ᠦᠢᠯᠡᠴᠢᠯᠡᠭᠡᠨ᠎ᠦ ᠦᠢᠯᠡᠰ᠎ᠦᠨ ᠴᠢᠳᠠᠪᠦᠷᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠵᠤ ᠬᠤᠷᠳᠤᠴᠨ ᠵᠢ ᠲᠥᠷᠭᠡᠳᠭᠡᠬᠥ᠎ᠶᠢ ᠪᠡᠶᠡᠯᠡᠭᠦᠯᠰᠦᠭᠡᠢ
2026-08-19 09:52:36
ᠵᠣᠬᠢᠶᠠᠭ᠍ᠴᠢ᠄
ᠬᠠ ᠯᠢ ᠴᠢᠨ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 18 ᠎ᠤ᠋ ᠡᠳᠦᠷ᠂ ᠪᠥᠬᠥ᠌ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠶᠡᠬᠡ ᠬᠤᠷᠠᠯ ᠬᠤᠷᠠᠯᠳᠤᠵᠤ᠂ ᠮᠠᠨ᠎ᠤ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠌ ᠭᠤᠤᠯᠳᠠᠯᠭ᠎ᠠ᠎ᠲᠠᠶ ᠡᠭᠦᠷᠭᠡ᠎ᠶᠢ ᠰᠤᠳᠤᠯᠤᠨ ᠪᠠᠶ᠋ᠢᠷᠢᠯᠠᠭᠤᠯᠵᠤ᠂ ᠥᠪᠥᠷ ᠮᠣᠩᠭᠣᠯ᠎ᠤᠨ ᠦᠢᠯᠡᠴᠢᠯᠡᠭᠡᠨ᠎ᠦ ᠦᠢᠯᠡᠰ ᠨᠢ ᠢᠷᠡᠭᠡᠳᠦᠶ᠎ᠳᠦ ᠬᠡᠷᠬᠢᠨ ᠴᠢᠳᠠᠪᠤᠷᠢ᠎ᠵᠢ ᠥᠷᠭᠡᠳᠬᠡᠬᠦ᠌᠂ ᠬᠡᠷᠬᠢᠨ ᠶᠠᠰᠤ ᠴᠢᠨᠠᠷ᠎ᠢ ᠳᠡᠭᠡᠭᠰᠢᠯᠡᠭᠦᠯᠬᠦ᠌᠎ᠳᠦ ᠲᠣᠬᠢᠷᠠᠭᠤᠯᠤᠯᠲᠠ ᠬᠢᠵᠦ᠍᠂ ᠵᠠᠮ᠎ᠢ ᠲᠣᠳᠣᠷᠬᠠᠶ ