᠃ 1975 ᠣᠨ ᠡᠴᠡ 1979 ᠣᠨ ᠪᠣᠯᠲᠠᠯ᠎ᠠ᠂ ᠴᠢᠯᠠᠭᠤᠨ ᠲᠤᠰ᠎ᠤᠨ ᠤ ᠠᠵᠤ ᠦᠢᠯᠡᠳᠪᠦᠷᠢ ᠶᠢᠨ ᠶᠠᠮᠤᠨ᠎ᠤ ᠳᠠᠮᠵᠢᠭᠤᠯᠬᠤ ᠬᠣᠭᠣᠯᠠᠢ᠎ᠶᠢᠨ ᠲᠣᠪᠴᠢᠶᠠᠨ᠎ᠤ ᠴᠠᠬᠢᠯᠭᠠᠨ ᠬᠦᠴᠦ᠍ ᠴᠢᠮᠡᠭᠡ ᠬᠣᠯᠪᠣᠭᠠᠨ᠎ᠤ ᠪᠠᠷᠢᠯᠭ᠎ᠠ᠎ᠶᠢᠨ ᠺᠤᠮᠫᠠᠨᠢ᠎ᠶᠢᠨ ᠠᠯᠪᠠᠨ ᠭᠡᠷ᠎ᠦᠨ ᠳᠡᠳ᠋ ᠡᠷᠬᠢᠯᠡᠭᠴᠢ᠂ ᠳᠡᠳ᠋ ᠡᠷᠬᠢᠯᠡᠭᠴᠢ ᠢᠨᠵᠧᠨᠧᠷ᠂ ᠳᠤᠮᠳᠠᠳᠤ ᠤᠯᠤᠰ ᠤᠨ ᠨᠡᠶ᠋ᠢᠭᠡᠮ ᠦᠨ ᠰᠢᠨᠵᠢᠯᠡᠬᠦ᠌ ᠤᠬᠠᠭᠠᠨ᠎ᠤ ᠬᠦᠷᠢᠶᠡᠯᠡᠩ ᠦᠨ ᠠᠵᠤ ᠦᠢᠯᠡᠳᠪᠦᠷᠢ ᠵᠢᠨ ᠠᠵᠤ ᠠᠬᠤᠢ ᠰᠤᠳᠤᠯᠬᠤ ᠭᠠᠵᠠᠷ ᠲᠠᠰᠤᠭ᠎ᠤᠨ ᠡᠷᠬᠢᠯᠡᠭᠴᠢ ᠵᠢᠨ ᠲᠤᠰᠢᠶᠠᠯ ᠢ ᠡᠭᠦᠷᠭᠡᠯᠡᠪᠡ᠃ 1979 ᠣᠨ᠎ᠡᠴᠡ 1983 ᠣᠨ ᠪᠣᠯᠲᠠᠯ᠎ᠠ᠂ ᠤᠯᠤᠰ᠎ᠤᠨ ᠠᠵᠤ ᠠᠬᠤᠢ᠎ᠶᠢᠨ ᠵᠦᠪᠯᠡᠯ᠎ᠤᠨ ᠲᠦᠯᠡᠰᠢᠨ ᠬᠥᠳᠡᠯᠭᠡᠬᠦ ᠬᠦᠴᠦᠨ᠎ᠦ ᠲᠣᠪᠴᠢᠶᠠᠨ᠎ᠤ ᠭᠠᠵᠠᠷ᠎ᠤᠨ ᠳᠠᠷᠤᠭ᠎ᠠ᠂ ᠶᠡᠷᠦᠩᠬᠡᠢ ᠲᠣᠪᠴᠢᠶᠠᠨ᠎ᠤ ᠳᠡᠳ᠋ ᠳᠠᠷᠤᠭ᠎ᠠ᠂ ᠮᠡᠷᠭᠡᠵᠢᠯ᠎ᠦᠨ ᠥᠭᠡᠷᠡᠴᠢᠯᠡᠯᠲᠡ᠎ᠶᠢᠨ ᠲᠣᠪᠴᠢᠶᠠᠨ᠎ᠤ ᠳᠠᠷᠤᠭ᠎ᠠ᠂ ᠤᠯᠤᠰ᠎ᠤᠨ ᠠᠵᠤ ᠠᠬᠤᠢ᠎ᠶᠢᠨ ᠵᠦᠪᠯᠡᠯ᠎ᠤᠨ ᠭᠡᠰᠢᠭᠦᠨ᠎ᠤ ᠲᠤᠰᠢᠶᠠᠯ᠎ᠢ ᠡᠭᠦᠷᠭᠡᠯᠡᠪᠡ᠃ 1983 ᠣᠨ᠎ᠡᠴᠡ 1987 ᠣᠨ ᠪᠣᠯᠲᠠᠯ᠎ᠠ᠂ ᠤᠯᠤᠰ᠎ᠤᠨ ᠠᠵᠤ ᠠᠬᠤᠢ᠎ᠶᠢᠨ ᠵᠦᠪᠯᠡᠯ ᠤᠨ ᠳᠡᠳ᠋ ᠡᠷᠬᠢᠯᠡᠭᠴᠢ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠤᠯᠤᠰ ᠤᠨ ᠠᠵᠤ ᠠᠬᠤᠢ᠎ᠶᠢᠨ ᠵᠦᠪᠯᠡᠯ᠎ᠤᠨ ᠳᠡᠳ᠋ ᠡᠷᠬᠢᠯᠡᠭᠴᠢ᠂ ᠨᠠᠮ᠎ᠤᠨ ᠤᠳᠤᠷᠢᠳᠬᠤ ᠳᠤᠭᠤᠶ᠋ᠢᠯᠠᠩ ᠤᠨ ᠳᠡᠳ᠋ ᠱᠦᠵᠢ ᠵᠢᠨ ᠲᠤᠰᠢᠶᠠᠯ᠎ᠢ ᠡᠭᠦᠷᠭᠡᠯᠡᠪᠡ᠃ ᠲᠡᠷᠡ᠂ ᠤᠯᠤᠰ ᠤᠨ ᠠᠵᠤ ᠠᠬᠤᠶ ᠶᠢᠨ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠨ ᠠᠵᠤ ᠠᠬᠤᠶ᠋ᠢᠯᠠᠯ ᠤᠨ ᠮᠡᠷᠭᠡᠵᠢᠯ ᠦᠨ ᠲᠠᠪᠰᠢᠯᠳᠠ᠎ᠶᠢᠨ ᠠᠵᠢᠯ᠎ᠳᠡᠬᠢ ᠬᠠᠮᠢᠶᠠᠷᠤᠯᠲᠠ᠎ᠶᠢᠨ ᠡᠭᠦᠷᠭᠡ ᠴᠢᠳᠠᠪᠬᠢᠳᠤ 《ᠭᠤᠷᠪᠠ᠎ᠶᠢ ᠬᠤᠪᠢᠷᠠᠭᠤᠯᠬᠤ》ᠵᠢ ᠪᠡᠶᠡᠯᠡᠭᠦᠯᠬᠦ᠌ ᠬᠡᠷᠡᠭᠲᠡᠶ᠂ ᠳᠠᠷᠤᠶ ᠪᠡᠯᠡ ᠣᠷᠣᠭᠤᠯᠤᠯᠲᠠ᠎ᠶᠢᠨ ᠳᠡᠮᠵᠢᠯᠭᠡ ᠪᠡᠷ ᠭᠣᠣᠯ ᠪᠣᠯᠭᠠᠵᠤ ᠪᠠᠶ᠋ᠢᠭᠰᠠᠨ᠎ᠢ ᠲᠦᠷᠦ᠎ᠶᠢᠨ ᠪᠤᠳᠤᠯᠭ᠎ᠠ᠎ᠶᠢᠨ ᠳᠡᠮᠵᠢᠯᠭᠡ ᠪᠡᠷ ᠭᠣᠣᠯ ᠪᠣᠯᠭᠠᠬᠤ ᠲᠡᠢᠰᠢ ᠬᠤᠪᠢᠷᠠᠭᠤᠯᠵᠤ᠂ ᠵᠢᠭᠠᠪᠤᠷᠢ᠎ᠶᠢᠨ ᠴᠢᠨᠠᠷᠲᠠᠶ ᠲᠥᠯᠥᠪᠯᠡᠭᠡ ᠪᠡᠷ ᠭᠣᠣᠯ ᠪᠣᠯᠭᠠᠵᠤ ᠪᠠᠶ᠋ᠢᠭᠰᠠᠨ᠎ᠢ ᠵᠢᠯᠣᠭᠣᠳᠬᠤ ᠴᠢᠨᠠᠷᠲᠠᠶ ᠲᠥᠯᠥᠪᠯᠡᠭᠡ᠎ᠪᠡᠷ ᠭᠣᠣᠯ ᠪᠣᠯᠭᠠᠬᠤ ᠲᠡᠢᠰᠢ ᠬᠤᠪᠢᠷᠠᠭᠤᠯᠵᠤ᠂ ᠵᠠᠰᠠᠭ ᠵᠠᠬᠢᠷᠭᠠᠨ᠎ᠤ ᠠᠷᠭ᠎ᠠ ᠪᠠᠷᠢᠯ᠎ᠢᠶᠠᠷ ᠭᠣᠣᠯ ᠪᠣᠯᠭᠠᠵᠤ ᠪᠠᠶ᠋ᠢᠭᠰᠠᠨ᠎ᠢ ᠠᠵᠤ ᠠᠬᠤᠶ᠎ᠶᠢᠨ ᠠᠷᠭ᠎ᠠ ᠪᠠᠷᠢᠯ ᠪᠣᠯᠤᠨ ᠬᠠᠤᠯᠢ ᠴᠠᠭᠠᠵᠠ᠎ᠶᠢᠨ ᠠᠷᠭ᠎ᠠ ᠪᠠᠷᠢᠯ᠎ᠢᠶᠠᠷ ᠭᠣᠣᠯ ᠪᠣᠯᠭᠠᠬᠤ ᠲᠡᠢᠰᠢ ᠬᠤᠪᠢᠷᠠᠭᠤᠯᠵᠤ᠂ ᠠᠵᠢᠯ᠎ᠤᠨ ᠭᠣᠣᠯᠳᠠᠯᠭ᠎ᠠ ᠪᠠᠨ ᠲᠥᠯᠥᠪᠵᠢᠭᠦᠯᠭᠡ᠂ ᠲᠦᠷᠦ᠎ᠶᠢᠨ ᠪᠤᠳᠤᠯᠭ᠎ᠠ᠂ ᠬᠠᠤᠯᠢ ᠲᠦᠷᠢᠮ ᠲᠤᠭᠲᠠᠭᠠᠬᠤ ᠪᠣᠯᠤᠨ ᠵᠣᠬᠢᠶᠠᠨ ᠪᠠᠶ᠋ᠢᠭᠤᠯᠤᠯᠲᠠ᠎ᠶᠢᠨ ᠵᠣᠬᠢᠴᠠᠭᠤᠯᠭ᠎ᠠ᠂ ᠪᠠᠶ᠋ᠢᠴᠠᠭᠠᠯᠲᠠ ᠬᠢᠨᠠᠯᠲᠠ ᠵᠡᠷᠭᠡ ᠲᠠᠯ᠎ᠠ᠎ᠳᠤ ᠲᠠᠯᠪᠢᠵᠤ᠂ ᠬᠣᠷᠸ᠎ᠠ ᠬᠠᠮᠢᠶᠠᠷᠤᠯᠲᠠ᠎ᠶᠢ ᠴᠢᠩᠭᠠᠳᠭᠠᠨ᠎ᠠ; ᠭᠠᠳᠠᠭᠠᠳᠤ ᠠᠷᠠᠯᠵᠢᠶᠠᠨ ᠤ ᠳᠤᠮᠳᠠ᠂ ᠮᠡᠷᠭᠡᠵᠢᠯ᠎ᠢ ᠣᠷᠣᠭᠤᠯᠤᠨ ᠠᠪᠴᠢᠷᠠᠬᠤ ᠪᠠ ᠠᠷᠠᠯᠵᠢᠶ᠎ᠠ᠎ᠶᠢ ᠥᠷᠭᠡᠳᠬᠡᠬᠦ᠌ ᠵᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠠᠵᠤ ᠠᠬᠤᠶ᠋ᠢᠯᠠᠯ᠎ᠤᠨ ᠮᠡᠷᠭᠡᠵᠢᠯ ᠦᠨ ᠥᠭᠡᠷᠡᠴᠢᠯᠡᠯᠲᠡ᠎ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ ᠭᠡᠵᠦ ᠲᠤᠷᠠᠳᠪᠠ᠃

2012 ᠣᠨ ᠤ 11 ᠰᠠᠷ᠎ᠠ᠎ᠶᠢᠨ 14 ᠤ᠋ ᠡᠳᠦᠷ᠂ ᠨᠠᠮ ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠲᠡᠭᠦᠰᠬᠦ᠌ᠡᠴᠡ ᠡᠮᠦᠨ᠎ᠡ᠂ ᠰᠢ ᠵᠢᠨ ᠫᠢᠩ ᠨᠥᠬᠥᠷ ᠵᠦ᠍ ᠷᠦᠩ ᠵᠶ᠋ᠢ ᠨᠥᠬᠥᠷ᠎ᠲᠡᠶ ᠬᠠᠮᠲᠤ᠌ ᠪᠠᠢᠭ᠎ᠠ ᠨᠢ᠃
ᠰᠢᠨᠬᠤᠸᠠ ᠬᠣᠷᠢᠶ᠎ᠠ ᠵᠢᠨ ᠭᠡᠷᠡᠯ ᠵᠢᠷᠤᠭ

2002 ᠣᠨ᠎ᠤ 10 ᠰᠠᠷ᠎ᠠ᠎ᠶᠢᠨ 22 ᠤ᠋ᠨ ᠡᠳᠦᠷ᠂ ᠵᠢᠶᠠᠩ ᠽᠸ ᠮᠢᠨ ᠨᠥᠬᠥᠷ ᠪᠣᠯᠤᠨ ᠵᠤ᠌ ᠷᠦᠩ ᠵᠶ᠋ᠢ ᠨᠥᠬᠥᠷ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠠᠮᠲᠤ᠎ᠶᠢᠨ ᠭᠡᠷᠡᠯ ᠵᠢᠷᠤᠭ ᠲᠠᠲᠠᠭᠤᠯᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠸᠠᠩ ᠰᠢᠨ ᠴᠢᠩ ᠰᠡᠭᠦᠳᠡᠷᠯᠡᠪᠡ

1997 ᠣᠨ᠎ᠤ 9 ᠰᠠᠷ᠎ᠠ᠎ᠶᠢᠨ 18᠎ᠤ᠋ ᠡᠳᠦᠷ᠂ ᠬ᠍ᠤ ᠵᠢᠨ ᠲᠤᠤ ᠨᠥᠬᠥᠷ ᠵᠦ᠍ ᠷᠦᠩ ᠵᠢᠢ ᠨᠥᠬᠥᠷ᠎ᠲᠠᠢ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠶᠠᠷᠢᠯᠴᠠᠵᠤ ᠪᠠᠢᠭ᠎ᠠ ᠨᠢ᠃
ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ ᠸᠠᠩ ᠰᠢᠨ ᠴᠢᠩ ᠰᠡᠭᠦᠳᠡᠷᠯᠡᠪᠡ
1987 ᠣᠨ᠎ᠤ 12 ᠰᠠᠷ᠎ᠠ᠎ᠡᠴᠡ 1991 ᠣᠨ᠎ᠤ 4 ᠰᠠᠷ᠎ᠠ ᠪᠣᠯᠲᠠᠯ᠎ᠠ᠂ ᠵᠦ᠍ ᠷᠦᠩ ᠵᠶ᠋ᠢ ᠨᠥᠬᠥᠷ ᠱᠠᠩᠬᠠᠢ ᠬᠤᠳᠠ ᠶᠢᠨ ᠨᠠᠮ ᠤᠨ ᠬᠤᠷᠢᠶ᠎ᠠ ᠵᠢᠨ ᠳᠡᠳ᠋ ᠱᠦᠵᠢ᠂ ᠬᠤᠳᠠ᠎ᠶᠢᠨ ᠳᠠᠷᠤᠭ᠎ᠠ᠂ ᠬᠤᠳᠠ᠎ᠶᠢᠨ ᠨᠠᠮ ᠤᠨ ᠬᠤᠷᠢᠶ᠎ᠠ ᠵᠢᠨ ᠱᠦᠵᠢ ᠶᠢᠨ ᠲᠤᠰᠢᠶᠠᠯ᠎ᠢ ᠡᠭᠦᠷᠭᠡᠯᠡᠪᠡ᠃ ᠲᠡᠷᠡ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠠᠵᠤ ᠠᠬᠤᠢ᠎ᠶᠢᠨ ᠥᠷᠢᠰᠥᠯᠳᠦᠭᠡᠨ᠎ᠦ ᠳᠠᠪᠬᠤᠷ ᠥᠷᠢᠰᠥᠯᠳᠦᠭᠡᠨ ᠦ ᠡᠮᠦᠨ᠎ᠡ᠂ ᠱᠠᠩᠬᠠᠢ ᠶᠢᠨ ᠦᠨᠳᠦᠰᠦᠨ ᠭᠠᠷᠬᠤ ᠵᠠᠮ ᠪᠣᠯ ᠵᠣᠷᠢᠭ ᠰᠢᠭᠤᠳᠤᠨ ᠠᠵᠤ ᠦᠢᠯᠡᠳᠪᠦᠷᠢ᠎ᠶᠢᠨ ᠪᠦᠲᠦᠴᠡ ᠶᠢ ᠲᠤᠬᠢᠷᠠᠭᠤᠯᠵᠤ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠠᠬᠢᠨ ᠵᠣᠬᠢᠶᠠᠨ ᠪᠠᠶ᠋ᠢᠭᠤᠯᠵᠤ᠂ ᠳᠡᠯᠡᠬᠡᠢ᠎ᠶᠢᠨ ᠦᠷᠢᠰᠦᠯᠳᠦᠬᠦ᠌ ᠴᠢᠳᠠᠪᠤᠷᠢ ᠶᠢ ᠴᠢᠩᠭᠠᠳᠬᠠᠵᠤ᠂ ᠭᠠᠳᠠᠭᠰᠢ ᠴᠢᠭᠯᠡᠭᠦᠯᠦᠭᠰᠡᠨ ᠠᠵᠤ ᠠᠬᠤᠢ᠎ᠶᠢ ᠬᠥᠭᠵᠢᠭᠦᠯᠬᠦ᠌ ᠵᠠᠮ᠎ᠢᠶᠠᠷ ᠵᠠᠮᠨᠠᠵᠤ᠂ ᠳᠡᠯᠡᠬᠡᠢ᠎ᠶᠢᠨ ᠠᠵᠤ ᠠᠬᠤᠢ᠎ᠶᠢᠨ ᠡᠬᠢ ᠪᠠᠶᠠᠯᠢᠭ᠎ᠢ ᠠᠰᠢᠭᠯᠠᠵᠤ᠂ ᠨᠡᠩ ᠶᠡᠬᠡ ᠬᠥᠭᠵᠢᠯᠲᠡ᠎ᠶᠢᠨ ᠣᠷᠣᠨ ᠵᠠᠢ᠎ᠶᠢ ᠲᠡᠮᠡᠴᠡᠨ ᠤᠯᠬᠤ ᠶᠠᠪᠤᠳᠠᠯ ᠪᠣᠯᠤᠨ᠎ᠠ ᠭᠡᠵᠦ ᠴᠢᠬᠤᠯᠠᠴᠢᠯᠠᠪᠠ᠃ ᠲᠡᠷᠡ ᠱᠠᠩᠬᠠᠢ᠎ᠶᠢᠨ ᠠᠵᠤ ᠦᠢᠯᠡᠰ᠎ᠦᠨ ᠪᠦᠲᠦᠴᠡ᠎ᠶᠢᠨ ᠲᠤᠬᠢᠷᠠᠭᠤᠯᠤᠯᠳᠠ ᠪᠣᠯᠤᠨ ᠲᠡᠰ ᠳᠡᠪᠰᠢᠬᠦ᠌ ᠵᠢ ᠯᠠᠪᠳᠠᠭᠤᠨ ᠪᠠᠲᠤᠲᠠᠢ ᠠᠬᠢᠭᠤᠯᠵᠤ᠂ ᠭᠦᠨᠵᠡᠭᠡᠢ ᠪᠤᠯᠪᠠᠰᠤᠷᠠᠭᠤᠯᠬᠤ᠂ ᠮᠡᠳᠡᠯᠭᠡ ᠮᠡᠷᠭᠡᠵᠢᠯ ᠲᠥᠪᠯᠡᠷᠡᠭᠰᠡᠨ ᠬᠡᠯᠪᠡᠷᠢ᠎ᠶᠢᠨ ᠭᠣᠣᠯᠯᠠᠬᠤ ᠠᠵᠤ ᠦᠢᠯᠡᠰ ᠪᠣᠯᠤᠨ ᠭᠣᠣᠯᠳᠠᠯᠭ᠎ᠠ᠎ᠲᠠᠶ ᠠᠵᠢᠯ ᠲᠦᠷᠦᠯ᠎ᠢ ᠬᠥᠭᠵᠢᠭᠦᠯᠵᠦ᠍᠂ ᠰᠢᠨ᠎ᠡ ᠮᠡᠷᠭᠡᠵᠢᠯ᠎ᠢᠶᠡᠷ ᠤᠯᠠᠮᠵᠢᠯᠠᠯᠲᠤ᠌ ᠠᠵᠤ ᠦᠢᠯᠡᠰ᠎ᠢ ᠥᠭᠡᠷᠡᠴᠢᠯᠡᠵᠦ᠍᠂ ᠲᠦᠭᠦᠬᠡᠢ ᠮᠠᠲ᠋ᠧᠷᠢᠶᠠᠯ᠎ᠤᠨ ᠠᠵᠤ ᠦᠢᠯᠡᠳᠪᠦᠷᠢ᠎ᠶᠢᠨ ᠪᠦᠳᠦᠭᠡᠨ ᠪᠠᠶ᠋ᠢᠭᠤᠯᠤᠯᠲᠠ᠎ᠶᠢ ᠰᠠᠶ᠋ᠢᠲᠤᠷ ᠠᠳᠬᠤᠵᠤ᠂ ᠠᠵᠤ ᠦᠢᠯᠡᠳᠪᠦᠷᠢ᠎ᠶᠢᠨ ᠵᠣᠬᠢᠴᠠᠭᠤᠯᠬᠤ᠂ ᠢᠵᠢ ᠪᠦᠷᠢᠳᠦᠬᠦᠯᠬᠦ᠌ ᠴᠢᠳᠠᠪᠤᠷᠢ ᠶᠢ ᠴᠢᠩᠭᠠᠳᠬᠠᠵᠤ᠂ ᠱᠠᠩᠬᠠᠢ᠎ᠶᠢᠨ ᠬᠡᠯᠪᠡᠷᠢ᠎ᠪᠡᠨ ᠬᠤᠪᠢᠷᠠᠭᠤᠯᠬᠤ ᠬᠥᠭᠵᠢᠯᠲᠡ᠎ᠶᠢᠨ ᠵᠠᠮ ᠢᠶᠡᠷ ᠯᠠᠪᠳᠠᠭᠤᠨ ᠪᠠᠲᠤᠲᠠᠢ ᠠᠯᠬᠤᠮ᠎ᠢ ᠠᠯᠬᠤᠬᠤ᠎ᠶᠢ ᠠᠬᠢᠭᠤᠯᠪᠠ᠃ ᠱᠠᠩᠬᠠᠢ᠎ᠶᠢᠨ ᠣᠷᠣᠨ ᠨᠤᠲᠤᠭ ᠤᠨ ᠤᠯᠤᠰ ᠤ᠋ᠨ ᠠᠵᠤ ᠠᠬᠤᠢᠯᠠᠯ᠎ᠢ ᠠᠮᠢᠳᠤᠯᠢᠭ᠋᠎ᠢᠶᠠᠷ ᠡᠷᠬᠢᠯᠡᠬᠦ᠎ᠶᠢ ᠴᠢᠬᠤᠯᠠᠴᠢᠯᠠᠵᠤ᠂ ᠠᠵᠤ ᠠᠬᠤᠢᠯᠠᠯ᠎ᠢ ᠦᠢᠯᠡᠳᠬᠦᠨ ᠤ᠋ ᠠᠵᠤ ᠠᠬᠤᠢ᠎ᠶᠢᠨ ᠦᠵᠡᠯᠲᠡ᠎ᠲᠠᠢ ᠪᠠᠢᠭᠰᠠᠨ᠎ᠠᠴᠠ ᠨᠢ ᠲᠠᠸᠠᠷ᠎ᠤᠨ ᠠᠵᠤ ᠠᠬᠤᠢ᠎ᠶᠢᠨ ᠦᠵᠡᠯᠲᠡ᠎ᠲᠠᠢ ᠪᠤᠯᠭᠠᠵᠤ᠂ ᠲᠤᠳᠤᠭᠠᠳᠤ ᠡᠵᠡᠩᠨᠡᠯᠲᠡ᠎ᠶᠢᠨ ᠦᠵᠡᠯ ᠰᠠᠨᠠᠭ᠎ᠠ᠎ᠶᠢ ᠨᠢ ᠭᠠᠳᠠᠭᠠᠳᠤ ᠡᠵᠡᠩᠨᠡᠯᠲᠡ᠎ᠶᠢᠨ ᠦᠵᠡᠯ ᠰᠠᠨᠠᠭ᠎ᠠ᠎ᠲᠠᠢ ᠪᠤᠯᠭᠠᠵᠤ᠂ ᠥᠷᠢᠰᠦᠯᠳᠦᠭᠡᠨ᠎ᠦ ᠲᠣᠭᠲᠠᠴᠠ᠎ᠶᠢ ᠣᠷᠣᠭᠤᠯᠤᠨ᠂ ᠳᠠᠭᠠᠭᠠᠴᠢᠯᠠᠨ ᠡᠵᠡᠩᠨᠡᠬᠦ ᠬᠠᠷᠢᠭᠤᠴᠠᠯᠭ᠎ᠠ᠎ᠶᠢᠨ ᠲᠦᠷᠢᠮ᠎ᠢ ᠶᠠᠪᠤᠭᠤᠯᠵᠤ᠂ ᠠᠵᠤ ᠠᠬᠤᠢᠯᠠᠯ᠎ᠢ ᠦᠨᠡᠨ ᠬ᠌ᠦ᠌ ᠣᠯᠵᠤ ᠠᠯᠳᠠᠬᠤ᠎ᠪᠠᠨ ᠥᠪᠡᠷ᠎ᠢᠶᠡᠷ ᠨᠢ ᠬᠠᠷᠢᠭᠤᠴᠠᠭᠤᠯᠵᠤ᠂ ᠠᠵᠤ ᠠᠬᠤᠢ᠎ᠶᠢᠨ ᠦᠷ᠎ᠡ ᠠᠰᠢᠭ᠋᠎ᠢ ᠨᠢ ᠳᠡᠭᠡᠭᠰᠢᠯᠡᠭᠦᠯᠵᠠᠢ᠃ ᠶᠠᠰᠤ ᠴᠢᠨᠠᠷ᠎ᠤᠨ ᠬᠠᠮᠢᠶᠠᠷᠤᠯᠲᠠ᠎ᠶᠢ ᠬᠦᠴᠦᠯᠡᠨ ᠴᠢᠩᠭᠠᠳᠬᠠᠵᠤ᠂ ᠶᠠᠰᠤ ᠴᠢᠨᠠᠷ ᠪᠣᠯ ᠠᠮᠢ ᠨᠠᠰᠤ᠂ ᠶᠠᠰᠤ ᠴᠢᠨᠠᠷ ᠪᠣᠯ ᠦᠷ᠎ᠡ ᠠᠰᠢᠭ᠋ ᠮᠥᠨ᠂ ᠱᠠᠩᠬᠠᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠴᠢᠳᠠᠪᠤᠷᠢᠲᠠᠨ᠎ᠤ ᠳᠠᠪᠠᠭᠤᠯᠢᠭ᠋ ᠲᠠᠯ᠎ᠠ᠎ᠶᠢ ᠭᠦᠢᠴᠡᠳ ᠪᠠᠳᠠᠷᠠᠭᠤᠯᠵᠤ᠂ ᠰᠢᠨ᠎ᠡ ᠦᠢᠯᠡᠳᠬᠦᠨ᠂ ᠰᠢᠨ᠎ᠡ ᠲᠦᠷᠦᠯ ᠵᠦᠢᠯ᠎ᠢ ᠨᠡᠭᠡᠭᠡᠨ ᠬᠥᠭᠵᠢᠭᠦᠯᠵᠦ᠂ ᠴᠢᠨᠠᠷ ᠰᠠᠢᠲᠠᠢ ᠦᠨ᠎ᠡ ᠬᠠᠩᠰᠢ ᠰᠠᠢᠳᠠᠢ ᠵᠠᠮ᠎ᠢᠶᠠᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ ᠮᠥᠩᠭᠥᠨ ᠭᠦᠢᠯᠭᠡᠭᠡᠨ᠎ᠦ ᠦᠢᠯᠡᠰ᠎ᠦᠨ ᠨᠡᠭᠡᠭᠡᠯᠲᠡ ᠪᠠ ᠬᠥᠭᠵᠢᠯᠲᠡ᠎ᠶᠢ ᠴᠢᠬᠤᠯᠠᠴᠢᠯᠠᠵᠤ᠂ ᠭᠠᠳᠠᠭᠠᠳᠤ ᠪᠡᠯᠡ᠎ᠶᠢᠨ ᠪᠠᠩᠬᠢ ᠪᠠ ᠭᠠᠳᠠᠭᠠᠳᠤ ᠪᠡᠯᠡ᠎ᠶᠢᠨ ᠳᠠᠭᠠᠳᠬᠠᠯ᠎ᠤᠨ ᠺᠤᠮᠫᠠᠨᠢ᠎ᠶᠢ ᠢᠳᠡᠪᠬᠢᠲᠡᠢ᠎ᠪᠡᠷ ᠣᠷᠣᠭᠤᠯᠤᠨ ᠠᠪᠴᠢᠷᠠᠵᠤ᠂ ᠱᠠᠩᠬᠠᠢ᠎ᠶᠢᠨ ᠦᠨᠡᠲᠦ ᠲᠡᠮᠳᠡᠭᠲᠦ᠎ᠶᠢᠨ ᠠᠷᠠᠯᠵᠢᠶᠠᠨ᠎ᠤ ᠭᠠᠵᠠᠷ ᠪᠠᠶ᠋ᠢᠭᠤᠯᠬᠤ᠎ᠶᠢ ᠠᠬᠢᠭᠤᠯᠵᠠᠢ᠃ ᠵᠠᠮ ᠬᠠᠷᠢᠯᠴᠠᠭ᠎ᠠ᠎ᠪᠠᠷ ᠭᠣᠣᠯ ᠪᠤᠯᠭᠠᠬ᠍ᠰᠠᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠪᠴᠢᠯᠡᠨ ᠠᠬᠢᠭᠤᠯᠵᠤ᠂ ᠱᠠᠩᠬᠠᠢ᠎ᠶᠢᠨ ᠬᠦᠢᠰᠦ ᠭᠡᠯᠪᠡᠷᠢ᠎ᠶᠢᠨ᠂ ᠴᠢᠳᠠᠮᠵᠢᠲᠤ ᠴᠢᠨᠠᠷᠲᠠᠢ᠂ ᠰᠦᠯᠵᠢᠶᠡᠵᠢᠭᠰᠡᠨ ᠤᠳᠤ ᠦᠶ᠎ᠡ᠎ᠶᠢᠨ ᠬᠤᠳᠠ᠎ᠶᠢᠨ ᠰᠠᠭᠤᠷᠢ ᠲᠥᠬᠦᠭᠡᠷᠦᠮᠵᠢ᠎ᠶᠢᠨ ᠰᠢᠰᠲᠧᠮ᠎ᠢ ᠪᠠᠢᠭᠤᠯᠪᠠ᠃ ᠣᠷᠣᠨ ᠰᠠᠭᠤᠴᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠶᠡᠬᠡ ᠪᠡᠷ ᠲᠦᠯᠬᠢᠨ ᠠᠬᠢᠭᠤᠯᠵᠤ᠂ ᠪᠦᠭᠦ ᠤᠯᠤᠰ᠎ᠲᠤ ᠣᠷᠣᠨ ᠰᠠᠭᠤᠴᠠ᠎ᠶᠢᠨ ᠨᠡᠶ᠋ᠢᠲᠡ ᠶᠢᠨ ᠬᠤᠷᠠᠮᠳᠤᠭᠤᠯᠭ᠎ᠠ᠎ᠶᠢᠨ ᠮᠥᠩᠭᠥ ᠶᠢᠨ ᠳᠦᠷᠢᠮ ᠢ ᠤᠷᠢᠳ ᠵᠢᠨᠷ ᠬᠡᠷᠡᠭᠵᠢᠭᠦᠯᠵᠦ᠂ ᠱᠠᠩᠬᠠᠢ ᠶᠢᠨ ᠬᠠᠭᠤᠴᠢᠨ ᠬᠤᠳᠠ᠎ᠶᠢᠨ ᠲᠣᠭᠣᠷᠢᠭ᠋᠂ ᠲᠦᠭᠦᠮ ᠪᠦᠲᠦᠴᠡᠲᠦ ᠣᠷᠣᠨ ᠰᠠᠭᠤᠴᠠ᠎ᠶᠢᠨ ᠲᠣᠭᠣᠷᠢᠭ᠋ ᠢ ᠥᠭᠡᠷᠡᠴᠢᠯᠡᠬᠦ ᠪᠦᠬᠦᠯᠢ ᠴᠣᠭᠴᠠ᠎ᠶᠢᠨ ᠪᠣᠳᠣᠯᠬᠢᠯᠠᠯ᠎ᠢ ᠳᠤᠷᠠᠳᠤᠨ ᠭᠠᠷᠭᠠᠵᠤ᠂ ᠣᠷᠣᠨ ᠰᠠᠭᠤᠴᠠ ᠶᠢᠨ ᠲᠠᠸᠠᠷᠴᠢᠯᠠᠯᠲᠠ᠎ᠶᠢᠨ ᠥᠭᠡᠷᠡᠴᠢᠯᠡᠯᠲᠡ ᠪᠠ ᠣᠷᠣᠨ ᠰᠠᠭᠤᠴᠠ᠎ᠶᠢᠨ ᠪᠠᠲᠤᠯᠠᠭ᠎ᠠ ᠶᠢᠨ ᠠᠵᠢᠯ᠎ᠢ ᠴᠢᠩᠭᠠᠳᠬᠠᠬᠤ᠎ᠳᠤ ᠴᠢᠬᠤᠯᠠ ᠲᠤᠷᠰᠢᠯᠭ᠎ᠠ ᠬᠠᠩᠭᠠᠪᠠ᠃ 《ᠬᠣᠯᠢᠰᠢᠨ ᠢᠳᠡᠭᠡᠨ ᠦ ᠢᠨᠵᠧᠨᠧᠷᠢᠩ》 ᠢ᠋ ᠬᠦᠴᠦᠲᠡᠢ ᠠᠳᠬᠤᠵᠤ᠂ ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ《ᠬᠡᠯᠬᠢᠶᠡᠵᠢᠭᠦᠯᠦᠭᠰᠡᠨ》 ᠥᠭᠡᠷᠡᠴᠢᠯᠡᠯᠲᠡ᠎ᠶᠢ ᠬᠡᠷᠡᠭᠵᠢᠭᠦᠯᠵᠦ᠂ ᠱᠠᠩᠬᠠᠢ᠎ᠶᠢᠨ ᠣᠳᠣᠬᠢᠴᠢᠯᠠᠭᠰᠠᠨ ᠬᠣᠯᠢᠰᠢᠨ ᠢᠳᠡᠭᠡᠨ᠎ᠦ ᠦᠢᠯᠡᠳᠪᠦᠷᠢᠯᠡᠯ᠂ ᠬᠤᠳᠠᠯᠳᠤᠨ ᠠᠪᠬᠤ ᠪᠠ ᠪᠣᠷᠣᠯᠠᠭᠤᠯᠬᠤ ᠰᠢᠰᠲᠧᠮ᠎ᠢ ᠠᠩᠬ᠎ᠠ ᠠᠯᠬᠤᠮ ᠪᠦᠷᠢᠯᠳᠦᠭᠦᠯᠬᠦ᠎ᠶᠢ ᠲᠦᠯᠬᠢᠨ ᠠᠬᠢᠭᠤᠯᠵᠠᠢ᠃ ᠬᠤᠳᠠ᠎ᠶᠢᠨ ᠬᠠᠮᠢᠶᠠᠷᠤᠯᠲᠠ᠎ᠶᠢᠨ ᠲᠦᠪᠰᠢᠨ᠎ᠢ ᠳᠡᠭᠡᠭᠰᠢᠯᠡᠭᠦᠯᠵᠦ᠂ ᠵᠠᠰᠠᠭ᠎ᠤᠨ ᠣᠷᠳᠣᠨ᠎ᠤ ᠠᠵᠢᠯ ᠶᠠᠪᠤᠳᠠᠯ ᠡᠷᠭᠢᠯᠡᠭᠦ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠪᠡᠯᠡ ᠣᠷᠣᠭᠤᠯᠤᠯᠲᠠ᠎ᠶᠢᠨ ᠣᠷᠴᠢᠨ ᠨᠥᠬᠥᠴᠡᠯ ᠢ ᠰᠢᠯᠢᠳᠡᠭᠵᠢᠭᠦᠯᠵᠦ᠂ ᠱᠠᠩᠬᠠᠢ᠎ᠶᠢᠨ ᠳᠡᠯᠡᠬᠡᠢᠴᠢᠯᠡᠭᠰᠡᠨ ᠬᠤᠳᠠ᠎ᠶᠢᠨ ᠳᠦᠷᠢ ᠲᠥᠷᠬᠦ ᠶᠢ ᠪᠤᠢ ᠪᠣᠯᠭᠠᠪᠠ᠃ ᠫᠦᠳᠦᠩᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠬᠠᠢ ᠨᠠᠮ ᠤᠨ ᠲᠥᠪ ᠬᠣᠷᠢᠶ᠎ᠠ ᠵᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠰᠢᠢᠳᠪᠦᠷᠢᠲᠦ ᠪᠣᠳᠣᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠫᠦᠳᠦᠩ ᠤᠨ ᠣᠨᠴᠠᠯᠢᠭ᠋ ᠢ ᠢᠯᠡᠷᠡᠭᠦᠯᠬᠦ ᠮᠥᠷᠲᠡᠭᠡᠨ ᠪᠠᠰᠠ ᠬᠡᠷᠡᠭᠵᠢᠭᠦᠯᠵᠦ ᠪᠣᠯᠬᠤᠢᠴᠠ ᠴᠢᠨᠠᠷᠲᠠᠢ ᠠᠯᠢ ᠤᠯᠠᠨ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠰᠤᠳᠤᠯᠤᠨ ᠨᠡᠢᠲᠡᠯᠡᠵᠦ᠂ ᠫᠦᠳᠦᠩ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ᠎ᠶᠢ ᠦᠨᠡᠨ ᠪᠣᠳᠠᠲᠠᠢ ᠪᠠᠷ ᠡᠬᠢᠯᠡᠭᠦᠯᠬᠦ ᠱᠠᠲᠤᠨ ᠳᠤ ᠣᠷᠣᠭᠤᠯᠬᠤ ᠶᠢ ᠲᠦᠯᠬᠢᠨ ᠠᠬᠢᠭᠤᠯᠤᠬᠰᠠᠨ ᠪᠠᠢᠨ᠎ᠠ᠃ ᠥᠭᠡᠷᠡᠴᠢᠯᠡᠯᠲᠡ ᠨᠡᠭᠡᠭᠡᠯᠲᠡ ᠶᠢ ᠢᠳᠡᠪᠬᠢᠲᠡᠢ ᠲᠦᠯᠬᠢᠨ ᠠᠬᠢᠭᠤᠯᠬᠤ᠎ᠪᠠᠷ ᠳᠠᠮᠵᠢᠭᠤᠯᠤᠨ᠂ ᠠᠷᠠᠳ ᠤᠨ ᠠᠮᠢᠳᠤᠷᠠᠯ ᠢ ᠬᠦᠴᠦᠯᠡᠨ ᠰᠠᠢᠵᠢᠷᠠᠭᠤᠯᠵᠤ᠂ ᠠᠵᠤ ᠠᠬᠤᠢ᠎ᠶᠢ ᠲᠣᠭᠲᠠᠪᠤᠷᠢᠵᠢᠭᠤᠯᠤᠨ ᠬᠥᠭᠵᠢᠭᠦᠯᠵᠦ᠂ ᠣᠬᠣᠷᠬᠠᠨ ᠬᠤᠭᠤᠴᠠᠭᠠᠨ ᠤ ᠳᠣᠲᠣᠷ᠎ᠠ ᠪᠦᠭᠦ ᠬᠤᠳᠠ᠎ᠶᠢᠨ ᠠᠵᠤ ᠠᠬᠤᠢ ᠨᠡᠢᠭᠡᠮ᠎ᠦᠨ ᠳᠦᠷᠰᠦ ᠪᠠᠢᠳᠠᠯ ᠳᠤ ᠴᠢᠬᠤᠯᠠ ᠶᠡᠬᠡ ᠬᠤᠪᠢᠷᠠᠯᠲᠠ ᠭᠠᠷᠭᠠᠵᠤ᠂ ᠱᠠᠩᠬᠠᠢ᠎ᠶᠢᠨ ᠤᠯᠠᠮ ᠨᠢᠭᠡ ᠠᠯᠬᠤᠮ ᠥᠭᠡᠷᠡᠴᠢᠯᠡᠯᠲᠡ ᠨᠡᠭᠡᠭᠡᠯᠲᠡ ᠬᠢᠬᠦ ᠪᠠ ᠬᠥᠭᠵᠢᠭᠦ᠎ᠳᠦ ᠪᠠᠲᠤ ᠪᠡᠬᠢ ᠰᠠᠭᠤᠷᠢ᠎ᠶᠢ ᠲᠠᠯᠪᠢᠵᠤ ᠥᠭᠴᠠᠢ᠃

1990 ᠣᠨ ᠳᠤ᠂ ᠵᠦ᠍ ᠷᠦᠩ ᠵᠢᠢ ᠨᠥᠬᠥᠷ ᠱᠠᠩᠬᠠᠢ᠎ᠶᠢᠨ ᠵᠠᠯᠠᠭᠤᠴᠤᠳ ᠤᠨ ᠮᠡᠷᠭᠡᠵᠢᠯ ᠦᠨ ᠤᠷᠤᠯᠳᠤᠭᠠᠨ ᠳᠤ ᠣᠷᠣᠯᠴᠠᠭᠰᠠᠨ ᠠᠵᠢᠯᠴᠢᠳ ᠢ ᠪᠤᠯᠭᠤᠭᠠᠨ ᠦᠵᠡᠪᠡ᠃
ᠰᠢᠨᠬᠤᠸᠠ ᠬᠣᠷᠢᠶ᠎ᠡ ᠵᠢᠨ ᠬᠡᠷᠡᠯ ᠵᠢᠷᠤᠭ
1991 ᠣᠨ᠎ᠤ 4 ᠰᠠᠷ᠎ᠠ᠎ᠳᠤ᠂ ᠵᠦ᠍ ᠷᠦᠩ ᠵᠢᠢ ᠨᠥᠬᠥᠷ ᠲᠦᠷᠦ᠎ᠶᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢᠳ᠎ᠤᠨ ᠲᠤᠰᠢᠶᠠᠯ ᠢ ᠬᠠᠷᠢᠭᠤᠴᠠᠵᠤ᠂ ᠰᠡᠭᠦᠯᠡᠷ ᠨᠢ ᠲᠦᠷᠦ᠎ᠶᠢᠨ ᠶᠠᠪᠤᠳᠠᠯ᠎ᠤᠨ ᠬᠣᠷᠢᠶ᠎ᠠ ᠵᠢᠨ ᠦᠢᠯᠡᠳᠪᠦᠷᠢᠯᠡᠯ᠎ᠦᠨ ᠠᠯᠪᠠᠨ ᠭᠡᠷ᠎ᠦᠨ ᠡᠷᠭᠢᠯᠡᠭᠴᠢ᠂ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠦᠷᠦ᠎ᠶᠢᠨ ᠶᠠᠪᠤᠳᠠᠯ ᠤᠨ ᠬᠣᠷᠢᠶ᠎ᠠ ᠵᠢᠨ ᠠᠵᠤ ᠠᠬᠤᠢ ᠠᠷᠠᠯᠵᠢᠶᠠᠨ ᠤ ᠠᠯᠪᠠᠨ ᠭᠡᠷ ᠦᠨ ᠡᠷᠭᠢᠯᠡᠭᠴᠢ᠂ ᠨᠠᠮ ᠤᠨ ᠤᠳᠤᠷᠢᠳᠬᠤ ᠳᠤᠭᠤᠢᠯᠠᠩ᠎ᠤᠨ ᠱᠦᠵᠢ᠎ᠶᠢᠨ ᠲᠤᠰᠢᠶᠠᠯ᠎ᠢ ᠬᠠᠪᠰᠤᠷᠭᠠᠨ ᠬᠠᠷᠢᠭᠤᠴᠠᠵᠤ᠂ ᠮᠠᠰᠢᠨ ᠴᠠᠭᠢᠯᠭᠠᠨ ᠡᠨᠧᠷᠭᠢ᠂ ᠲᠡᠮᠦᠷ ᠵᠠᠮ ᠤᠨ ᠵᠠᠮ ᠬᠠᠷᠢᠯᠴᠠᠭ᠎ᠠ᠂ ᠲᠡᠮᠦᠷᠯᠢᠭ ᠬᠠᠢᠯᠤᠭᠤᠯᠬᠤ ᠬᠢᠮᠢ᠎ᠶᠢᠨ ᠠᠵᠤ ᠦᠢᠯᠡᠳᠪᠦᠷᠢ᠂ ᠬᠥᠩᠭᠡᠨ ᠠᠵᠤ ᠦᠢᠯᠡᠳᠪᠦᠷᠢ ᠨᠡᠬᠡᠮᠡᠯ᠎ᠤᠨ ᠦᠢᠯᠡᠰ ᠵᠡᠷᠭᠡ ᠠᠵᠢᠯ ᠢ ᠬᠤᠪᠢᠳᠠᠨ ᠬᠠᠮᠢᠶᠠᠷᠪᠠ᠃ 1992 ᠣᠨ ᠤ 10 ᠰᠠᠷ᠎ᠠ᠎ᠳᠤ᠂ ᠵᠦ᠍ ᠷᠦᠩ ᠵᠢᠢ ᠨᠥᠬᠥᠷ ᠳᠤᠮᠳᠠᠳᠤ ᠤᠯᠤᠰ᠎ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠠᠩᠬᠠᠳᠤᠭᠠᠷ ᠪᠦᠭᠦᠳᠡ ᠬᠤᠷᠠᠯ ᠳᠡᠭᠡᠷ᠎ᠡ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠪᠠᠢᠩᠭᠤ᠎ᠶᠢᠨ ᠭᠡᠰᠢᠭᠦᠨ᠎ᠢᠶᠡᠷ ᠰᠣᠩᠭᠣᠭᠳᠠᠵᠤ᠂ ᠲᠦᠷᠦ᠎ᠶᠢᠨ ᠶᠠᠪᠤᠳᠠᠯ᠎ᠤᠨ ᠬᠣᠷᠢᠶ᠎ᠠ ᠵᠢᠨ ᠪᠠᠢᠩᠭᠤ᠎ᠶᠢᠨ ᠠᠵᠢᠯ ᠢ ᠬᠠᠷᠢᠭᠤᠴᠠᠪᠠ᠃ 1993 ᠣᠨ᠎ᠤ 6 ᠰᠠᠷ᠎ᠠ᠎ᠳᠤ᠂ ᠳᠤᠮᠳᠠᠳᠤ ᠤᠯᠤᠰ᠎ᠤᠨ ᠠᠷᠠᠳ ᠤᠨ ᠪᠠᠩᠬᠢ᠎ᠶᠢᠨ ᠳᠠᠷᠤᠭ᠎ᠠ᠎ᠶᠢᠨ ᠳᠤᠰᠢᠶᠠᠯ᠎ᠢ ᠬᠠᠪᠰᠤᠷᠭᠠᠨ ᠬᠠᠷᠢᠭᠤᠴᠠᠪᠠ᠃ ᠲᠡᠷᠡ ᠳ᠋ᠧᠩ ᠰᠢᠶᠣᠣ ᠫᠢᠩ ᠨᠥᠬᠥᠷ᠎ᠦᠨ ᠡᠮᠦᠨᠡᠲᠦ ᠣᠷᠣᠨ ᠵᠢᠨᠷ ᠰᠢᠨᠵᠢᠯᠡᠨ ᠪᠠᠢᠴᠠᠭᠠᠬᠤ ᠳ᠋ᠠᠭᠠᠨ ᠶᠠᠷᠢᠭ᠍ᠰᠠᠨ ᠶᠠᠷᠢᠶᠠᠨ᠎ᠤ ᠵᠣᠷᠢᠭ᠋ ᠰᠠᠨᠠᠭ᠎ᠠ᠎ᠶᠢ ᠢᠳᠡᠪᠬᠢᠲᠡᠢ ᠤᠬᠠᠭᠤᠯᠤᠨ ᠲᠤᠭᠤᠰᠢᠯᠠᠭᠤᠯᠵᠤ᠂ ᠨᠠᠮ ᠤᠨ ᠠᠷᠪᠠᠨ ᠳᠥᠷᠪᠡᠳᠦᠭᠡᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ ᠶᠢ ᠬᠦᠴᠦᠯᠡᠨ ᠠᠬᠢᠭᠤᠯᠪᠠ᠃ ᠲᠥᠪ ᠦᠨ ᠠᠵᠤ ᠠᠬᠤᠢ᠎ᠶᠢᠨ ᠠᠵᠢᠯ᠎ᠤᠨ ᠵᠢᠯᠤᠭᠣᠳᠬᠤ ᠦᠵᠡᠯ ᠰᠠᠨᠠᠭ᠎ᠠ ᠪᠠ ᠴᠢᠭᠯᠡᠯᠲᠡ ᠲᠦᠷᠦ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠥᠭᠡᠷᠡᠴᠢᠯᠡᠯᠲᠡ ᠬᠦᠭᠵᠢᠯᠳᠡ ᠲᠣᠭᠲᠠᠭᠤᠨ ᠤ ᠬᠠᠷᠢᠴᠠᠭ᠎ᠠ᠎ᠶᠢ ᠵᠥᠪ᠎ᠢᠶᠡᠷ ᠰᠢᠢᠳᠪᠦᠷᠢᠯᠡᠵᠦ᠂ ᠠᠵᠤ ᠠᠬᠤᠢ᠎ᠶᠢᠨ ᠨᠡᠮᠡᠭᠳᠡᠯ᠎ᠦᠨ ᠶᠠᠰᠤ ᠴᠢᠨᠠᠷ ᠪᠠ ᠦᠷ᠎ᠡ ᠠᠰᠢᠭ᠋ ᠢ ᠬᠦᠴᠦ ᠲᠠᠯᠪᠢᠨ ᠳᠡᠭᠡᠭᠰᠢᠯᠡᠭᠦᠯᠵᠦ᠂ ᠰᠣᠬᠣᠷ ᠪᠠᠯᠠᠢ ᠪᠠᠷ ᠲᠦᠷᠦᠯ ᠵᠦᠢᠯ ᠢ ᠡᠬᠢᠯᠡᠭᠦᠯᠬᠦ᠂ ᠦᠢᠯᠡᠳᠬᠦᠨ᠎ᠦ ᠦᠷᠳᠡᠭ ᠪᠠ ᠬᠤᠷᠳᠤᠴᠠ ᠶᠢ ᠥᠷᠥᠭᠡᠰᠦᠯ᠎ᠢᠶᠡᠷ ᠬᠥᠭᠡᠭᠡᠴᠡᠯᠳᠦᠬᠦ ᠬᠡᠯᠪᠡᠷᠢᠯ᠎ᠢ ᠢᠯᠠᠨ ᠳᠠᠪᠠᠵᠠᠢ᠃
ᠨᠢᠭᠡ ᠦᠶ᠎ᠡ ᠢᠯᠡᠷᠡᠭᠰᠡᠨ ᠪᠡᠯᠡ ᠣᠷᠣᠭᠤᠯᠤᠯᠲᠠ᠎ᠶᠢᠨ ᠬᠡᠪᠴᠢᠶ᠎ᠡ᠎ᠶᠢᠨ ᠨᠡᠮᠡᠭᠳᠡᠯ ᠭᠡᠳᠦ ᠲᠦᠷᠭᠡᠨ᠂ ᠠᠵᠤ ᠦᠢᠯᠡᠳᠪᠦᠷᠢ᠎ᠶᠢᠨ ᠦᠢᠯᠡᠳᠪᠦᠷᠢᠯᠡᠯ᠎ᠦᠨ ᠨᠡᠮᠡᠭᠳᠡᠯ᠎ᠦᠨ ᠬᠤᠷᠳᠤᠴᠠ ᠭᠡᠳᠦ ᠲᠦᠷᠭᠡᠨ ᠵᠢᠴᠢ ᠨᠡᠭᠡᠭᠡᠯᠲᠡ᠎ᠶᠢᠨ ᠣᠷᠣᠨ ᠤ ᠬᠠᠯᠠᠮᠰᠢᠯ᠂ ᠭᠡᠷ ᠭᠠᠵᠠᠷ᠎ᠤᠨ ᠬᠥᠷᠥᠩᠭᠡ᠎ᠶᠢᠨ ᠬᠠᠯᠠᠮᠰᠢᠯ᠂ ᠰᠲ᠋ᠣᠺ ᠤᠨ ᠬᠠᠯᠠᠮᠰᠢᠯ ᠵᠡᠷᠭᠡ ᠠᠰᠠᠭᠤᠳᠠᠯ ᠳᠤ ᠴᠢᠭᠯᠡᠭᠦᠯᠦᠨ᠂ ᠬᠣᠷᠸ᠎ᠠ ᠡᠵᠡᠮᠰᠢᠯ ᠳᠤᠬᠢᠷᠠᠭᠤᠯᠭ᠎ᠠ᠎ᠶᠢ ᠴᠢᠩᠭᠠᠳᠬᠠᠨ ᠰᠠᠢᠵᠢᠷᠠᠭᠤᠯᠬᠤ ᠲᠤᠬᠠᠢ ᠰᠡᠳᠬᠢᠴᠡ ᠠᠷᠭ᠎ᠠ ᠬᠡᠮᠵᠢᠶ᠎ᠡ᠎ᠶᠢ ᠰᠤᠳᠤᠯᠤᠨ ᠲᠣᠭᠲᠠᠭᠠᠵᠤ᠂ ᠠᠵᠤ ᠠᠬᠤᠢ᠂ ᠬᠠᠤᠯᠢ ᠴᠠᠭᠠᠵᠠ᠎ᠶᠢᠨ ᠠᠷᠭ᠎ᠠ ᠪᠠᠷᠢᠯ᠎ᠢ ᠨᠡᠩ ᠢᠯᠡᠭᠦᠦ ᠬᠡᠷᠡᠭᠯᠡᠨ ᠠᠵᠤ ᠠᠬᠤᠢ ᠶᠢᠨ ᠠᠵᠢᠯᠯᠠᠭᠠᠨ ᠢ ᠲᠣᠬᠢᠷᠠᠭᠤᠯᠤᠨ ᠡᠵᠡᠮᠳᠡᠵᠦ᠂ ᠠᠵᠤ ᠠᠬᠤᠢ᠎ᠶᠢᠨ ᠭᠡᠳᠦ ᠬᠠᠯᠠᠭᠤᠷᠠᠯ ᠢ ᠬᠤᠪᠢᠷᠠᠭᠤᠯᠬᠤ᠂ ᠵᠣᠭᠣᠰ ᠮᠠᠭᠤᠳᠠᠬᠤ᠎ᠶᠢ ᠬᠣᠷᠢᠭ᠍ᠯᠠᠬᠤ᠂ 《ᠠᠵᠤ ᠠᠬᠤᠢ ᠵᠢᠨ ᠲᠦᠯᠭᠡᠨ ᠰᠢᠯᠵᠢᠯᠳᠡ》 ᠶ᠋ᠢ ᠪᠡᠶᠡᠯᠡᠭᠦᠯᠬᠦ᠎ᠶᠢᠨ ᠲᠥᠯᠥᠭᠡ ᠶᠡᠬᠡ ᠬᠡᠮᠵᠢᠶᠡᠨ᠎ᠦ ᠭᠠᠷᠮᠠᠭᠠᠢ ᠪᠦᠲᠦᠮᠵᠢᠲᠡᠶ ᠠᠵᠢᠯ᠎ᠢ ᠬᠢᠭᠰᠡᠨ ᠪᠠᠢᠨ᠎ᠠ᠃ 《ᠭᠤᠷᠪᠠᠯᠵᠢᠨ ᠥᠷᠢ》 ᠶ᠋ᠢ ᠢᠯᠭᠠᠷᠠᠭᠤᠯᠤᠨ ᠲᠢᠭᠯᠡᠭᠦ ᠠᠵᠢᠯ ᠢ ᠵᠣᠬᠢᠶᠠᠨ ᠪᠠᠢᠭᠤᠯᠤᠨ ᠥᠷᠨᠢᠭᠦᠯᠵᠦ᠂ ᠦᠨᠳᠦᠰᠦᠨ᠎ᠡᠴᠡ ᠨᠢ ᠵᠠᠰᠠᠵᠤ ᠢᠷᠡᠯᠲᠡ᠎ᠶᠢ ᠨᠢ ᠴᠡᠪᠡᠷᠯᠡᠬᠦ᠎ᠳᠦ ᠰᠠᠭᠤᠷᠢᠯᠠᠨ᠂ ᠭᠠᠷᠤᠯᠲᠠ᠎ᠶᠢ ᠨᠢ ᠬᠢᠵᠠᠭᠠᠷᠯᠠᠨ ᠬᠥᠮᠥᠷᠭᠡ ᠶᠢ ᠨᠢ ᠪᠠᠭᠠᠰᠬᠠᠬᠤ᠂ 《ᠲᠠᠷᠤᠭᠳᠠᠵᠤ ᠪᠠᠢᠭ᠎ᠠ ᠪᠡᠯᠡ ᠮᠦᠩᠭᠦ᠎ᠶᠢ ᠪᠠᠭᠠᠰᠬᠠᠬᠤ ᠪᠠ ᠵᠢᠭᠡᠯᠡᠯᠭᠡ ᠶᠢ ᠨᠡᠮᠡᠭᠳᠡᠭᠦᠯᠬᠦ ᠶᠢ ᠬᠣᠯᠪᠣᠭᠳᠠᠭᠤᠯᠬᠤ》 ᠵᠡᠷᠭᠡ ᠠᠷᠭ᠎ᠠ ᠬᠡᠮᠵᠢᠶ᠎ᠡ᠎ᠶᠢ ᠠᠪᠴᠤ᠂ ᠡᠮᠦᠨᠡᠬᠢ ᠦᠷᠢ ᠪᠠᠨ ᠲᠦᠯᠦᠵᠦ ᠪᠠᠷᠠᠳᠠᠯ᠎ᠠ ᠲᠠᠬᠢᠨᠳᠠ ᠦᠷᠢᠳᠦᠬᠦ ᠪᠠᠢᠳᠠᠯ ᠭᠠᠷᠬᠤ ᠶᠢ ᠦᠨᠳᠦᠰᠦᠨ ᠳᠡᠭᠡᠨ ᠬᠣᠷᠢᠭ᠍ᠯᠠᠵᠤ᠂ ᠠᠵᠤ ᠠᠬᠤᠢᠯᠠᠯ᠎ᠤᠨ ᠡᠵᠡᠩᠨᠡᠯᠲᠡ᠎ᠶᠢᠨ ᠠᠮᠢᠵᠢᠷᠠᠯ᠎ᠤᠨ ᠬᠦᠴᠦᠨ ᠢ ᠨᠡᠮᠡᠭᠳᠡᠭᠦᠯᠪᠡ᠃ ᠡᠳ᠋ ᠦᠨ ᠵᠠᠰᠠᠭ ᠭᠠᠢᠯᠢ᠎ᠶᠢᠨ ᠡᠮᠬᠢ ᠵᠢᠷᠤᠮ᠎ᠢ ᠬᠦᠴᠦ ᠲᠠᠯᠪᠢᠨ ᠴᠡᠭᠴᠡᠯᠡᠵᠦ᠂ ᠡᠳ᠋᠎ᠦᠨ ᠵᠠᠰᠠᠭ ᠠᠵᠤ ᠠᠬᠤᠢ᠎ᠶᠢᠨ ᠰᠠᠬᠢᠯᠭ᠎ᠠ ᠪᠠᠲᠤ᠎ᠶᠢ ᠴᠢᠩᠳᠠᠯᠠᠵᠤ᠂ ᠭᠠᠢᠯᠢ ᠲᠠᠲᠠᠪᠤᠷᠢᠯᠠᠵᠤ ᠬᠠᠮᠢᠶᠠᠷᠬᠤ ᠠᠵᠢᠯ᠎ᠢ ᠴᠢᠩᠭᠠᠳᠬᠠᠵᠤ᠂ ᠡᠳ᠋᠎ᠦᠨ ᠵᠠᠰᠠᠭ ᠭᠠᠢᠯᠢ᠎ᠶᠢᠨ ᠥᠭᠡᠷᠡᠴᠢᠯᠡᠯᠲᠡ᠎ᠶᠢ ᠲᠦᠷᠭᠡᠳᠬᠡᠨ᠂ ᠭᠠᠢᠯᠢ ᠲᠠᠲᠠᠪᠤᠷᠢ᠎ᠶᠢ ᠬᠥᠩᠭᠡᠯᠡᠵᠦ ᠬᠡᠯᠲᠦᠷᠢᠭᠦᠯᠬᠦ ᠪᠠ ᠡᠳ᠋ ᠦᠨ ᠵᠠᠰᠠᠭ᠎ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠳ᠋ ᠦᠨ ᠵᠠᠰᠠᠭ᠎ᠤᠨ ᠲᠥᠰᠥᠪ ᠢ ᠴᠢᠩᠭ᠎ᠠ ᠬᠡᠷᠡᠭᠵᠢᠭᠦᠯᠵᠦ᠂ ᠭᠠᠷᠤᠯᠲᠠ᠎ᠪᠠᠨ ᠨᠡᠮᠡᠭᠳᠡᠭᠦᠯᠦᠨ ᠭᠠᠮᠨᠠᠨ ᠠᠷᠪᠢᠯᠠᠬᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠶᠢ ᠠᠷᠪᠢᠯᠠᠬᠤ ᠠᠵᠢᠯ᠎ᠢ ᠥᠷᠨᠢᠭᠦᠯᠪᠡ᠃ ᠮᠥᠩᠭᠥᠨ ᠭᠦᠢᠯᠭᠡᠭᠡᠨ ᠦ ᠲᠣᠬᠢᠷᠠᠭᠤᠯᠭ᠎ᠠ ᠡᠵᠡᠮᠳᠡᠯ ᠦᠨ ᠰᠢᠰᠲᠧᠮ ᠢ ᠲᠡᠭᠦᠯᠳᠡᠷᠵᠢᠭᠦᠯᠵᠦ᠂ ᠵᠢᠭᠡᠯᠡᠯᠭᠡ ᠶᠢᠨ ᠬᠡᠪᠴᠢᠶᠡᠨ ᠦ ᠰᠢᠭᠤᠳ ᠲᠣᠬᠢᠷᠠᠭᠤᠯᠭ᠎ᠠ ᠡᠵᠡᠮᠳᠡᠯ ᠢ ᠬᠡᠷᠡᠭᠯᠡᠵᠦ ᠪᠠᠢᠭᠰᠠᠨ᠎ᠠᠴᠠ ᠬᠦᠦ ᠮᠥᠩᠭᠥ᠎ᠶᠢᠨ ᠨᠤᠷᠮ᠎ᠠ᠂ ᠢᠯᠡ ᠵᠠᠬ᠎ᠠ ᠳᠡᠯᠭᠡᠭᠦᠷ ᠪᠠ ᠬᠠᠳᠠᠭᠠᠯᠠᠮᠵᠢ᠎ᠶᠢᠨ ᠪᠡᠯᠡᠳᠬᠡᠯ ᠮᠥᠩᠭᠥ᠎ᠶᠢ ᠬᠡᠷᠡᠭᠯᠡᠬᠦ ᠲᠠᠮ ᠲᠣᠬᠢᠷᠠᠭᠤᠯᠭ᠎ᠠ ᠡᠵᠡᠮᠳᠡᠯ ᠲᠡᠢᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠠᠷᠠᠳ᠎ᠤᠨ ᠵᠣᠭᠣᠰ᠎ᠤᠨ ᠪᠠᠢᠩᠭᠤ᠎ᠶᠢᠨ ᠲᠦᠷᠦᠯ ᠵᠦᠢᠯ ᠢ ᠰᠣᠯᠢᠵᠤ ᠪᠤᠯᠬᠤ᠎ᠶᠢ ᠪᠡᠶᠡᠯᠡᠭᠦᠯᠦᠨ᠂ ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭᠴᠡᠭᠡ᠎ᠪᠡᠷ ᠰᠠᠭᠤᠷᠢ ᠪᠤᠯᠭᠠᠬ᠍ᠰᠠᠨ᠂ ᠲᠠᠩ ᠴᠤᠯᠭᠤᠢ᠂ ᠬᠠᠮᠢᠶᠠᠷᠤᠯᠲᠠ᠎ᠲᠠᠢ ᠬᠥᠳᠡᠯᠦᠩᠭᠦᠢ ᠭᠤᠪᠢᠭᠤᠯᠭ᠎ᠠ᠎ᠶᠢᠨ ᠨᠤᠷᠮ᠎ᠠ᠎ᠶᠢᠨ ᠳᠦᠷᠢᠮ᠎ᠢ ᠬᠡᠷᠡᠭᠵᠢᠭᠦᠯᠵᠦ᠂ ᠦᠨᠡᠲᠦ ᠲᠡᠮᠳᠡᠭᠲᠦ ᠬᠤᠭᠤᠴᠠᠭᠠᠲᠤ ᠪᠠᠷᠠᠭᠠᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠮᠥᠩᠭᠥᠨ ᠭᠦᠢᠯᠭᠡᠭᠡᠨ᠎ᠦ ᠡᠮᠬᠢ ᠵᠢᠷᠤᠮ᠎ᠢ ᠵᠢᠷᠤᠮᠵᠢᠭᠤᠯᠵᠠᠢ᠃ ᠠᠮᠤ ᠪᠤᠳᠠᠭᠠᠨ ᠤ ᠦᠨ᠎ᠡ ᠬᠠᠩᠰᠢ ᠪᠠ ᠬᠤᠳᠠᠯᠳᠤᠨ ᠠᠪᠬᠤ ᠪᠣᠷᠣᠯᠠᠭᠤᠯᠬᠤ ᠪᠠᠢᠭᠤᠯᠤᠮᠵᠢ ᠵᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠱᠠᠭᠠᠷᠳᠠᠯᠭ᠎ᠠ᠎ᠳᠤ ᠵᠣᠬᠢᠴᠠᠭᠰᠠᠨ᠂ ᠬᠤᠳᠠᠯᠳᠤᠨ ᠠᠪᠬᠤ ᠪᠠ ᠪᠣᠷᠣᠯᠠᠭᠤᠯᠬᠤ᠎ᠳᠤ ᠲᠦᠭᠦᠮ᠂ ᠲᠣᠬᠢᠷᠠᠭᠤᠯᠬᠤ᠎ᠳᠤ ᠠᠮᠢᠳᠤᠯᠢᠭ᠋ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠪᠠᠢᠭᠤᠯᠤᠮᠵᠢ᠎ᠶᠢ ᠪᠠᠢᠭᠤᠯᠵᠤ᠂ ᠠᠵᠤ ᠦᠢᠯᠡᠳᠪᠦᠷᠢ ᠬᠥᠳᠡᠭᠡ ᠠᠵᠤ ᠠᠬᠤᠢ᠎ᠶᠢᠨ ᠦᠢᠯᠡᠳᠬᠦᠨ᠎ᠦ ᠦᠨ᠎ᠡ ᠬᠠᠩᠰᠢ᠎ᠶᠢᠨ ᠬᠠᠢᠴᠢᠨ ᠵᠥᠷᠢᠶ᠎ᠡ ᠶᠢ ᠪᠠᠭᠠᠰᠬᠠᠵᠤ᠂ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠬᠠᠮᠠᠭᠠᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠪᠠ ᠬᠠᠩᠭᠠᠯᠭ᠎ᠠ ᠶᠢ ᠲᠣᠭᠲᠠᠪᠤᠷᠢᠵᠢᠭᠤᠯᠪᠠ᠃ ᠲᠠᠷᠢᠶᠠᠯᠠᠩ ᠤᠨ ᠦᠢᠯᠡᠳᠪᠦᠷᠢᠯᠡᠯ ᠦᠨ ᠬᠡᠷᠡᠭᠰᠡᠯ ᠦᠨ ᠭᠦᠢᠯᠭᠡᠭᠡᠨ ᠦ ᠪᠠᠢᠭᠤᠯᠤᠮᠵᠢ ᠶᠢ ᠥᠭᠡᠷᠡᠴᠢᠯᠡᠵᠦ᠂ ᠬᠢᠮᠢ᠎ᠶᠢᠨ ᠪᠣᠷᠳᠣᠭᠤᠷ ᠵᠡᠷᠭᠡ ᠲᠠᠷᠢᠶᠠᠯᠠᠩ ᠤᠨ ᠬᠡᠷᠡᠭᠰᠡᠯ ᠦᠨ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠬᠠᠩᠭᠠᠨ ᠪᠣᠷᠣᠯᠠᠭᠤᠯᠬᠤ ᠬᠣᠷᠰᠢᠶᠠᠨ ᠤ ᠭᠣᠣᠯ ᠠᠷᠭ᠎ᠠ ᠵᠠᠮ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠣᠨ ᠤ ᠵᠠᠬ᠎ᠠ ᠳᠡᠯᠭᠡᠭᠦᠷ᠎ᠤᠨ ᠬᠠᠩᠭᠠᠯᠭ᠎ᠠ᠎ᠶᠢ ᠰᠠᠢᠳᠤᠷ ᠬᠢᠵᠠᠢ᠃ ᠲᠠᠷᠢᠶᠠᠴᠢᠳ ᠤᠨ ᠰᠠᠢᠨ ᠳᠤᠷ᠎ᠠ᠎ᠶᠢᠨ ᠪᠠᠢᠬᠤ ᠰᠠᠭᠤᠷᠢᠨ ᠳᠡᠭᠡᠷ᠎ᠡ ᠠᠮᠤ ᠪᠤᠳᠠᠭ᠎ᠠ ᠲᠠᠷᠢᠬᠤ ᠲᠣᠮᠣ᠌ ᠡᠷᠦᠭᠡ ᠳᠦ ᠳᠠᠭᠠᠭᠠᠴᠢᠯᠠᠭᠤᠯᠬᠤ᠎ᠶᠢ ᠬᠡᠷᠡᠭᠵᠢᠭᠦᠯᠵᠦ᠂ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠂ ᠨᠡᠢᠭᠡᠮᠴᠢᠯᠡᠭᠰᠡᠨ ᠲᠠᠷᠢᠶᠠᠯᠠᠩ ᠤᠨ ᠦᠢᠯᠡᠳᠪᠦᠷᠢᠯᠡᠯ᠎ᠦᠨ ᠦᠢᠯᠡᠴᠢᠯᠡᠭᠡᠨ᠎ᠦ ᠰᠢᠰᠲᠧᠮ ᠢ ᠶᠡᠬᠡ ᠪᠡᠷ ᠬᠥᠭᠵᠢᠭᠦᠯᠵᠦ᠂ ᠠᠮᠤ ᠪᠤᠳᠠᠭ᠎ᠠ ᠲᠠᠷᠢᠬᠤ ᠲᠣᠮᠣ᠌ ᠡᠷᠦᠭᠡ᠎ᠳᠦ ᠨᠡᠩ ᠤᠯᠠᠨ ᠳᠡᠮᠵᠢᠯᠭᠡ ᠦᠵᠡᠭᠦᠯᠵᠠᠢ᠃ 1997 ᠣᠨ ᠤ 9 ᠰᠠᠷ᠎ᠠ᠎ᠳᠤ᠂ ᠵᠦ᠍ ᠷᠦᠩ ᠵᠢᠢ ᠨᠥᠬᠥᠷ ᠳᠤᠮᠳᠠᠳᠤ ᠤᠯᠤᠰ᠎ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠠᠩᠬᠠᠳᠤᠭᠠᠷ ᠪᠦᠭᠦᠳᠡ ᠬᠤᠷᠠᠯ ᠳᠡᠭᠡᠷ᠎ᠡ ᠲᠠᠬᠢᠨᠳᠠ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠶᠢᠨ ᠲᠣᠪᠴᠢᠶᠠᠨ᠎ᠤ ᠭᠡᠰᠢᠭᠦᠨ᠂ ᠪᠠᠢᠩᠭᠤ᠎ᠶᠢᠨ ᠭᠡᠰᠢᠭᠦᠨ᠎ᠢᠶᠡᠷ ᠰᠣᠩᠭᠣᠭᠳᠠᠪᠠ᠃ 1998 ᠣᠨ᠎ᠤ 3 ᠰᠠᠷ᠎ᠠ᠎ᠳᠤ᠂ ᠶᠢᠰᠦᠳᠦᠭᠡᠷ ᠬᠤᠭᠤᠴᠠᠭᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠳᠡᠭᠡᠷ᠎ᠡ᠂ ᠲᠡᠷᠡ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢᠳ᠎ᠢᠶᠠᠷ ᠲᠣᠮᠢᠯᠠᠭᠳᠠᠵᠤ᠂ ᠰᠡᠭᠦᠯᠡᠷ ᠨᠢ ᠲᠥᠷᠥ᠎ᠶᠢᠨ ᠶᠠᠪᠤᠳᠠᠯ ᠤᠨ ᠬᠣᠷᠢᠶ᠎ᠠ ᠵᠢᠨ ᠨᠠᠮ᠎ᠤᠨ ᠤᠳᠤᠷᠢᠳᠬᠤ ᠲᠤᠭᠤᠢᠯᠠᠩ᠎ᠤᠨ ᠱᠦᠵᠢ ᠵᠢᠨ ᠳᠤᠰᠢᠶᠠᠯ᠎ᠢ ᠡᠭᠦᠷᠭᠡᠯᠡᠪᠡ᠃ ᠠᠽᠢᠶ᠎ᠠ ᠲᠢᠪ᠎ᠦᠨ ᠮᠥᠩᠭᠥᠨ ᠭᠦᠢᠯᠭᠡᠭᠡᠨ ᠦ ᠬᠢᠮᠤᠷᠠᠯ᠎ᠤᠨ ᠳᠠᠭᠠᠷᠢᠯᠲᠠ ᠪᠠ ᠤᠯᠤᠰ᠎ᠤᠨ ᠳᠣᠲᠣᠭᠠᠳᠤ᠎ᠶᠢᠨ ᠣᠨᠴᠠ ᠶᠡᠬᠡ ᠦᠶᠡᠷ ᠤᠰᠤᠲᠤᠯ᠎ᠤᠨ ᠭᠠᠮᠰᠢᠬ᠎ᠤᠨ ᠡᠮᠦᠨ᠎ᠡ ᠲᠡᠷᠡ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ᠂ ᠬᠣᠷᠸ᠎ᠠ ᠡᠵᠡᠮᠰᠢᠯ ᠳᠤᠬᠢᠷᠠᠭᠤᠯᠭ᠎ᠠ ᠵᠢᠨ ᠴᠢᠭᠯᠡᠯ ᠪᠠ ᠡᠷᠴᠢᠮ᠎ᠢ ᠵᠥᠪ ᠣᠨᠣᠪᠴᠢᠲᠠᠶ ᠡᠵᠡᠮᠳᠡᠵᠦ᠂ ᠵᠣᠬᠢᠰᠲᠠᠢ᠎ᠪᠠᠷ ᠴᠢᠩᠭᠠᠯᠠᠬᠤ ᠡᠳ᠋᠎ᠦᠨ ᠵᠠᠰᠠᠭ᠎ᠤᠨ ᠲᠦᠷᠦ᠎ᠶᠢᠨ ᠪᠣᠳᠣᠯᠭ᠎ᠠ᠂ ᠵᠣᠭᠣᠰᠤᠨ᠎ᠤ ᠲᠦᠷᠦ᠎ᠶᠢᠨ ᠪᠣᠳᠣᠯᠭ᠎ᠠ ᠬᠡᠷᠡᠭᠵᠢᠭᠦᠯᠵᠦ ᠪᠠᠢᠭᠰᠠᠨ᠎ᠢ ᠢᠳᠡᠪᠬᠢᠲᠡᠢ ᠡᠳ᠋᠎ᠦᠨ ᠵᠠᠰᠠᠭ᠎ᠤᠨ ᠲᠦᠷᠦ᠎ᠶᠢᠨ ᠪᠣᠳᠣᠯᠭ᠎ᠠ ᠪᠠ ᠲᠤᠭᠳᠠᠭᠤᠨ ᠵᠣᠭᠣᠰ᠎ᠤᠨ ᠤ ᠲᠦᠷᠦ᠎ᠶᠢᠨ ᠪᠣᠳᠣᠯᠭ᠎ᠠ ᠶᠢ ᠬᠡᠷᠡᠭᠵᠢᠭᠦᠯᠬᠦ ᠲᠡᠢᠰᠢ ᠰᠢᠯᠵᠢᠭᠦᠯᠵᠦ᠂ ᠤᠯᠤᠰ ᠤᠨ ᠳᠣᠲᠣᠭᠠᠳᠤ᠎ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠵᠣᠭᠣᠰ ᠪᠠᠭᠠᠰᠬᠤ ᠬᠠᠨᠳᠤᠰᠢ ᠶᠢ ᠬᠣᠷᠢᠭ᠍ᠯᠠᠵᠤ᠂ ᠭᠣᠣᠯᠳᠠᠯᠭ᠎ᠠ᠎ᠲᠠᠢ ᠬᠦᠷᠢᠶ᠎ᠠ ᠴᠠᠷᠠᠭᠠᠨ᠎ᠳᠠᠬᠢ ᠥᠭᠡᠷᠡᠴᠢᠯᠡᠯᠲᠡ ᠶᠢ ᠭᠦᠨᠵᠡᠭᠡᠢᠷᠡᠭᠦᠯᠵᠦ᠂ ᠠᠵᠤ ᠠᠬᠤᠢ᠎ᠶᠢᠨ ᠲᠣᠭᠲᠠᠭᠤᠨ ᠪᠥᠭᠡᠳ ᠲᠦᠷᠭᠡᠨ ᠨᠡᠮᠡᠭᠳᠡᠯ ᠢ ᠪᠠᠲᠤᠯᠠᠵᠤ᠂ ᠨᠡᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ ᠪᠠᠢᠳᠠᠯ ᠢ ᠬᠠᠮᠠᠭᠠᠯᠠᠨ᠂ ᠠᠷᠠᠳ᠎ᠤᠨ ᠠᠮᠢᠳᠤᠷᠠᠯ ᠢᠯᠡᠳᠲᠡ ᠰᠠᠢᠵᠢᠷᠠᠵᠤ᠂ ᠮᠠᠨ᠎ᠤ ᠤᠯᠤᠰ ᠤᠨ ᠳᠡᠯᠡᠬᠡᠢ ᠳᠡᠭᠡᠷᠡᠬᠢ ᠪᠠᠢᠷᠢ ᠰᠠᠭᠤᠷᠢ ᠲᠠᠰᠤᠷᠠᠯᠳᠠ ᠦᠭᠡᠢ ᠳᠡᠭᠡᠭᠰᠢᠯᠡᠪᠡ᠃ ᠠᠵᠤ ᠦᠢᠯᠡᠰ ᠦᠨ ᠪᠦᠲᠦᠴᠡ᠂ ᠭᠠᠵᠠᠷ ᠣᠷᠣᠨ ᠤ ᠪᠦᠲᠦᠴᠡ ᠪᠤᠯᠤᠨ ᠬᠤᠳᠠ ᠬᠥᠳᠡᠭᠡ᠎ᠶᠢᠨ ᠪᠦᠲᠦᠴᠡ᠎ᠶᠢ ᠪᠦᠭᠦ ᠲᠠᠯ᠎ᠠ᠎ᠪᠠᠷ ᠲᠣᠬᠢᠷᠠᠭᠤᠯᠵᠤ᠂ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠂ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ ᠢᠯᠠᠩᠭᠤᠶ᠎ᠠ ᠮᠡᠳᠡᠭᠡ ᠵᠠᠩᠭᠢ᠎ᠶᠢᠨ ᠠᠵᠤ ᠦᠢᠯᠡᠰ᠎ᠢ ᠶᠡᠬᠡ ᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠳᠪᠦᠷᠢ᠎ᠶᠢ ᠥᠭᠡᠷᠡᠴᠢᠯᠡᠨ ᠳᠡᠭᠡᠭᠰᠢᠯᠡᠭᠦᠯᠵᠦ᠂ ᠤᠳᠤ ᠦᠶ᠎ᠡ᠎ᠶᠢᠨ ᠦᠢᠯᠡᠴᠢᠯᠡᠭᠡᠨ᠎ᠦ ᠦᠢᠯᠡᠰ᠎ᠦᠨ ᠬᠦᠭᠵᠢᠯᠳᠡ ᠪᠠᠨ ᠲᠦᠷᠭᠡᠳᠭᠡᠬᠦ ᠶᠢ ᠢᠳᠡᠪᠬᠢᠲᠡᠢ ᠲᠡᠮᠵᠢᠵᠤ᠂ ᠦᠢᠯᠡᠳᠬᠦᠨ᠎ᠦ ᠶᠠᠰᠤ ᠴᠢᠨᠠᠷ᠎ᠤᠨ ᠬᠠᠮᠢᠶᠠᠷᠤᠯᠲᠠ᠎ᠶᠢ ᠴᠢᠩᠭᠠᠳᠬᠠᠵᠤ᠂ ᠠᠵᠤ ᠠᠬᠤᠢ᠎ᠶᠢᠨ ᠨᠡᠮᠡᠭᠳᠡᠯ ᠦᠨ ᠶᠠᠰᠤ ᠴᠢᠨᠠᠷ ᠪᠠ ᠦᠷ᠎ᠡ ᠠᠰᠢᠭ᠋᠎ᠢ ᠬᠦᠴᠦᠯᠡᠨ ᠳᠡᠭᠡᠭᠰᠢᠯᠡᠭᠦᠯᠵᠠᠢ᠃《ᠬᠦᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ᠋ ᠠᠰᠠᠭᠤᠳᠠᠯ᠎ᠢ ᠰᠢᠢᠳᠪᠦᠷᠢᠯᠡᠬᠦ᠎ᠶᠢ ᠲᠣᠪᠣᠢᠮ᠎ᠠ ᠪᠠᠢᠷᠢᠨ᠎ᠳᠤ ᠲᠠᠯᠪᠢᠵᠤ᠂ ᠬᠦᠳᠡᠭᠡ ᠠᠵᠤ ᠠᠬᠤᠢ ᠵᠢᠨ ᠪᠦᠳᠦᠴᠡ ᠵᠢᠨ ᠲᠤᠬᠢᠷᠠᠭᠤᠯᠤᠯᠳᠠ᠎ᠶᠢ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠠᠬᠢᠭᠤᠯᠵᠤ᠂ ᠶᠡᠬᠡ ᠮᠥᠷᠡᠨ ᠶᠡᠬᠡ ᠭᠣᠣᠯ ᠶᠡᠬᠡ ᠨᠠᠭᠤᠷ ᠤᠨ ᠵᠠᠰᠠᠯᠳᠠ᠂ ᠬᠥᠳᠡᠭᠡ ᠲᠣᠰᠬᠣᠨ᠎ᠤ ᠴᠠᠬᠢᠯᠭᠠᠨ ᠲᠣᠣᠷ᠎ᠤᠨ ᠥᠭᠡᠷᠡᠴᠢᠯᠡᠯᠲᠡ᠂ ᠤᠯᠤᠰ ᠤᠨ ᠨᠥᠭᠡᠴᠡ ᠠᠮᠤ ᠪᠤᠳᠠᠭᠠᠨ᠎ᠤ ᠬᠥᠮᠥᠷᠭᠡ᠎ᠶᠢᠨ ᠪᠠᠢᠭᠤᠯᠤᠯᠲᠠ ᠵᠡᠷᠭᠡ᠎ᠳᠡᠬᠢ ᠣᠷᠣᠭᠤᠯᠤᠯᠲᠠ ᠶᠢ ᠨᠡᠮᠡᠭᠳᠡᠭᠦᠯᠵᠦ᠂ ᠬᠥᠳᠡᠭᠡ ᠲᠣᠰᠬᠣᠨ᠎ᠤ ᠶᠠᠳᠠᠭᠤ᠎ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠎ᠢ ᠴᠢᠩᠭᠠᠳᠬᠠᠵᠤ᠂ ᠬᠥᠳᠡᠭᠡ ᠲᠣᠰᠬᠣᠨ᠎ᠤ《ᠵᠠᠷᠤᠳᠠᠯ ᠢ ᠭᠠᠢᠯᠢ ᠪᠤᠯᠭᠠᠬᠤ》ᠪᠠ ᠰᠢᠶᠠᠩ ᠪᠠᠯᠭᠠᠰᠤᠨ᠎ᠤ ᠪᠠᠢᠭᠤᠯᠤᠮᠵᠢ᠂ ᠰᠢᠶᠠᠨ ᠰᠢᠶᠠᠩ ᠤᠨ ᠡᠳ᠋ ᠦᠨ ᠵᠠᠰᠠᠭ ᠤᠨ ᠪᠠᠢᠭᠤᠯᠤᠯ ᠵᠡᠷᠭᠡ᠎ᠶᠢᠨ ᠥᠭᠡᠷᠡᠴᠢᠯᠡᠯᠲᠡ᠎ᠶᠢ ᠬᠡᠷᠡᠭᠵᠢᠭᠦᠯᠵᠦ᠂ ᠲᠠᠷᠢᠶᠠᠴᠢᠳ ᠤᠨ ᠳᠠᠷᠤᠭᠠᠰᠤ ᠶᠢ ᠬᠦᠩᠭᠡᠯᠡᠨ ᠣᠷᠣᠯᠭ᠎ᠠ᠎ᠶᠢ ᠨᠡᠮᠡᠭᠳᠡᠭᠦᠯᠬᠦ᠎ᠶᠢ ᠪᠠᠲᠤᠯᠠᠵᠤ᠂ ᠬᠤᠳᠠ ᠬᠥᠳᠡᠭᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠪᠠ᠃ ᠭᠠᠳᠠᠭᠠᠲᠦ ᠨᠡᠭᠡᠭᠡᠯᠲᠡ᠎ᠶᠢ ᠥᠷᠭᠡᠳᠬᠡᠬᠦ᠂ ᠭᠠᠳᠠᠭᠠᠳᠤ ᠭᠠᠷᠭᠠᠯᠲᠠ᠎ᠶᠢ ᠵᠣᠷᠢᠭ᠍ᠵᠢᠭᠤᠯᠬᠤ ᠠᠯᠢ ᠤᠯᠠᠨ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠠᠪᠴᠤ᠂ ᠠᠷᠠᠳ᠎ᠤᠨ ᠵᠣᠭᠣᠰ᠎ᠤᠨ ᠦᠷᠳᠡᠭ ᠪᠠᠭᠤᠷᠠᠬᠤ ᠦᠭᠡᠢ ᠪᠠᠢᠬᠤ᠎ᠶᠢ ᠪᠠᠷᠢᠮᠲᠠᠯᠠᠵᠤ᠂ ᠵᠠᠬ᠎ᠠ ᠳᠡᠯᠭᠡᠭᠦᠷ᠎ᠢ ᠤᠯᠠᠨ ᠡᠰᠢᠵᠢᠭᠦᠯᠬᠦ ᠪᠠᠢᠯᠳᠤᠬᠤ ᠪᠣᠳᠣᠯᠭ᠎ᠠ ᠪᠠ ᠶᠠᠰᠤ ᠴᠢᠨᠠᠷ᠎ᠢᠶᠠᠷ ᠢᠯᠠᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠵᠦ᠂ ᠨᠢᠭᠤᠴᠠ᠎ᠪᠠᠷ ᠠᠷᠠᠯᠵᠢᠶᠠᠯᠠᠬᠤ᠎ᠳᠤ ᠴᠣᠬᠢᠯᠲᠠ ᠥᠭᠬᠦ ᠡᠷᠴᠢᠮ᠎ᠢᠶᠡᠨ ᠴᠢᠩᠭᠠᠷᠠᠭᠤᠯᠵᠤ᠂ ᠭᠠᠳᠠᠭᠠᠳᠤ᠎ᠶᠢᠨ ᠪᠡᠯᠡ ᠮᠥᠩᠭᠥ᠎ᠶᠢ ᠢᠳᠡᠪᠬᠢᠲᠡᠢ ᠲᠠᠲᠠᠵᠤ᠂ ᠤᠯᠠᠨ ᠤᠯᠤᠰ᠎ᠤᠨ ᠠᠵᠤ ᠠᠬᠤᠢ ᠮᠡᠷᠭᠡᠵᠢᠯ᠎ᠦᠨ ᠬᠠᠮᠲᠤᠷᠠᠯᠴᠠᠭ᠎ᠠ ᠪᠠ ᠥᠷᠢᠰᠦᠯᠳᠦᠭᠡᠨ᠎ᠳᠦ ᠣᠷᠣᠯᠴᠠᠵᠤ᠂ ᠤᠯᠤᠰ᠎ᠤᠨ ᠳᠣᠲᠣᠭᠠᠳᠤ᠎ᠶᠢᠨ ᠪᠠ ᠤᠯᠠᠨ ᠤᠯᠤᠰ᠎ᠤᠨ ᠬᠣᠶᠠᠷ ᠵᠠᠬ᠎ᠠ ᠳᠡᠯᠭᠡᠭᠦᠷ᠂ ᠬᠣᠶᠠᠷ ᠵᠦᠢᠯ᠎ᠦᠨ ᠡᠬᠢ ᠪᠠᠶᠠᠯᠢᠭ᠋᠎ᠢ ᠨᠡᠩ ᠰᠠᠢᠲᠦᠷ ᠠᠰᠢᠭ᠍ᠯᠠᠪᠠ᠃ ᠰᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ᠎ᠤ ᠬᠠᠷᠢᠯᠴᠠᠭᠠᠨ᠎ᠤ ᠭᠤᠪᠢᠭᠤᠯᠭ᠎ᠠ᠎ᠶᠢᠨ ᠨᠤᠷᠮ᠎ᠠ᠎ᠶᠢᠨ ᠳᠦᠷᠢᠮ᠎ᠢᠶᠡᠨ ᠬᠠᠮᠠᠭᠠᠯᠠᠵᠤ᠂ ᠤᠯᠠᠨ ᠤᠯᠤᠰ᠎ᠤᠨ ᠮᠥᠩᠭᠥᠨ ᠭᠦᠢᠯᠭᠡᠭᠡᠨ᠎ᠦ ᠲᠥᠪ ᠪᠣᠯᠬᠤ ᠪᠠᠢᠷᠢ ᠰᠠᠭᠤᠷᠢ᠎ᠪᠠᠨ ᠪᠡᠬᠢᠵᠢᠭᠦᠯᠵᠤ᠂ ᠡᠯ᠎ᠡ ᠡᠲᠡᠭᠡᠳ᠎ᠦᠨ ᠬᠢᠨ᠎ᠦ ᠢᠲᠡᠭᠡᠯ᠎ᠢ ᠲᠣᠭᠲᠠᠪᠤᠷᠢᠵᠢᠭᠤᠯᠬᠤ᠎ᠶᠢ ᠡᠷᠡᠰ ᠲᠡᠮᠵᠢᠵᠦ᠂ ᠰᠢᠶᠠᠩᠭᠠᠩ᠎ᠤᠨ ᠠᠵᠤ ᠠᠬᠤᠢ᠎ᠶᠢ ᠦᠳᠲᠡᠷ ᠲᠦᠷᠭᠡᠨ ᠰᠡᠷᠭᠦᠭᠡᠵᠦ᠂ ᠬᠦᠨᠳᠦ ᠪᠡᠷᠬᠡ ᠰᠢᠯᠭᠠᠯᠲᠠ ᠵᠢ ᠳᠠᠭᠠᠭᠠᠵᠤ ᠴᠢᠳᠠᠪᠠ᠃ ᠦᠷᠭᠦᠯᠵᠢᠯᠡᠬᠦ ᠬᠦᠭᠵᠢᠯᠲᠡ ᠵᠢᠨ ᠵᠠᠮ᠎ᠢᠶᠠᠷ ᠵᠠᠮᠨᠠᠬᠤ᠎ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠪᠠ ᠪᠦᠲᠦᠭᠡᠨ ᠪᠠᠢᠭᠤᠯᠤᠯᠲᠠ᠎ᠶᠢᠨ ᠡᠷᠴᠢᠮ ᠵᠢᠡᠨ ᠴᠢᠨᠭᠭᠠᠷᠠᠭᠤᠯᠵᠤ᠂ ᠬᠥᠬᠡᠮᠥ᠋ᠷᠡᠨ᠎ᠦ ᠰᠠᠪᠠ ᠭᠠᠵᠠᠷ᠎ᠲᠤ ᠳᠠᠯᠠᠩ ᠢ ᠲᠡᠭᠰᠢᠯᠡᠵᠦ ᠦᠶᠡᠷ᠎ᠢ ᠵᠠᠯᠠᠬᠤ᠂ ᠠᠷᠠᠳ᠎ᠢ ᠨᠡᠭᠦᠯᠭᠡᠨ ᠪᠠᠯᠭᠠᠰᠤ ᠪᠠᠶ᠋ᠢᠭᠤᠯᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠶᠡᠬᠡ ᠬᠡᠪᠴᠢᠶ᠎ᠡ᠎ᠪᠡᠷ ᠲᠠᠷᠢᠶᠠᠨ ᠭᠠᠵᠠᠷ᠎ᠢ ᠪᠤᠴᠠᠭᠠᠨ ᠨᠠᠭᠤᠷ᠎ᠢ ᠰᠡᠷᠭᠦᠭᠡᠵᠦ᠂ ᠭᠠᠵᠠᠷ ᠰᠢᠷᠣᠢ᠂ ᠠᠭᠤᠷᠬᠠᠢ᠎ᠶᠢᠨ ᠭᠠᠷᠤᠯᠲᠠ᠂ ᠴᠡᠩᠭᠡᠭ ᠤᠰᠤ᠂ ᠳᠠᠯᠠᠢ ᠲᠠᠩᠭᠢᠰ ᠪᠠ ᠠᠮᠢᠳᠤ ᠪᠣᠳᠠᠰ ᠵᠡᠷᠭᠡ ᠡᠬᠢ ᠪᠠᠶᠠᠯᠢᠭ᠋᠎ᠤᠨ ᠬᠠᠮᠢᠶᠠᠷᠤᠯᠲᠠ᠎ᠶᠢ ᠴᠢᠩᠭᠠᠳᠬᠠᠵᠤ᠂ ᠭᠣᠣᠯᠳᠠᠯᠭ᠎ᠠ᠎ᠲᠠᠢ ᠰᠠᠪᠠ ᠭᠠᠵᠠᠷ᠂ ᠣᠷᠣᠨ ᠪᠦᠰᠡ ᠵᠡᠷᠭᠡ᠎ᠶᠢᠨ ᠪᠣᠬᠢᠷᠲᠤᠯ᠎ᠢ ᠬᠦᠴᠦ᠎ᠪᠡᠨ ᠲᠥᠪᠯᠡᠷᠡᠭᠦᠯᠦᠨ ᠵᠠᠰᠠᠵᠤ᠂ ᠣᠷᠴᠢᠨ ᠲᠤᠭᠤᠷᠢᠨ᠎ᠤ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠠᠵᠤ ᠠᠬᠤᠢ᠎ᠶᠢᠨ ᠬᠥᠭᠵᠢᠯᠲᠡ ᠵᠢᠨ ᠬᠥᠮᠥᠨ ᠠᠮᠠ᠂ ᠡᠬᠢ ᠪᠠᠶᠠᠯᠢᠭ᠋᠂ ᠣᠷᠴᠢᠨ ᠲᠤᠭᠤᠷᠢᠨ ᠲᠡᠢ ᠵᠣᠬᠢᠴᠠᠬᠤ᠎ᠶᠢ ᠠᠬᠢᠭᠤᠯᠪᠠ᠃ ᠠᠷᠠᠳ ᠤᠯᠠᠨ᠎ᠤ ᠬᠤᠪᠢ ᠪᠡᠶ᠎ᠡ᠎ᠶᠢᠨ ᠠᠰᠢᠭ᠋ ᠲᠤᠰᠠ᠎ᠶᠢ ᠢᠮᠠᠭᠲᠠ ᠳᠡᠭᠡᠳᠦ ᠬᠡᠮᠵᠢᠶ᠎ᠡ᠎ᠪᠡᠷ ᠬᠠᠯᠠᠮᠵᠢᠯᠠᠵᠤ᠂ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠦᠷᠭᠦᠯᠵᠢᠯᠡᠨ ᠰᠠᠢᠵᠢᠷᠠᠭᠤᠯᠵᠤ᠂ ᠠᠷᠠᠳ ᠲᠦᠮᠡᠨ᠎ᠦ ᠡᠷᠡᠭᠦᠯ ᠮᠡᠨᠳᠤ᠎ᠶᠢᠨ ᠲᠦᠪᠰᠢᠨ᠎ᠢ ᠳᠡᠭᠡᠭᠰᠢᠯᠡᠭᠦᠯᠵᠤ᠂ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠵᠦ᠂ ᠠᠵᠢᠯᠲᠠᠨ ᠠᠵᠢᠯᠴᠢᠨ᠎ᠤ ᠴᠠᠯᠢᠩ᠎ᠢ ᠥᠷᠢᠲᠦᠬᠦ᠂ ᠠᠵᠢᠯ᠎ᠤᠨ ᠪᠠᠢᠷᠢ᠎ᠡᠴᠡ᠎ᠪᠠᠨ ᠪᠠᠭᠤᠭᠰᠠᠨ ᠠᠵᠢᠯᠲᠠᠨ ᠠᠵᠢᠯᠴᠢᠨ᠎ᠳᠤ ᠲᠠᠬᠢᠨ ᠠᠵᠢᠯ ᠣᠯᠭᠣᠬᠤ ᠵᠡᠷᠭᠡ ᠠᠰᠠᠭᠤᠳᠠᠯ᠎ᠢ ᠶᠡᠬᠡ ᠬᠦᠴᠦ ᠣᠷᠣᠭᠤᠯᠤᠨ ᠰᠢᠢᠳᠪᠦᠷᠢᠯᠡᠵᠦ᠂ ᠨᠡᠢᠭᠡᠮ᠎ᠦᠨ ᠠᠮᠤᠷ ᠲᠦᠪᠰᠢᠨ᠎ᠢ ᠶᠡᠷᠦᠩᠬᠡᠢᠯᠡᠨ ᠵᠠᠰᠠᠬᠤ ᠠᠵᠢᠯ᠎ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢᠨ ᠳᠦᠷᠢᠮ᠎ᠢ ᠪᠠᠢᠭᠤᠯᠪᠠ᠃ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠶᠢ ᠭᠦᠨᠵᠡᠭᠡᠢ ᠬᠤᠪᠢᠷᠠᠭᠤᠯᠵᠤ᠂ ᠵᠠᠰᠠᠭ᠎ᠤᠨ ᠣᠷᠳᠣᠨ᠎ᠤ ᠪᠠᠢᠭᠤᠯᠤᠮᠵᠢ᠎ᠶᠢᠨ ᠥᠭᠡᠷᠡᠴᠢᠯᠡᠯᠲᠡ᠎ᠶᠢ ᠠᠬᠢᠭᠤᠯᠵᠤ᠂ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠪᠠᠢᠭᠤᠯᠤᠮᠵᠢ᠎ᠶᠢᠨ ᠥᠭᠡᠷᠡᠴᠢᠯᠡᠯᠲᠡ ᠶᠢᠨ ᠨᠡᠯᠢᠶᠡᠳ ᠡᠷᠴᠢᠮ᠎ᠲᠠᠢ ᠲᠥᠰᠥᠯ᠎ᠢ ᠬᠡᠷᠡᠭᠵᠢᠭᠦᠯᠵᠤ᠂ ᠶᠡᠷᠦᠩᠬᠡᠢᠯᠡᠭᠰᠡᠨ ᠠᠵᠤ ᠠᠬᠤᠢ᠎ᠶᠢᠨ ᠰᠠᠯᠠᠭ᠎ᠠ ᠮᠥᠴᠢᠷ᠎ᠢ ᠴᠢᠨᠠᠭᠰᠢᠳᠠ ᠬᠣᠷᠸ᠎ᠠ ᠲᠤᠬᠢᠷᠠᠭᠤᠯᠭ᠎ᠠ ᠡᠵᠡᠮᠰᠢᠯ ᠤᠨ ᠰᠠᠯᠠᠭ᠎ᠠ ᠮᠥᠴᠢᠷ ᠪᠣᠯᠭᠠᠨ ᠥᠭᠡᠷᠡᠴᠢᠯᠡᠨ ᠪᠠᠢᠭᠤᠯᠵᠤ᠂ ᠲᠤᠰᠬᠠᠢ ᠠᠵᠤ ᠠᠬᠤᠢ ᠶᠢᠨ ᠰᠠᠯᠠᠭ᠎ᠠ ᠮᠥᠴᠢᠷ᠎ᠢ ᠲᠣᠬᠢᠷᠠᠭᠤᠯᠤᠨ ᠴᠥᠭᠡᠳᠬᠡᠵᠦ᠂ ᠵᠠᠬ᠎ᠠ ᠳᠡᠯᠭᠡᠭᠦᠷ᠎ᠦᠨ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ᠎ᠦᠨ ᠡᠭᠦᠷᠭᠡ ᠴᠢᠳᠠᠪᠤᠷᠢ᠎ᠶᠢ ᠴᠢᠨᠭᠭᠠᠷᠠᠭᠤᠯᠵᠤ᠂ ᠤᠷᠳᠤ ᠬᠤᠭᠤᠴᠠᠭᠠᠨ᠎ᠤ ᠲᠤᠷᠰᠢ ᠲᠥᠯᠥᠪᠯᠡᠭᠡᠲᠦ ᠠᠵᠤ ᠠᠬᠤᠢ᠎ᠶᠢᠨ ᠪᠠᠢᠭᠤᠯᠤᠯ ᠳᠣᠣᠷ᠎ᠠ ᠪᠦᠷᠢᠯᠳᠦᠭᠰᠡᠨ ᠵᠠᠰᠠᠭ ᠤᠨ ᠣᠷᠳᠣᠨ᠎ᠤ ᠪᠠᠢᠭᠤᠯᠤᠮᠵᠢ᠎ᠶᠢᠨ ᠪᠦᠳᠦᠭᠦᠪᠴᠢ ᠲᠦᠰᠦᠪ ᠢ ᠬᠤᠪᠢᠷᠠᠭᠤᠯᠪᠠ᠃ ᠵᠠᠰᠠᠭ᠎ᠤᠨ ᠣᠷᠳᠣᠨ᠎ᠤ ᠲᠤᠰ ᠪᠡᠶ᠎ᠡ᠎ᠶᠢᠨ ᠪᠠᠢᠭᠤᠯᠤᠯᠲᠠ᠎ᠶᠢ ᠬᠦᠴᠦᠯᠡᠨ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠠᠵᠢᠯ᠎ᠤᠨ ᠠᠷᠭ᠎ᠠ ᠬᠡᠯᠪᠡᠷᠢ ᠪᠠ ᠠᠵᠢᠯ᠎ᠤᠨ ᠰᠤᠷᠲᠠᠯ᠎ᠢ ᠬᠤᠪᠢᠷᠠᠭᠤᠯᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡ ᠲᠣᠳᠣ᠌᠎ᠶᠢᠨ ᠬᠡᠮᠵᠢᠶ᠎ᠡ᠎ᠶᠢ ᠳᠡᠭᠡᠭᠰᠢᠯᠡᠭᠦᠯᠪᠡ᠃

1992 ᠣᠨ᠎ᠤ 5 ᠰᠠᠷ᠎ᠠ᠎ᠶᠢᠨ 21᠎ᠤ᠋ ᠡᠳᠦᠷ᠂ ᠵᠦ᠍ ᠷᠦᠩ ᠵᠢᠢ ᠨᠥᠬᠥᠷ ᠱᠠᠨ ᠰᠢ ᠮᠤᠵᠢ᠎ᠶᠢᠨ ᠳ᠋ᠠᠲ᠋ᠦ᠋ᠩ ᠬᠤᠳᠠ᠎ᠳᠤ ᠶᠦᠨ ᠭᠠᠩ ᠨᠡᠭᠦᠷᠡᠰᠦᠨ ᠠᠭᠤᠷᠬᠠᠢ᠎ᠶᠢ ᠰᠢᠨᠵᠢᠯᠡᠨ ᠪᠠᠢᠴᠠᠭᠠᠪᠠ᠃
ᠰᠢᠨᠬᠤᠸᠠ ᠬᠣᠷᠢᠶ᠎ᠡ ᠵᠢᠨ ᠬᠡᠷᠡᠯ ᠵᠢᠷᠤᠭ
ᠲᠥᠷᠥ ᠶᠢᠨ ᠶᠠᠪᠤᠳᠠᠯ᠎ᠤᠨ ᠬᠣᠷᠢᠶ᠎ᠡ ᠵᠢᠨ ᠶᠡᠷᠦᠩᠬᠡᠢ ᠰᠠᠢᠳ᠎ᠤᠨ ᠲᠤᠰᠢᠶᠠᠯ᠎ᠢ ᠬᠠᠷᠢᠭᠤᠴᠠᠭᠰᠠᠨ ᠤ ᠳᠠᠷᠠᠭ᠎ᠠ᠂ ᠵᠥ᠍ ᠷᠦᠩ ᠵᠢᠢ ᠨᠥᠬᠥᠷ ᠪᠠᠰᠠ ᠤᠷᠢᠳ ᠬᠣᠵᠢᠳ ᠲᠥᠪ᠎ᠦᠨ ᠲᠤᠰᠬᠠᠢ ᠵᠦᠪᠯᠡᠯ ᠤᠨ ᠡᠷᠬᠢᠯᠡᠭᠴᠢ᠂ ᠤᠯᠤᠰ ᠤᠨ ᠠᠵᠤ ᠠᠬᠤᠢ ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠵᠦᠪᠯᠡᠯ ᠤᠨ ᠡᠷᠬᠢᠯᠡᠭᠴᠢ᠂ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠰᠤᠷᠭᠠᠨ ᠬᠥᠮᠦᠵᠢᠯ ᠦᠨ ᠤᠳᠤᠷᠢᠳᠬᠤ ᠳᠤᠭᠤᠢᠯᠠᠩ ᠤᠨ ᠳᠠᠷᠤᠭ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠭᠤᠷᠪᠠᠨ ᠬᠠᠪᠴᠢᠯ ᠤᠨ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠵᠦᠪᠯᠡᠯ ᠤᠨ ᠡᠷᠬᠢᠯᠡᠭᠴᠢ᠂ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ᠎ᠶᠢᠨ ᠳᠠᠢᠴᠢᠯᠠᠯᠲᠠ᠎ᠶᠢᠨ ᠵᠦᠪᠯᠡᠯ᠎ᠤᠨ ᠡᠷᠬᠢᠯᠡᠭᠴᠢ᠂ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠢᠯᠠᠩ᠎ᠤᠨ ᠳᠠᠷᠤᠭ᠎ᠠ ᠵᠡᠷᠭᠡ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠠᠵᠤ ᠠᠬᠤᠢ᠎ᠶᠢᠨ ᠪᠠᠢᠭᠤᠯᠤᠯ ᠤᠨ ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠤᠷᠭᠠᠨ ᠬᠥᠮᠦᠵᠢᠯ᠂ ᠪᠠᠷᠠᠭᠤᠨ ᠤᠷᠤᠨ ᠢ ᠶᠡᠬᠡ ᠪᠡᠷ ᠨᠡᠭᠡᠭᠡᠨ ᠬᠥᠭᠵᠢᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ᠎ᠶᠢᠨ ᠠᠵᠤ ᠦᠢᠯᠡᠳᠪᠦᠷᠢ ᠵᠡᠷᠭᠡ ᠬᠦᠷᠢᠶᠡᠨ ᠳᠦ ᠶᠡᠬᠡ ᠬᠡᠮᠵᠢᠶᠡᠨ ᠦ ᠬᠦᠴᠦ ᠬᠦᠯᠦᠰᠦ ᠪᠠᠨ ᠤᠷᠤᠰᠬᠠᠪᠠ᠃ ᠲᠡᠷᠡ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ᠂ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭᠵᠢᠭᠦᠯᠬᠦ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠤᠷᠭᠠᠨ ᠬᠥᠮᠦᠵᠢᠯ᠎ᠦᠨ ᠣᠷᠣᠭᠤᠯᠤᠯᠲᠠ᠎ᠶᠢ ᠨᠡᠮᠡᠭᠳᠡᠭᠦᠯᠵᠦ᠂ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠨᠡᠯᠡᠬᠦ ᠰᠢᠰᠲᠧᠮ ᠪᠠ ᠱᠠᠨᠭᠨᠠᠬᠤ ᠳᠦᠷᠢᠮ᠎ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠪᠠ ᠠᠵᠤ ᠦᠢᠯᠡᠰᠵᠢᠭᠦᠯᠬᠦ ᠪᠦᠲᠦᠮᠵᠢᠲᠡᠶ ᠲᠣᠭᠲᠡᠴᠡ ᠶᠢ ᠠᠩᠬ᠎ᠠ ᠠᠯᠬᠤᠮ ᠪᠠᠢᠭᠤᠯᠵᠤ᠂ ᠴᠢᠳᠠᠪᠤᠷᠢᠲᠠᠨ᠎ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠳᠦᠷᠢᠮ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ ᠪᠠ ᠤᠯᠤᠰ ᠠᠷᠠᠳ᠎ᠤᠨ ᠬᠡᠪ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠪᠠᠷᠠᠭᠤᠨ ᠣᠷᠣᠨ᠎ᠢ ᠶᠡᠬᠡ ᠪᠡᠷ ᠨᠡᠭᠡᠭᠡᠨ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠶᠢ ᠲᠦᠯᠬᠢᠨ ᠠᠬᠢᠭᠤᠯᠵᠤ᠂ ᠣᠨᠴᠠᠯᠢᠭ᠍ᠲᠤ ᠠᠵᠤ ᠠᠬᠤᠢ ᠪᠠ ᠳᠠᠪᠠᠭᠤᠯᠢᠬ᠎ᠲᠦ ᠠᠵᠤ ᠦᠢᠯᠡᠰ᠎ᠢ ᠢᠳᠡᠪᠬᠢᠲᠡᠢ ᠬᠥᠭᠵᠢᠭᠦᠯᠵᠤ᠂ ᠵᠡᠭᠦᠨ᠂ ᠳᠤᠮᠳᠠ᠂ ᠪᠠᠷᠠᠭᠤᠨ ᠬᠡᠰᠡᠭ ᠣᠷᠣᠨ᠎ᠤ ᠠᠵᠤ ᠠᠬᠤᠢ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠶᠢ ᠴᠢᠩᠭᠠᠳᠬᠠᠵᠤ᠂ ᠪᠠᠷᠠᠭᠤᠨ ᠤᠷᠤᠨ᠎ᠤ ᠴᠠᠬᠢᠯᠭᠠᠨ᠎ᠢ ᠵᠡᠭᠦᠨᠰᠢ ᠬᠦᠷᠭᠡᠬᠦ᠂ ᠬᠥᠬᠡᠨᠠᠭᠤᠷ ᠲᠥᠪᠡᠳ᠎ᠦᠨ ᠲᠡᠮᠦᠷ ᠵᠠᠮ᠂ ᠪᠠᠷᠠᠭᠤᠨ ᠤᠷᠤᠨ᠎ᠤ ᠬᠡᠢ᠎ᠶᠢ ᠵᠡᠭᠦᠨᠰᠢ ᠳᠠᠮᠵᠢᠭᠤᠯᠬᠤ ᠵᠡᠷᠭᠡ ᠨᠢᠭᠡ ᠪᠦᠯᠦᠭ ᠴᠢᠬᠤᠯᠠ ᠶᠡᠬᠡ ᠢᠨᠵᠧᠨᠧᠷᠢᠩ᠎ᠦᠨ ᠲᠦᠷᠦᠯ ᠵᠦᠢᠯ᠎ᠢ ᠤᠷᠢᠳ ᠬᠣᠵᠢᠳ ᠵᠣᠬᠢᠶᠠᠨ ᠪᠠᠢᠭᠤᠯᠤᠨ ᠬᠡᠷᠡᠭᠵᠢᠭᠦᠯᠵᠦ᠂ ᠪᠠᠷᠠᠭᠤᠨ ᠣᠷᠣᠨ᠎ᠤ ᠠᠵᠤ ᠠᠬᠤᠢ᠎ᠶᠢᠨ ᠬᠥᠭᠵᠢᠯᠲᠡ ᠪᠠ ᠨᠡᠢᠭᠡᠮ᠎ᠦᠨ ᠲᠠᠪᠰᠢᠯᠳᠠ᠎ᠶᠢ ᠬᠦᠴᠦᠲᠡᠢ ᠠᠬᠢᠭᠤᠯᠪᠠ᠃

1998 ᠣᠨ᠎ᠤ 8 ᠰᠠᠷ᠎ᠠ᠎ᠶᠢᠨ 9᠎ᠤ᠋ ᠡᠳᠦᠷ᠂ ᠵᠦ᠍ ᠷᠦᠩ ᠵᠢᠢ ᠨᠥᠬᠥᠷ ᠵᠢᠶᠠᠩᠰᠢ ᠮᠤᠵᠢ ᠶᠢᠨ ᠵᠢᠦᠵᠢᠶᠠᠩ ᠬᠤᠳᠠ ᠶᠢᠨ ᠦᠶᠡᠷ ᠢ ᠰᠡᠷᠭᠡᠢᠯᠡᠬᠦ ᠬᠡᠷᠡᠮ᠎ᠦᠨ ᠲᠦᠭᠵᠢᠭᠰᠡᠨ ᠠᠮᠠ ᠵᠢᠨ ᠲᠤᠬᠠᠢ᠎ᠶᠢᠨ ᠲᠠᠯᠠᠪᠠᠢ᠎ᠳᠤ ᠦᠶᠡᠷ᠎ᠲᠠᠢ ᠲᠡᠮᠡᠴᠡᠨ ᠠᠶᠤᠯ᠎ᠠᠴᠠ ᠠᠪᠤᠷᠠᠬᠤ ᠠᠵᠢᠯ ᠢ ᠵᠢᠯᠣᠭᠣᠳᠴᠤ ᠪᠠᠢᠭ᠎ᠠ ᠨᠢ᠃
ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠵᠠᠩ ᠦ᠋ ᠰᠡᠭᠦᠳᠡᠷᠯᠡᠪᠡ

1998 ᠣᠨ ᠤ 12 ᠰᠠᠷ᠎ᠠ᠎ᠶᠢᠨ 29᠎ᠤ᠋ ᠡᠳᠦᠷ᠂ ᠵᠦ᠍ ᠷᠦᠩ ᠵᠢᠢ ᠨᠥᠬᠥᠷ ᠭᠤᠷᠪᠠᠨ ᠬᠠᠪᠴᠢᠯ ᠤᠨ ᠢᠨᠵᠧᠨᠧᠷᠢᠩ ᠤ᠋ᠨ ᠪᠠᠷᠢᠯᠭ᠎ᠠ᠎ᠶᠢᠨ ᠠᠵᠢᠯ ᠤᠨ ᠲᠤᠬᠠᠢ᠎ᠶᠢᠨ ᠭᠠᠵᠠᠷ ᠲᠤ ᠮᠡᠷᠭᠡᠵᠢᠯᠲᠡᠨ ᠲᠠᠢ ᠳᠣᠲᠣᠨᠣ᠌ ᠪᠠᠷ ᠭᠠᠷ ᠠᠳᠬᠤᠵᠤ ᠪᠠᠢᠭ᠎ᠠ ᠨᠢ᠃
ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠸᠠᠩ ᠰᠢᠨ ᠴᠢᠩ ᠰᠡᠭᠦᠳᠡᠷᠯᠡᠪᠡ
ᠵᠥ᠍ ᠷᠦᠩ ᠵᠢᠢ ᠨᠥᠬᠥᠷ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠳᠡᠳ᠋ ᠶᠡᠷᠦᠩᠬᠡᠢ ᠰᠠᠢᠳ ᠪᠠ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠶᠡᠷᠦᠩᠬᠡᠢ ᠰᠠᠢᠳ᠎ᠤᠨ ᠲᠤᠰᠢᠶᠠᠯ᠎ᠢ ᠬᠠᠷᠢᠭᠤᠴᠠᠵᠤ ᠪᠠᠢᠭᠰᠠᠨ ᠬᠤᠭᠤᠴᠠᠭᠠᠨ᠎ᠳᠤ᠂ ᠮᠠᠨ᠎ᠤ ᠤᠯᠤᠰ ᠶᠠᠭ ᠲᠥᠯᠥᠪᠯᠡᠭᠡᠲᠦ ᠠᠵᠤ ᠠᠬᠤᠢ᠎ᠶᠢᠨ ᠪᠠᠢᠭᠤᠯᠤᠯ᠎ᠡᠴᠡ ᠨᠡᠢᠭᠡᠮ ᠵᠢᠷᠤᠮᠲᠦ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ ᠲᠡᠢᠰᠢ ᠰᠢᠯᠵᠢᠬᠦ ᠵᠠᠩᠭᠢᠯᠠᠭ᠎ᠠ᠎ᠶᠢᠨ ᠴᠠᠭ ᠦᠶ᠎ᠡ᠎ᠳᠦ ᠤᠷᠤᠰᠢᠵᠤ ᠪᠠᠢᠪᠠ᠃ ᠵᠢᠶᠠᠩ ᠽᠧ ᠮᠢᠨ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠡᠷᠡ ᠠᠯᠢ ᠤᠯᠠᠨ ᠴᠢᠬᠤᠯᠠ ᠶᠡᠬᠡ ᠥᠭᠡᠷᠡᠴᠢᠯᠡᠯᠲᠡ᠎ᠶᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠨᠡᠢᠭᠡᠮ ᠵᠢᠷᠤᠮᠲᠦ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠤᠨ ᠦᠨᠳᠦᠰᠦᠨ ᠪᠦᠳᠦᠭᠦᠪᠴᠢ ᠲᠦᠰᠦᠪ᠎ᠢ ᠪᠠᠶ᠋ᠢᠭᠤᠯᠬᠤ᠎ᠶᠢ ᠲᠦᠯᠬᠢᠨ ᠠᠬᠢᠭᠤᠯᠪᠠ᠃ ᠡᠳ᠋᠎ᠦᠨ ᠵᠠᠰᠠᠭ ᠭᠠᠢᠯᠢ ᠵᠢᠨ ᠪᠠᠢᠭᠤᠯᠤᠯ᠎ᠤᠨ ᠦᠭᠡᠷᠡᠴᠢᠯᠡᠯᠳᠡ ᠵᠢ ᠡᠷᠬᠢᠯᠡᠵᠤ᠂ ᠭᠠᠢᠯᠢ ᠵᠢᠨ ᠡᠭᠦᠷᠭᠡᠯᠡᠯ᠎ᠢ ᠲᠦᠪ ᠭᠤᠤᠯᠴᠢ ᠪᠤᠯᠭᠠᠬᠤ ᠪᠠ ᠭᠠᠢᠯᠢ᠎ᠶᠢᠨ ᠳᠦᠷᠢᠮ᠎ᠢ ᠴᠤᠮᠬᠠᠳᠬᠠᠬᠤ ᠪᠡᠷ ᠭᠣᠣᠯᠯᠠᠭᠤᠯᠤᠭᠰᠠᠨ ᠴᠢᠬᠤᠯᠠ ᠶᠡᠬᠡ ᠭᠠᠢᠯᠢ᠎ᠶᠢᠨ ᠳᠦᠷᠢᠮ᠎ᠦᠨ ᠥᠭᠡᠷᠡᠴᠢᠯᠡᠯᠲᠡ ᠶᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠲᠥᠪ ᠪᠠ ᠣᠷᠣᠨ ᠨᠤᠲᠤᠭ᠎ᠤᠨ ᠠᠵᠢᠯ ᠶᠠᠪᠤᠳᠠᠯ᠎ᠤᠨ ᠡᠷᠬᠡ᠎ᠶᠢ ᠵᠦᠢ ᠵᠣᠬᠢᠰᠲᠠᠢ ᠬᠤᠪᠢᠶᠠᠷᠢᠯᠠᠭᠰᠠᠨᠤ ᠰᠠᠭᠤᠷᠢᠨ ᠳᠡᠭᠡᠷᠡᠬᠢ ᠭᠠᠢᠯᠢ ᠢᠯᠭᠠᠬᠤ ᠳᠦᠷᠢᠮᠲᠦ ᠡᠳ᠋᠎ᠦᠨ ᠵᠠᠰᠠᠭ᠎ᠤᠨ ᠪᠠᠢᠭᠤᠯᠤᠯ᠎ᠢ ᠬᠡᠷᠡᠭᠵᠢᠭᠦᠯᠵᠦ᠂ ᠲᠥᠪ ᠦᠨ ᠭᠠᠢᠯᠢ ᠲᠠᠲᠠᠪᠤᠷᠢ ᠪᠠ ᠣᠷᠣᠨ ᠨᠤᠲᠤᠭ᠎ᠤᠨ ᠭᠠᠢᠯᠢ ᠲᠠᠲᠠᠪᠤᠷᠢ᠎ᠶᠢᠨ ᠰᠢᠰᠲᠧᠮ ᠢ ᠪᠠᠢᠭᠤᠯᠵᠤ᠂ ᠦᠷᠳᠡᠭ ᠨᠡᠮᠡᠭᠳᠡᠯ᠎ᠦᠨ ᠭᠠᠢᠯᠢ᠎ᠪᠠᠷ ᠭᠣᠣᠯ ᠪᠣᠯᠭᠠᠭᠰᠠᠨ᠂ ᠡᠵᠡᠩᠨᠡᠯᠲᠡ᠎ᠶᠢᠨ ᠭᠠᠢᠯᠢ ᠪᠠ ᠬᠡᠷᠡᠭᠯᠡᠭᠡᠨ᠎ᠦ ᠭᠠᠢᠯᠢ᠎ᠪᠠᠷ ᠬᠠᠪᠰᠤᠷᠤᠮᠵᠢ ᠪᠣᠯᠭᠠᠭᠰᠠᠨ ᠡᠷᠭᠢᠯᠲᠡ᠎ᠶᠢᠨ ᠭᠠᠢᠯᠢ᠎ᠶᠢᠨ ᠳᠦᠷᠢᠮ ᠢ ᠬᠡᠷᠡᠭᠵᠢᠭᠦᠯᠵᠦ᠂ ᠤᠯᠵᠠᠪᠤᠷᠢ ᠵᠢᠨ ᠭᠠᠢᠯᠢ᠎ᠶᠢ ᠡᠮᠬᠢᠳᠬᠡᠨ ᠨᠡᠢᠯᠡᠭᠦᠯᠵᠦ᠂ ᠵᠠᠰᠠᠭ᠎ᠤᠨ ᠣᠷᠳᠣᠨ᠎ᠤ ᠬᠣᠷᠸ᠎ᠠ ᠡᠵᠡᠮᠰᠢᠯ ᠲᠤᠬᠢᠷᠠᠭᠤᠯᠭ᠎ᠠ ᠵᠢᠨ ᠴᠢᠳᠠᠪᠤᠷᠢ ᠪᠠ ᠦᠨᠳᠦᠰᠦᠨ ᠤᠯᠠᠨ ᠨᠡᠶ᠋ᠢᠲᠡ᠎ᠶᠢᠨ ᠦᠢᠯᠡᠴᠢᠯᠡᠭᠡ ᠬᠠᠩᠭᠠᠬᠤ ᠴᠢᠳᠠᠪᠤᠷᠢ᠎ᠶᠢ ᠪᠦᠲᠦᠮᠵᠢᠲᠡᠶ᠎ᠪᠡᠷ ᠳᠡᠭᠡᠭᠰᠢᠯᠡᠭᠦᠯᠪᠡ᠃ ᠮᠥᠩᠭᠥᠨ ᠭᠦᠢᠯᠭᠡᠭᠡᠨ ᠦ ᠪᠠᠢᠭᠤᠯᠤᠯ ᠤᠨ ᠥᠭᠡᠷᠡᠴᠢᠯᠡᠯᠲᠡ᠎ᠶᠢ ᠢᠳᠡᠪᠬᠢᠲᠡᠢ ᠠᠬᠢᠭᠤᠯᠵᠤ᠂ ᠲᠥᠪ ᠪᠠᠩᠬᠢ ᠶᠢᠨ ᠡᠭᠦᠷᠭᠡ ᠴᠢᠳᠠᠪᠤᠷᠢ ᠶᠢ ᠴᠢᠨᠠᠭᠰᠢᠳᠠ ᠵᠢᠷᠤᠮᠵᠢᠭᠤᠯᠵᠤ᠂ ᠮᠥᠩᠭᠥᠨ ᠭᠦᠢᠯᠭᠡᠭᠡᠨ ᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ᠎ᠤᠨ ᠲᠤᠰᠬᠠᠢ ᠪᠠᠩᠬᠢ᠎ᠶᠢ ᠬᠤᠳᠠᠯᠳᠤᠭᠠᠨ᠎ᠤ ᠪᠠᠩᠬᠢ ᠲᠡᠢᠰᠢ ᠬᠤᠪᠢᠷᠠᠭᠤᠯᠬᠤ᠎ᠶᠢ ᠲᠦᠯᠬᠢᠨ ᠠᠬᠢᠭᠤᠯᠵᠤ᠂ ᠲᠦᠷᠦ᠎ᠶᠢᠨ ᠪᠣᠳᠣᠯᠭ᠎ᠠ᠎ᠶᠢᠨ ᠴᠢᠨᠠᠷᠲᠠᠢ ᠪᠠᠩᠬᠢ᠎ᠶᠢ ᠪᠠᠢᠭᠤᠯᠵᠤ᠂ ᠨᠥᠬᠥᠴᠡᠯ᠎ᠲᠠᠢ ᠲᠣᠮᠣ᠌ ᠳᠤᠮᠳᠠ ᠬᠤᠳᠠ᠎ᠳᠤ ᠬᠤᠳᠠ᠎ᠶᠢᠨ ᠬᠤᠷᠰᠢᠭ᠍ᠰᠠᠨ ᠪᠠᠩᠬᠢ᠎ᠶᠢ ᠪᠠᠢᠭᠤᠯᠵᠤ᠂ ᠪᠦᠬᠦ ᠤᠯᠤᠰ᠎ᠲᠤ ᠨᠢᠭᠡᠳᠦᠯᠲᠡᠢ ᠨᠡᠭᠡᠭᠡᠯᠲᠡᠲᠡᠢ᠂ ᠡᠮᠬᠢ ᠵᠢᠷᠤᠮ᠎ᠲᠠᠢ ᠥᠷᠢᠰᠦᠯᠳᠦᠬᠦ᠂ ᠴᠢᠩᠭ᠎ᠠ ᠬᠠᠮᠢᠶᠠᠷᠤᠯᠲᠠ ᠲᠡᠢ ᠮᠥᠩᠭᠥᠨ ᠭᠦᠢᠯᠭᠡᠭᠡᠨ᠎ᠦ ᠵᠠᠬ᠎ᠠ ᠳᠡᠯᠭᠡᠭᠦᠷ᠎ᠦᠨ ᠰᠢᠰᠲᠧᠮ᠎ᠢ ᠪᠠᠶ᠋ᠢᠭᠤᠯᠬᠤ᠎ᠶᠢ ᠲᠦᠯᠬᠢᠨ ᠠᠬᠢᠭᠤᠯᠪᠡ᠃ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠠᠵᠤ ᠠᠬᠤᠢ᠎ᠶᠢᠨ ᠪᠠᠢᠭᠤᠯᠤᠯ᠎ᠤᠨ ᠦᠭᠡᠷᠡᠴᠢᠯᠡᠯᠳᠡ ᠵᠢᠨ ᠭᠤᠤᠯ ᠭᠤᠭᠴᠤᠭ᠎ᠠ ᠪᠤᠯᠭᠠᠵᠤ᠂ 《ᠥᠮᠴᠢᠯᠡᠯ᠎ᠦᠨ ᠡᠷᠬᠡ ᠨᠢ ᠲᠣᠳᠣᠷᠬᠠᠢ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠵᠠᠰᠠᠭ ᠠᠵᠤ ᠠᠬᠤᠢᠯᠠᠯ᠎ᠢ ᠰᠠᠯᠭᠠᠬᠤ᠂ ᠬᠠᠮᠢᠶᠠᠷᠤᠯᠳᠠ ᠨᠢ ᠰᠢᠨᠵᠢᠯᠡᠬᠦ ᠤᠬᠠᠭᠠᠨᠴᠢ》 ᠪᠠᠢᠬᠤ ᠱᠠᠭᠠᠷᠳᠠᠯᠭ᠎ᠠ ᠶᠣᠰᠣᠭᠠᠷ᠂ ᠤᠳᠤ ᠦᠶ᠎ᠡ ᠶᠢᠨ ᠠᠵᠤ ᠠᠬᠤᠢᠯᠠᠯ ᠤᠨ ᠳᠦᠷᠢᠮ ᠦᠨ ᠪᠠᠢᠭᠤᠯᠤᠯᠲᠠ᠎ᠶᠢ ᠲᠦᠷᠭᠡᠳᠬᠡᠵᠦ᠂ ᠪᠠᠢᠯᠳᠤᠬᠤ ᠪᠣᠳᠣᠯᠭ᠎ᠠ᠎ᠶᠢᠨ ᠲᠠᠯ᠎ᠠ᠎ᠡᠴᠡ ᠤᠯᠤᠰ ᠤᠨ ᠥᠮᠴᠢᠯᠡᠯ ᠦᠨ ᠠᠵᠤ ᠠᠬᠤᠢ᠎ᠶᠢᠨ ᠪᠠᠢᠷᠢᠰᠢᠭᠤᠯᠤᠯᠳᠠ ᠵᠢᠲᠣᠬᠢᠷᠠᠭᠤᠯᠬᠤ ᠪᠠ ᠤᠯᠤᠰ᠎ᠤᠨ ᠥᠮᠴᠢᠯᠡᠯ ᠦᠨ ᠠᠵᠤ ᠠᠬᠤᠢᠯᠠᠯ᠎ᠢ ᠥᠭᠡᠷᠡᠴᠢᠯᠡᠨ ᠪᠠᠢᠭᠤᠯᠵᠤ᠂ ᠠᠪᠴᠠᠭ᠎ᠠ ᠪᠡᠨ ᠬᠤᠪᠢᠴᠠᠭ᠎ᠠ ᠪᠤᠯᠭᠠᠬᠤ ᠵᠡᠷᠭᠡ ᠠᠷᠭ᠎ᠠ ᠬᠡᠮᠵᠢᠶ᠎ᠡ᠎ᠶᠢ ᠬᠡᠷᠡᠭᠵᠢᠭᠦᠯᠬᠦ᠎ᠪᠡᠷ ᠳᠠᠮᠵᠢᠭᠤᠯᠤᠨ ᠠᠵᠤ ᠠᠬᠤᠢᠯᠠᠯ᠎ᠤᠨ ᠳᠠᠷᠤᠭᠠᠰᠦ ᠪᠠ ᠲᠡᠦᠬᠡᠨ ᠠᠴᠢᠶ᠎ᠠ᠎ᠶᠢ ᠬᠥᠩᠭᠡᠷᠡᠭᠦᠯᠵᠦ᠂ ᠠᠵᠤ ᠠᠬᠤᠢᠯᠠᠯ ᠤᠨ ᠣᠳᠣᠬᠢᠴᠢᠯᠠᠭᠰᠠᠨ ᠬᠠᠮᠢᠶᠠᠷᠤᠯᠲᠠ᠎ᠶᠢᠨ ᠲᠦᠪᠰᠢᠨ᠎ᠢ ᠳᠡᠭᠡᠭᠰᠢᠯᠡᠭᠦᠯᠵᠤ᠂ ᠤᠯᠤᠰ ᠤᠨ ᠥᠮᠴᠢᠯᠡᠯ ᠦᠨ ᠠᠵᠤ ᠠᠬᠤᠢᠯᠠᠯ᠎ᠤᠨ ᠭᠤᠷᠪᠠᠨ ᠵᠢᠯ᠎ᠦᠨ ᠥᠭᠡᠷᠡᠴᠢᠯᠡᠯᠲᠡ ᠪᠠ ᠬᠦᠴᠢᠷᠳᠡᠯ᠎ᠡᠴᠡ ᠠᠩᠭᠢᠵᠢᠷᠠᠭᠤᠯᠬᠤ ᠬᠠᠷᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠵᠦ᠂ ᠤᠯᠤᠰ᠎ᠤᠨ ᠥᠮᠴᠢᠯᠡᠯ᠎ᠦᠨ ᠠᠵᠤ ᠠᠬᠤᠢ᠎ᠶᠢᠨ ᠤᠯᠤᠰ ᠠᠷᠠᠳ᠎ᠤᠨ ᠠᠵᠤ ᠠᠬᠤᠢ᠎ᠳᠠᠬᠢ ᠭᠣᠣᠯᠯᠠᠬᠤ ᠦᠢᠯᠡᠳᠦᠯ᠎ᠢ ᠨᠡᠩ ᠰᠠᠢᠳᠦᠷ ᠪᠠᠳᠠᠷᠠᠭᠤᠯᠪᠠ᠃ ᠨᠢᠭᠡᠳᠦᠯᠲᠡᠢ᠂ ᠡᠮᠬᠢ ᠵᠢᠷᠤᠮ ᠲᠡᠢ᠂ ᠪᠦᠷᠢᠨ ᠲᠡᠭᠦᠯᠳᠡᠷ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠦᠨ ᠪᠦᠲᠦᠭᠦᠪᠴᠢ ᠲᠦᠰᠦᠪ᠎ᠢ ᠪᠤᠶ ᠪᠣᠯᠭᠠᠬᠤ ᠶᠢ ᠲᠦᠯᠬᠢᠨ ᠠᠬᠢᠭᠤᠯᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠠᠵᠢᠯ᠎ᠤᠨ ᠪᠠᠢᠷᠢ᠎ᠡᠴᠡ᠎ᠪᠠᠨ ᠪᠠᠭᠤᠭᠰᠠᠨ ᠠᠵᠢᠯᠲᠠᠨ ᠠᠵᠢᠯᠴᠢᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ᠂ ᠠᠵᠢᠯ ᠠᠯᠳᠠᠭᠰᠠᠳ᠎ᠤᠨ ᠳᠠᠭᠠᠳᠬᠠᠯ ᠪᠠ ᠬᠣᠲᠠ ᠪᠠᠯᠭᠠᠰᠤᠨ᠎ᠤ ᠰᠠᠭᠤᠭᠠᠯᠢ ᠠᠷᠠᠳ᠎ᠤᠨ ᠨᠠᠭᠠᠲᠤ ᠵᠠᠬ᠎ᠠ᠎ᠶᠢᠨ ᠠᠮᠢᠳᠤᠷᠠᠯ᠎ᠤᠨ ᠪᠠᠲᠤᠯᠠᠭ᠎ᠠ᠎ᠶᠢᠨ《ᠭᠤᠷᠪᠠᠨ ᠪᠠᠲᠤᠯᠠᠭ᠎ᠠ᠎ᠶᠢᠨ ᠱᠤᠭᠤᠮ》 ᠤ᠋ᠨ ᠳᠦᠷᠢᠮ᠎ᠢ ᠠᠯᠬᠤᠮ ᠠᠯᠬᠤᠮ ᠵᠢᠡᠷ ᠪᠠᠢᠭᠤᠯᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠠᠵᠢᠯ᠎ᠤᠨ ᠪᠠᠢᠷᠢ᠎ᠡᠴᠡ᠎ᠪᠠᠨ ᠪᠠᠭᠤᠭᠰᠠᠨ ᠠᠵᠢᠯᠲᠠᠨ ᠠᠵᠢᠯᠴᠢᠨ᠎ᠤ ᠦᠨᠳᠦᠰᠦᠨ ᠠᠮᠢᠳᠤᠷᠠᠯ᠎ᠤᠨ ᠵᠠᠷᠤᠳᠠᠯ᠎ᠢ ᠴᠠᠭ ᠲᠤᠬᠠᠢ ᠳ᠋ᠤᠨᠢ ᠲᠣᠭ᠎ᠠ ᠶᠣᠰᠣᠭᠠᠷ ᠥᠭᠬᠦ ᠵᠢ ᠦᠨᠡᠨ ᠬᠦ᠌ ᠪᠠᠲᠤᠯᠠᠬᠤ᠂ ᠠᠵᠤ ᠠᠬᠤᠢᠯᠠᠯ ᠤᠨ ᠠᠵᠢᠯ᠎ᠡᠴᠡ ᠪᠠᠨ ᠳᠠᠷᠬᠠᠯᠠᠭᠳᠠᠵᠤ ᠠᠵᠢᠯ ᠡᠴᠡ ᠪᠡᠨ ᠠᠮᠠᠷᠠᠭᠰᠠᠨ ᠬᠥᠮᠥᠰ᠎ᠦᠨ ᠦᠨᠳᠦᠰᠦᠨ ᠨᠠᠰᠤᠵᠢᠯ ᠤᠨ ᠠᠰᠠᠷᠠᠮᠵᠢ ᠵᠢ ᠴᠠᠭ ᠲᠤᠬᠠᠢ ᠳ᠋ᠤᠨᠢ ᠲᠣᠭ᠎ᠠ ᠶᠣᠰᠣᠭᠠᠷ ᠥᠭᠬᠦ ᠵᠢ ᠦᠨᠡᠨ ᠬᠦ᠌ ᠪᠠᠲᠤᠯᠠᠬᠤ ᠵᠢ ᠱᠠᠭᠠᠷᠳᠠᠵᠤ᠂ ᠠᠷᠭ᠎ᠠ ᠪᠦᠬᠦᠨ᠎ᠢ ᠰᠦᠪᠡᠭᠴᠢᠯᠡᠵᠦ ᠠᠵᠢᠯ ᠤᠨ ᠪᠠᠢᠷᠢ᠎ᠡᠴᠡ᠎ᠪᠠᠨ ᠪᠠᠭᠤᠵᠤ ᠠᠵᠢᠯ ᠠᠯᠳᠠᠭᠰᠠᠨ ᠬᠥᠮᠥᠰ᠎ᠦᠨ ᠲᠠᠬᠢᠨ ᠠᠵᠢᠯ ᠣᠯᠬᠤ ᠶᠢ ᠠᠬᠢᠭᠤᠯᠵᠤ᠂ ᠬᠤᠳᠠ ᠪᠠᠯᠭᠠᠰᠤᠨ ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮᠴᠢᠯᠡᠭᠡᠨ ᠤ ᠳᠠᠭᠠᠳᠬᠠᠯ᠎ᠤᠨ ᠳᠦᠷᠢᠮ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠢᠭᠤᠯᠤᠯ ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠨᠡᠢᠭᠡᠮ ᠤᠨ ᠲᠣᠭᠲᠠᠭᠤᠨ ᠢ ᠬᠠᠮᠠᠭᠠᠯᠠᠬᠤ᠂ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠣᠷᠣᠨ ᠰᠠᠭᠤᠴᠠ᠎ᠶᠢᠨ ᠳᠦᠷᠢᠮᠦᠨᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠣᠷᠣᠨ ᠰᠠᠭᠤᠴᠠ᠎ᠶᠢᠨ ᠬᠤᠪᠢᠶᠠᠷᠢᠯᠠᠯᠲᠠ ᠶᠢ ᠵᠤᠭᠤᠰᠴᠢᠯᠠᠬᠤᠶᠢ ᠠᠯᠬᠤᠮ ᠠᠯᠬᠤᠮ᠎ᠢᠶᠠᠷ ᠬᠡᠷᠡᠭᠵᠢᠭᠦᠯᠵᠦ᠂ ᠬᠣᠲᠠ ᠪᠠᠯᠭᠠᠰᠤ ᠶᠢᠨ ᠣᠷᠣᠨ ᠰᠠᠭᠤᠴᠠ ᠬᠠᠩᠭᠠᠬᠤ ᠣᠯᠠᠨ ᠳᠡᠰ ᠳᠠᠪᠬᠤᠷᠭ᠎ᠠ ᠪᠦᠬᠦᠢ ᠰᠢᠰᠲᠧᠮ ᠢ ᠪᠠᠢᠭᠤᠯᠤᠨ ᠲᠡᠭᠦᠯᠳᠡᠷᠵᠢᠭᠦᠯᠵᠦ᠂ ᠬᠣᠲᠠ ᠪᠠᠯᠭᠠᠰᠤ᠎ᠶᠢᠨ ᠣᠷᠣᠨ ᠰᠠᠭᠤᠴᠠ᠎ᠶᠢᠨ ᠳᠠᠯ᠎ᠠ᠎ᠪᠠᠷ ᠬᠦᠴᠢᠷᠳᠡᠯᠲᠡᠢ ᠰᠠᠭᠤᠭᠠᠯᠢ ᠠᠷᠠᠳ᠎ᠤᠨ ᠣᠷᠣᠨ ᠰᠠᠭᠤᠴᠠ᠎ᠶᠢᠨ ᠠᠰᠠᠭᠤᠳᠠᠯ ᠢ ᠲᠦᠷᠭᠡᠳᠬᠡᠨ ᠰᠢᠢᠳᠪᠦᠷᠢᠯᠡᠪᠡ᠃ ᠠᠮᠤ ᠪᠤᠳᠠᠭᠠᠨ᠎ᠤ ᠭᠦᠢᠯᠭᠡᠭᠡᠨ᠎ᠦ ᠪᠠᠢᠭᠤᠯᠤᠯ ᠤᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠲᠠᠷᠢᠶᠠᠴᠢᠳ᠎ᠤᠨ ᠦᠯᠡᠭᠦᠦ ᠠᠮᠤ ᠪᠤᠳᠠᠭ᠎ᠠ᠎ᠶᠢ ᠬᠠᠮᠠᠭᠠᠯᠠᠯᠲᠠ᠎ᠶᠢᠨ ᠦᠨ᠎ᠡ᠎ᠪᠡᠷ ᠴᠢᠯᠦᠭᠡᠲᠡᠢ ᠬᠤᠳᠠᠯᠳᠤᠨ ᠠᠪᠬᠤ᠂ ᠤᠯᠤᠰ᠎ᠤᠨ ᠥᠮᠴᠢᠯᠡᠯ ᠦᠨ ᠠᠮᠤ ᠪᠤᠳᠠᠭ᠎ᠠ ᠬᠤᠳᠠᠯᠳᠤᠨ ᠠᠪᠴᠤ ᠪᠣᠷᠣᠯᠠᠭᠤᠯᠬᠤ ᠠᠵᠤ ᠠᠬᠤᠢᠯᠠᠯ ᠡᠶᠡᠷᠭᠦ ᠦᠨ᠎ᠡ ᠪᠡᠷ ᠪᠣᠷᠣᠯᠠᠭᠤᠯᠬᠤ᠂ ᠠᠮᠤ ᠪᠤᠳᠠᠭ᠎ᠠ ᠬᠤᠳᠠᠯᠳᠤᠨ ᠠᠪᠬᠤ ᠪᠡᠯᠡ ᠮᠥᠩᠭᠥ ᠳ᠋ᠦ ᠪᠢᠲᠡᠭᠦᠮᠵᠢᠯᠡᠨ ᠡᠷᠬᠢᠯᠳᠦᠭᠦᠯᠬᠦ ᠵᠢ ᠬᠡᠷᠡᠭᠵᠢᠭᠦᠯᠵᠦ᠂ ᠪᠣᠷᠤᠯᠠᠭᠤᠯᠭ᠎ᠠ᠎ᠶᠢᠨ ᠭᠣᠣᠯ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠪᠤᠯᠤᠨ ᠦᠨ᠎ᠡ ᠬᠠᠩᠰᠢ᠎ᠶᠢ ᠠᠯᠬᠤᠮ ᠠᠯᠬᠤᠮ᠎ᠢᠶᠠᠷ ᠴᠢᠯᠦᠭᠡᠲᠡᠢ ᠪᠤᠯᠭᠠᠪᠠ᠃ ᠮᠠᠨ᠎ᠤ ᠤᠯᠤᠰ᠎ᠤᠨ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠳᠤ ᠣᠷᠣᠬᠤ ᠪᠡᠷᠭᠡ ᠬᠠᠲᠠᠭᠤᠵᠢᠯᠲᠠᠢ ᠬᠡᠯᠡᠯᠴᠡᠭᠡ᠎ᠶᠢ ᠡᠷᠬᠢᠯᠡᠨ ᠪᠡᠶᠡᠯᠡᠭᠦᠯᠵᠦ᠂ ᠭᠠᠳᠠᠭᠠᠳᠤ ᠨᠡᠭᠡᠭᠡᠯᠲᠡ᠎ᠶᠢᠨ ᠥᠷᠭᠡᠵᠢᠨ ᠭᠦᠨᠵᠡᠭᠡᠢᠷᠡᠬᠦ᠎ᠶᠢ ᠠᠬᠢᠭᠤᠯᠤᠨ᠂ ᠮᠠᠨ᠎ᠤ ᠤᠯᠤᠰ᠎ᠲᠤ ᠨᠡᠩ ᠥᠷᠭᠡᠨ ᠠᠭᠤᠳᠠᠮ ᠬᠥᠭᠵᠢᠯᠲᠡ᠎ᠶᠢᠨ ᠣᠷᠣᠨ ᠵᠠᠢ᠎ᠶᠢ ᠣᠯᠭᠣᠵᠤ᠂ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ ᠪᠠ ᠣᠳᠣᠬᠢᠴᠢᠯᠠᠯᠳᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠭᠦᠨᠵᠡᠭᠡᠢ ᠨᠥᠯᠥᠭᠡ ᠦᠵᠡᠭᠦᠯᠪᠡ᠃

1999 ᠣᠨ᠎ᠤ 3 ᠰᠠᠷ᠎ᠠ᠎ᠶᠢᠨ 5 ᠤ᠋ ᠡᠳᠦᠷ᠂ ᠵᠦ᠍ ᠷᠦᠩ ᠵᠢᠢ ᠨᠥᠬᠥᠷ ᠶᠢᠰᠦᠳᠦᠭᠡᠷ ᠬᠤᠭᠤᠴᠠᠭᠠᠨ ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠬᠣᠶᠠᠳᠤᠭᠠᠷ ᠬᠤᠷᠠᠯ ᠳᠡᠭᠡᠷ᠎ᠡ ᠵᠠᠰᠠᠭ᠎ᠤᠨ ᠣᠷᠳᠣᠨ ᠤ ᠠᠵᠢᠯ ᠤᠨ ᠢᠯᠡᠳᠬᠡᠯ ᠬᠢᠵᠦ ᠪᠠᠢᠭ᠎ᠠ ᠨᠢ᠃
ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠯᠢᠦ ᠴᠢᠶᠠᠨ ᠭᠠᠩ ᠰᠡᠭᠦᠳᠡᠷᠯᠡᠪᠡ
ᠵᠦ᠍ ᠷᠦᠩ ᠵᠢᠢ ᠨᠥᠬᠥᠷ ᠠᠷᠠᠳ ᠤᠯᠠᠨ᠎ᠳᠤ ᠭᠦᠨ ᠵᠤᠵᠠᠭᠠᠨ ᠬᠠᠢᠷ᠎ᠠ ᠰᠡᠳᠬᠢᠯᠭᠡ᠎ᠲᠠᠢ ᠪᠠᠢᠵᠤ᠂ ᠤᠯᠠᠨ ᠲᠦᠮᠡᠨ᠎ᠦ ᠵᠣᠪᠠᠭᠤᠷᠢ ᠵᠦᠳᠡᠭᠦᠷᠢ᠎ᠶᠢ ᠴᠠᠭ ᠢᠮᠠᠭᠲᠠ ᠰᠡᠳᠬᠢᠯ᠎ᠳᠡᠭᠡᠨ ᠪᠤᠳᠤᠵᠤ᠂ ᠵᠠᠰᠠᠭ᠎ᠤᠨ ᠣᠷᠳᠣᠨ᠎ᠤ ᠠᠵᠢᠯᠲᠠᠨ ᠥᠪᠡᠷ᠎ᠢ᠎ᠪᠡᠨ ᠠᠷᠠᠳ ᠲᠦᠮᠡᠨ᠎ᠦ ᠠᠯᠪᠠᠨ ᠵᠠᠷᠤᠴᠠ ᠭᠡᠳᠡᠭ᠎ᠢᠶᠡᠨ ᠪᠠᠲᠤ ᠴᠡᠭᠡᠵᠢᠯᠡᠵᠦ᠂ ᠣᠨᠴᠠᠭᠠᠶ᠋ᠢᠷᠠᠵᠤ ᠪᠣᠯᠬᠤ ᠦᠭᠡᠢ ᠭᠡᠮᠡᠨ ᠴᠢᠬᠤᠯᠠᠴᠢᠯᠠᠵᠤ᠂ ᠤᠯᠤᠰ ᠤᠨ ᠳᠣᠲᠣᠭᠠᠳᠤ᠎ᠳᠦ ᠰᠢᠯᠭᠠᠨ ᠪᠠᠢᠴᠠᠭᠠᠯᠲᠠ ᠬᠢᠬᠦ᠂ ᠬᠤᠷᠠᠯ᠎ᠢ ᠴᠣᠮᠬᠠᠳᠬᠠᠬᠤ᠂ ᠠᠵᠢᠯ ᠶᠠᠪᠤᠳᠠᠯ᠎ᠤᠨ ᠴᠢᠨᠠᠷᠲᠠᠢ ᠠᠵᠢᠯᠯᠠᠭ᠎ᠠ᠎ᠳᠤ ᠣᠷᠣᠯᠴᠠᠬᠤ ᠲᠤᠬᠠᠢ《ᠲᠦᠷᠢᠮ ᠰᠠᠬᠢᠯᠭ᠎ᠠ ᠲᠤᠭᠳᠠᠭᠠᠬᠤ 》᠎ᠶ᠋ᠢ ᠳᠤᠷᠠᠳᠪᠠ᠃ ᠲᠡᠷᠡ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠵᠦ᠂ ᠵᠠᠮ ᠨᠡᠭᠡᠭᠡᠨ ᠳᠠᠪᠰᠢᠵᠤ᠂ ᠵᠣᠷᠢᠭ᠍ᠲᠠᠢ᠎ᠪᠠᠷ ᠦᠨᠡᠨ ᠦᠭᠡ ᠬᠡᠯᠡᠵᠦ᠂ ᠬᠥᠮᠥᠨ᠎ᠲᠠᠢ ᠦᠰᠢᠯᠳᠦᠬᠦ ᠡᠴᠡ ᠠᠶᠤᠬᠤ ᠦᠭᠡᠢ ᠪᠠᠢᠵᠤ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠰᠠᠨᠠᠭᠠᠴᠢᠯᠠᠭ᠎ᠠ ᠡᠴᠡ᠎ᠪᠠᠨ ᠬᠦᠨᠳᠦ ᠡᠭᠦᠷᠭᠡ᠎ᠶᠢ ᠡᠭᠦᠷᠭᠡᠯᠡᠨ᠂ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠠᠷᠠᠳ ᠤᠯᠠᠨ᠎ᠳᠤ ᠠᠰᠢᠭ᠋ ᠲᠤᠰᠠ ᠣᠯᠭᠣᠵᠤ᠂ ᠪᠣᠳᠠᠲᠠᠢ ᠠᠵᠢᠯ ᠬᠢᠬᠦ᠎ᠶᠢ ᠪᠦᠬᠦ ᠬᠦᠴᠦ᠎ᠪᠡᠷ᠎ᠢᠶᠡᠨ ᠠᠬᠢᠭᠤᠯᠪᠠ᠃ ᠲᠡᠷᠡ ᠪᠠᠢᠴᠠᠭᠠᠨ ᠰᠤᠳᠤᠯᠤᠯᠲᠠ ᠬᠢᠬᠦ᠎ᠶᠢ ᠴᠢᠬᠤᠯᠠᠴᠢᠯᠠᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠰᠣᠨᠣᠰᠬᠤ᠎ᠳᠠᠭᠠᠨ ᠴᠢᠳᠠᠮᠠᠭᠠᠢ ᠪᠠᠢᠵᠤ᠂ ᠡᠯ᠎ᠡ ᠲᠠᠯ᠎ᠠ᠎ᠶᠢᠨ ᠢᠳᠡᠪᠬᠢᠵᠢᠯ᠎ᠢ ᠳᠠᠶ᠋ᠢᠴᠢᠯᠠᠨ ᠪᠠᠳᠠᠷᠠᠭᠤᠯᠵᠤ᠂ ᠣᠯᠠᠨ ᠤᠳᠠᠭ᠎ᠠ ᠡᠮᠦᠨ᠎ᠡ ᠹᠷᠣᠨᠲ᠎ᠲᠤ ᠬᠦᠷᠴᠦ ᠦᠶᠡᠷ᠎ᠲᠠᠢ ᠲᠡᠮᠡᠴᠡᠵᠦ ᠭᠠᠮᠰᠢᠭ᠋ ᠡᠴᠡ ᠠᠪᠤᠷᠠᠬᠤ ᠠᠵᠢᠯ᠎ᠢ ᠲᠣᠬᠢᠷᠠᠭᠤᠯᠤᠨ ᠵᠢᠯᠤᠭᠣᠳᠴᠤ᠂ ᠠᠷᠠᠳ ᠣᠯᠠᠨ᠎ᠤ ᠠᠮᠢ ᠨᠠᠰᠤ ᠠᠮᠤᠷ ᠲᠦᠪᠰᠢᠨ᠎ᠢ ᠪᠠᠲᠤᠯᠠᠬᠤ᠎ᠶᠢ ᠲᠡᠷᠢᠭᠦᠨ ᠪᠠᠢᠷᠢᠨ᠎ᠳᠤ ᠲᠠᠯᠪᠢᠵᠤ᠂ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠤ ᠪᠠᠢᠭᠠᠳ ᠬᠣᠬᠢᠷᠠᠯ᠎ᠢ ᠪᠠᠭᠠᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ ᠨᠣᠮ ᠪᠢᠴᠢᠵᠤ ᠤᠯᠤᠭᠰᠠᠨ ᠪᠦᠬᠦ ᠣᠷᠣᠯᠭ᠎ᠠ᠎ᠪᠠᠨ ᠶᠠᠳᠠᠭᠤ᠎ᠶᠢ ᠲᠡᠳᠬᠦᠵᠦ ᠬᠦᠴᠢᠷᠳᠡᠯ᠎ᠢ ᠲᠤᠰᠠᠯᠠᠬᠤ᠂ ᠰᠤᠷᠤᠯᠭ᠎ᠠ᠎ᠶᠢ ᠲᠡᠳᠬᠦᠵᠦ ᠬᠥᠮᠥᠨ ᠬᠥᠮᠥᠵᠢᠭᠦᠯᠬᠦ᠎ᠳᠦ ᠬᠡᠷᠡᠭᠯᠡᠵᠦ᠂ ᠬᠥᠳᠡᠭᠡ ᠲᠣᠰᠬᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ᠎ᠶᠢᠨ ᠰᠤᠷᠤᠭ᠍ᠴᠢ᠂ ᠣᠨᠴᠠ ᠬᠦᠴᠢᠷᠳᠡᠯᠲᠡᠢ ᠰᠤᠷᠤᠭ᠍ᠴᠢ ᠵᠡᠷᠭᠡ᠎ᠳᠦ ᠲᠤᠰᠠᠯᠠᠮᠵᠢ ᠬᠠᠩᠭᠠᠪᠠ᠃

1999 ᠣᠨ᠎ᠤ 4 ᠰᠠᠷ᠎ᠠ᠎ᠶᠢᠨ 8 ᠤ᠋ ᠡᠳᠦᠷ᠂ ᠵᠦ᠍ ᠷᠦᠩ ᠵᠢᠢ ᠨᠥᠬᠥᠷ ᠠᠮᠧᠷᠢᠺᠠ᠎ᠳᠤ ᠠᠢᠯᠴᠢᠯᠠᠵᠤ ᠪᠠᠢᠭ᠎ᠠ ᠬᠤᠭᠤᠴᠠᠭᠠᠨ᠎ᠳᠠᠭᠠᠨ ᠠᠮᠧᠷᠢᠺᠠ᠎ᠶᠢᠨ ᠶᠡᠷᠦᠩᠬᠡᠢᠯᠡᠭᠴᠢ ᠺᠯᠢᠨᠲ᠋ᠤᠨ ᠤ ᠸᠠᠰᠢᠩᠲ᠋ᠣᠨ᠎ᠳᠤ ᠬᠢᠭᠰᠡᠨ ᠤᠭᠲᠤᠬᠤ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠵᠤ ᠪᠠᠢᠭ᠎ᠠ ᠨᠢ᠃
ᠰᠢᠨᠬᠤᠸᠠ ᠬᠣᠷᠢᠶ᠎ᠠ᠎ᠶᠢᠨ ᠭᠡᠷᠡᠯ ᠵᠢᠷᠤᠭ
2003 ᠣᠨ᠎ᠤ 3 ᠰᠠᠷ᠎ᠠ᠎ᠳᠤ᠂ ᠵᠤ᠌ ᠷᠦᠩ ᠵᠢᠢ ᠨᠥᠬᠥᠷ ᠲᠦᠷᠦ᠎ᠶᠢᠨ ᠶᠠᠪᠤᠳᠠᠯ᠎ᠤᠨ ᠬᠤᠷᠢᠶ᠎ᠠ᠎ᠶᠢᠨ ᠶᠡᠷᠦᠩᠬᠡᠢ ᠰᠠᠢᠳ᠎ᠤᠨ ᠲᠤᠰᠢᠶᠠᠯ᠎ᠢ ᠡᠭᠦᠷᠭᠡᠯᠡᠬᠦ᠎ᠪᠡᠨ ᠪᠣᠯᠢᠪᠠ᠃ ᠤᠳᠤᠷᠢᠳᠬᠤ ᠪᠠᠢᠷᠢ ᠡᠴᠡ᠎ᠪᠠᠨ ᠪᠠᠭᠤᠭᠰᠠᠨ᠎ᠤ ᠲᠠᠷᠠᠭ᠎ᠠ᠂ ᠲᠡᠷᠡ ᠬᠤ᠌ ᠵᠢᠨ ᠲᠤᠤ ᠨᠥᠬᠥᠷ᠎ᠢᠶᠡᠷ ᠶᠡᠷᠦᠩᠬᠡᠢ ᠱᠦᠵᠢ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢ ᠡᠷᠡᠰ ᠬᠦᠷᠢᠶᠡᠯᠡᠨ ᠲᠡᠮᠵᠢᠵᠦ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠲᠡᠷᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢ ᠡᠷᠡᠰ ᠬᠦᠷᠢᠶᠡᠯᠡᠨ ᠲᠡᠮᠵᠢᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠦᠢᠯᠡᠰ᠎ᠢ ᠢᠮᠠᠭᠲᠠ ᠬᠠᠯᠠᠮᠵᠢᠯᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠡᠷᠡᠰ ᠲᠡᠮᠵᠢᠪᠡ᠃
ᠵᠦ᠍ ᠷᠦᠩ ᠵᠢᠢ ᠨᠥᠬᠥᠷ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠣᠷᠣᠯᠠᠭ᠍ᠴᠢ ᠭᠡᠰᠢᠭᠦᠨ᠂ ᠠᠷᠪᠠᠨ ᠳᠥᠷᠪᠡᠳᠦᠭᠡᠷ᠂ ᠠᠷᠪᠠᠨ ᠲᠠᠪᠤᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠭᠡᠰᠢᠭᠦᠨ᠂ ᠲᠥᠪ ᠬᠤᠷᠢᠶ᠎ᠠ᠎ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠪᠠᠢᠩᠭᠤ᠎ᠶᠢᠨ ᠭᠡᠰᠢᠭᠦᠨ ᠮᠥᠨ᠃

2002 ᠣᠨ᠎ᠤ 7 ᠰᠠᠷ᠎ᠠ᠎ᠶᠢᠨ 22 ᠤ᠋ᠨ ᠡᠳᠦᠷ ᠂ ᠵᠦ᠍ ᠷᠦᠩ ᠵᠢᠢ ᠨᠥᠬᠥᠷ ᠯᠢᠶᠣᠤᠨᠢᠩ ᠮᠤᠵᠢ᠎ᠶᠢᠨ ᠮᠦᠭᠳᠡᠨ ᠬᠤᠳᠠ᠎ᠶᠢᠨ ᠳᠠ ᠳ᠋ᠦᠩ ᠲᠣᠭᠣᠷᠢᠭ᠋᠎ᠤᠨ ᠠᠵᠢᠯ ᠮᠡᠷᠭᠡᠵᠢᠯ ᠦᠨ ᠪᠣᠯᠪᠠᠰᠤᠷᠠᠯ ᠤᠨ ᠲᠥᠪ᠎ᠲᠦ ᠰᠢᠨᠵᠢᠯᠡᠨ ᠪᠠᠢᠴᠠᠭᠠᠵᠤ ᠪᠠᠢᠭ᠎ᠠ ᠨᠢ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭ᠍ᠴᠢ ᠵᠢᠤᠢ ᠫᠸᠩ ᠰᠡᠭᠦᠳᠡᠷᠯᠡᠪᠡ
70 ᠭᠠᠷᠤᠢ ᠵᠢᠯ ᠦᠨ ᠬᠤᠪᠢᠰᠬᠠᠯ ᠤᠨ ᠠᠮᠢᠳᠤᠷᠠᠯ ᠳᠤᠮᠳᠠ᠂ ᠵᠦ᠍ ᠷᠦᠩ ᠵᠢᠢ ᠨᠥᠬᠥᠷ ᠢᠮᠠᠭᠲᠠ ᠨᠠᠮ᠎ᠳᠠᠭᠠᠨ ᠦᠨᠡᠨᠴᠢ ᠰᠢᠳᠤᠷᠭᠤ᠂ ᠠᠷᠠᠳ ᠲᠦᠮᠡᠨ᠎ᠳᠡᠭᠡᠨ ᠦᠨᠡᠨᠴᠢ ᠰᠢᠳᠤᠷᠭᠤ᠂ ᠡᠪ ᠬᠠᠮᠲᠤ ᠶᠣᠰᠣᠨ᠎ᠤ ᠦᠢᠯᠡᠰ᠎ᠲᠦ ᠦᠨᠡᠨᠴᠢ ᠰᠢᠳᠤᠷᠭᠤ ᠪᠠᠢᠪᠠ᠃ ᠲᠡᠷᠡ ᠡᠷᠡᠰ ᠪᠠᠲᠤ ᠡᠪ ᠬᠠᠮᠲᠤ᠎ᠶᠢᠨ ᠬᠦᠰᠡᠯᠡᠩ ᠢᠲᠡᠭᠡᠯ ᠪᠢᠰᠢᠷᠡᠯ ᠪᠠ ᠡᠷᠡᠰ ᠪᠠᠲᠤ ᠨᠠᠮᠴᠢ ᠴᠢᠨᠠᠷᠲᠠᠢ ᠪᠠᠢᠵᠤ᠂ ᠤᠯᠤᠰ ᠲᠦᠷᠦ᠎ᠶᠢ ᠡᠷᠬᠢᠮᠯᠡᠨ᠂ ᠶᠡᠬᠡ ᠲᠠᠯ᠎ᠠ᠎ᠶᠢ ᠪᠤᠳᠤᠯᠬᠢᠯᠠᠵᠤ᠂ ᠢᠮᠠᠭᠲᠠ ᠨᠠᠮ ᠪᠠ ᠠᠷᠠᠳ ᠲᠦᠮᠡᠨ᠎ᠦ ᠠᠰᠢᠭ᠋ ᠲᠤᠰᠠ᠎ᠶᠢ ᠲᠡᠷᠢᠭᠦᠨ ᠪᠠᠢᠷᠢᠨ᠎ᠳᠤ ᠲᠠᠯᠪᠢᠵᠤ᠂ ᠨᠠᠮ ᠪᠠ ᠠᠷᠠᠳ ᠲᠦᠮᠡᠨ᠎ᠦ ᠦᠢᠯᠡᠰ᠎ᠦᠨ ᠲᠥᠯᠥᠭᠡ ᠰᠢᠷᠭᠠᠭᠤ ᠬᠢᠴᠢᠶᠡᠩᠭᠦᠢ᠂ ᠴᠥᠬᠥᠷᠡᠰᠢ ᠦᠭᠡᠢ ᠲᠡᠮᠡᠴᠡᠪᠡ᠃ ᠲᠡᠷᠡ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠦᠨ ᠤᠨᠤᠯ᠂ 《ᠭᠤᠷᠪᠠ᠎ᠶᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠶᠢ ᠨᠠᠷᠢᠨ ᠬᠢᠨᠠᠮᠠᠭᠠᠢ ᠰᠤᠷᠤᠯᠴᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠱᠤᠭᠤᠮ ᠴᠢᠭᠯᠡᠯᠲᠡ ᠲᠦᠷᠦ᠎ᠶᠢᠨ ᠪᠣᠳᠣᠯᠭ᠎ᠠ᠎ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠨᠠᠮ᠎ᠤᠨ ᠲᠥᠪ ᠬᠣᠷᠢᠶ᠎ᠠ᠎ᠲᠠᠢ ᠡᠷᠡᠰ ᠭᠤᠢᠪᠢᠰᠢ ᠦᠭᠡᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠲᠡᠷᠡ ᠤᠯᠤᠰ ᠲᠦᠷᠦ᠎ᠶᠢᠨ ᠤᠬᠠᠮᠰᠠᠷ᠂ ᠶᠡᠬᠡ ᠲᠠᠯ᠎ᠠ᠎ᠶᠢᠨ ᠤᠬᠠᠮᠰᠠᠷ᠂ ᠭᠣᠣᠯᠯᠠᠬᠤ ᠤᠬᠠᠮᠰᠠᠷ᠂ ᠨᠢᠭᠡᠳᠦᠯᠲᠡᠢ ᠪᠠᠢᠬᠤ ᠤᠬᠠᠮᠰᠠᠷ᠎ᠢ ᠪᠠᠲᠤ ᠪᠤᠢ ᠪᠣᠯᠭᠠᠵᠤ᠂ ᠶᠡᠷᠦᠩᠬᠡᠢ ᠱᠦᠵᠢ ᠰᠢ ᠵᠢᠨ ᠫᠢᠩ ᠦᠨ ᠨᠠᠮ ᠤᠨ ᠲᠥᠪ ᠬᠤᠷᠢᠶ᠎ᠠ᠎ᠶᠢᠨ ᠭᠣᠣᠯᠯᠠᠭ᠍ᠴᠢ᠂ ᠪᠦᠬᠦ ᠨᠠᠮ᠎ᠤᠨ ᠭᠣᠣᠯᠯᠠᠭ᠍ᠴᠢ ᠪᠣᠯᠬᠤ ᠪᠠᠢᠷᠢ ᠰᠠᠭᠤᠷᠢ᠎ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶ᠎ᠠ᠎ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠪᠠ᠃ ᠲᠡᠷᠡ ᠦᠨᠡᠨ᠎ᠡᠴᠡ ᠵᠥᠪ᠎ᠢ ᠡᠷᠢᠬᠦ᠂ ᠠᠯᠢᠪᠠ ᠪᠦᠬᠦᠨ᠎ᠳᠦ ᠪᠣᠳᠠᠲᠠᠢ ᠡᠴᠡ ᠡᠭᠦᠰᠬᠦ᠎ᠶᠢ ᠪᠠᠷᠢᠮᠲᠠᠯᠠᠵᠤ᠂ ᠮᠠᠷᠺᠰ᠎ᠤᠨ ᠦᠵᠡᠯ᠎ᠦᠨ ᠵᠣᠭᠰᠣᠯᠲᠠ ᠦᠵᠡᠯᠲᠡ ᠠᠷᠭ᠎ᠠ᠎ᠶᠢ ᠪᠦᠲᠦᠭᠡᠯᠴᠢ᠎ᠪᠡᠷ ᠬᠡᠷᠡᠭᠯᠡᠨ ᠠᠰᠠᠭᠤᠳᠠᠯ᠎ᠢ ᠵᠠᠳᠠᠯᠤᠨ᠂ ᠠᠰᠠᠭᠤᠳᠠᠯ᠎ᠢ ᠰᠢᠢᠳᠪᠦᠷᠢᠯᠡᠵᠦ᠂ ᠦᠢᠯᠡᠳᠦᠯᠭᠡ᠎ᠶᠢ ᠵᠢᠯᠣᠭᠣᠳᠤᠨ᠂ ᠠᠵᠢᠯ᠎ᠢᠶᠠᠨ ᠠᠬᠢᠭᠤᠯᠪᠠ᠃ ᠲᠡᠷᠡ ᠦᠨᠡᠨ ᠶᠣᠰᠣ᠌᠎ᠶᠢ ᠪᠠᠷᠢᠮᠲᠠᠯᠠᠨ᠂ ᠵᠠᠷᠴᠢᠮ᠎ᠢ ᠪᠠᠷᠢᠮᠲᠠᠯᠠᠵᠤ᠂ ᠮᠠᠰᠢ ᠴᠢᠩᠭ᠎ᠠ ᠤᠯᠤᠰ ᠲᠦᠷᠦ᠎ᠶᠢᠨ ᠬᠤᠷᠴᠠ ᠰᠡᠷᠭᠡᠭ ᠴᠢᠨᠠᠷ ᠪᠠ ᠤᠯᠤᠰ ᠲᠦᠷᠦ᠎ᠶᠢᠨ ᠢᠯᠭᠠᠨ ᠲᠠᠨᠢᠬᠤ ᠴᠢᠳᠠᠪᠤᠷᠢ᠎ᠲᠠᠢ ᠪᠠᠢᠵᠤ᠂ ᠵᠠᠷᠴᠢᠮ ᠤᠨ ᠠᠰᠠᠭᠤᠳᠠᠯ᠎ᠤᠨ ᠲᠠᠯ᠎ᠠ᠎ᠪᠠᠷ ᠲᠤᠭ ᠲᠡᠮᠳᠡᠭ ᠲᠣᠳᠣᠷᠬᠠᠢ ᠪᠠᠢᠵᠤ᠂ ᠨᠠᠮ᠎ᠳᠠᠭᠠᠨ ᠦᠨᠡᠨᠴᠢ ᠪᠠᠢᠬᠤ᠂ ᠨᠠᠮ ᠤᠨ ᠢᠶᠡᠨ ᠡᠮᠦᠨ᠎ᠡ᠎ᠡᠴᠡ ᠬᠦᠴᠢᠷ᠎ᠢ ᠰᠢᠢᠳᠪᠦᠷᠢᠯᠡᠬᠦ ᠂ ᠨᠠᠮ ᠤᠨᠢᠶᠡᠨ ᠲᠥᠯᠥᠭᠡ ᠡᠭᠦᠷᠭᠡ ᠲᠤᠰᠢᠶᠠᠯ᠎ᠢᠶᠡᠨ ᠭᠦᠢᠴᠡᠳᠬᠡᠬᠦ᠂ ᠠᠷᠠᠳ ᠲᠦᠮᠡᠨ᠎ᠳᠦ ᠪᠤᠶᠠᠨ ᠦᠢᠯᠡᠳᠬᠦ᠎ᠶᠢ ᠦᠨᠡᠨ ᠬᠦ᠌ ᠪᠡᠶᠡᠯᠡᠭᠦᠯᠪᠡ᠃ ᠲᠡᠷᠡ ᠪᠡᠶ᠎ᠡ᠎ᠪᠡᠨ ᠴᠢᠩᠭ᠎ᠠ ᠵᠠᠰᠠᠵᠤ᠂ ᠪᠡᠶ᠎ᠡ᠎ᠪᠡᠨ ᠴᠢᠩᠭ᠎ᠠ ᠱᠠᠭᠠᠷᠳᠠᠨ᠂ ᠠᠷᠢᠭᠤᠨ ᠴᠢᠭᠡᠴᠢ᠂ ᠲᠥᠪ ᠴᠢᠬᠡᠴᠢ ᠪᠠᠢᠵᠤ᠂ ᠭᠡᠷ ᠪᠦᠯᠢ ᠪᠠ ᠳᠡᠷᠭᠡᠳᠡᠬᠢ ᠠᠵᠢᠯᠲᠠᠳ᠎ᠢᠶᠠᠨ ᠴᠢᠩᠭ᠎ᠠ ᠱᠠᠭᠠᠷᠳᠠᠨ᠂ ᠢᠯᠵᠢᠷᠠᠮᠠᠯ ᠠᠵᠢᠯᠯᠠᠭ᠎ᠠ ᠪᠠ ᠲᠥᠪ ᠪᠤᠰᠤ ᠰᠤᠷᠲᠠᠯ᠎ᠢ ᠡᠷᠡᠰ ᠡᠰᠡᠷᠭᠦᠴᠡᠵᠦ᠂ ᠡᠪ ᠬᠠᠮᠲᠤᠴᠤᠳ᠎ᠤᠨ ᠤᠯᠤᠰ ᠲᠦᠷᠦ᠎ᠶᠢᠨ ᠣᠣᠷ ᠴᠢᠨᠠᠷ᠎ᠢᠶᠠᠨ ᠢᠮᠠᠭᠲᠠ ᠬᠠᠳᠠᠭᠠᠯᠠᠪᠠ᠃ ᠲᠡᠷᠡ ᠮᠡᠳᠡᠯᠭᠡ᠎ᠶᠢ ᠬᠦᠨᠳᠦᠳᠬᠡᠵᠦ᠂ ᠴᠢᠳᠠᠪᠤᠷᠢᠲᠠᠨ᠎ᠢ ᠬᠦᠨᠳᠦᠳᠬᠡᠵᠦ᠂ ᠨᠥᠬᠥᠳ᠎ᠢᠶᠡᠨ ᠬᠠᠯᠠᠮᠵᠢᠯᠠᠵᠤ᠂ ᠺᠠᠳ᠋ᠷᠴᠤᠳ᠎ᠢ ᠬᠠᠢᠷᠠᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠬᠠᠢᠷ᠎ᠠ ᠬᠦᠨᠳᠦᠳᠬᠡᠯ᠎ᠢ ᠭᠦᠨ ᠣᠯᠣᠭᠰᠠᠨ ᠶᠤᠮ᠃
ᠵᠤ᠌ ᠷᠦᠩ ᠵᠢᠢ ᠨᠥᠬᠥᠷ᠎ᠦᠨ ᠨᠢᠭᠡ ᠨᠠᠰᠤ ᠪᠣᠯ ᠬᠤᠪᠢᠰᠬᠠᠯ᠎ᠤᠨ ᠨᠢᠭᠡ ᠨᠠᠰᠤ᠂ ᠲᠠᠢ᠍ᠢᠴᠢᠨ ᠨᠢᠭᠡ ᠨᠠᠰᠤ᠂ ᠭᠡᠷᠡᠯ ᠰᠠᠴᠤᠷᠠᠩᠭᠤᠢ ᠨᠢᠭᠡ ᠨᠠᠰᠤ ᠮᠦᠨ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠵᠦ᠂ ᠡᠪ ᠬᠠᠮᠲᠤ᠎ᠶᠢᠨ ᠦᠢᠯᠡᠰ᠎ᠲᠦ ᠠᠮᠢ ᠪᠡᠶ᠎ᠡ᠎ᠪᠡᠨ ᠵᠣᠷᠢᠭᠤᠯᠤᠭᠰᠠᠨ ᠨᠢᠭᠡ ᠨᠠᠰᠤ ᠮᠥᠨ᠃ ᠲᠡᠭᠦᠨ᠎ᠦ ᠨᠠᠰᠤ ᠪᠠᠷᠠᠭᠰᠠᠨ ᠨᠢ ᠨᠠᠮ ᠪᠠ ᠲᠦᠷᠦ ᠵᠢᠨ ᠬᠦᠨᠳᠦ ᠶᠡᠬᠡ ᠬᠣᠬᠢᠷᠠᠯ ᠮᠥᠨ᠃ ᠪᠢᠳᠡ ᠡᠮᠭᠡᠨᠢᠯ ᠭᠠᠰᠢᠭᠤᠳᠠᠯ᠎ᠢᠶᠡᠨ ᠬᠦᠴᠦᠨ ᠪᠤᠯᠭᠠᠵᠤ᠂ ᠲᠡᠭᠦᠨ᠎ᠦ ᠬᠤᠪᠢᠰᠬᠠᠯᠲᠤ ᠵᠣᠷᠢᠭ᠋ ᠰᠠᠨᠠᠭ᠎ᠠ᠂ ᠡᠷᠬᠢᠮ ᠳᠡᠭᠡᠳᠦ ᠵᠠᠩ ᠮᠤᠷᠠᠯ ᠪᠠ ᠰᠢᠯᠢᠳᠡᠭ ᠰᠤᠷᠲᠠᠯ᠎ᠢ ᠰᠤᠷᠤᠯᠴᠠᠨ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠳᠠᠯ᠎ᠠ ᠪᠡᠷ ᠳᠤᠭᠤᠰᠢᠯᠠᠭᠤᠯᠵᠤ᠂ 《ᠬᠣᠶᠠᠷ᠎ᠢ ᠳᠤᠭᠳᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》ᠢ᠋ᠶ᠋ᠡᠨ ᠴᠢᠩᠭᠠᠳᠬᠠᠵᠤ᠂ 《ᠳᠥᠷᠪᠡᠨ ᠢᠲᠡᠭᠡᠯ》 ᠢ᠋ᠶ᠋ᠠᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠢᠲᠡᠭᠡᠯ ᠵᠣᠷᠢᠭ᠋᠎ᠢᠶᠠᠨ ᠪᠠᠲᠤᠳᠬᠠᠵᠤ᠂ ᠨᠢᠭᠡ ᠰᠡᠳᠬᠢᠯ ᠨᠢᠭᠡ ᠵᠣᠷᠢᠭ᠋᠎ᠢᠶᠡᠷ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ ᠢ᠋ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ᠃
ᠵᠤ᠌ ᠷᠦᠩ ᠵᠢᠢ ᠨᠥᠬᠥᠷ ᠥᠨᠢᠳᠡ ᠪᠠᠯᠠᠷᠠᠰᠢ ᠦᠭᠡᠢ!
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 18 ᠤ᠋ ᠴᠠᠬᠢᠯᠭᠠᠨ ᠮᠡᠳᠡᠭᠡ)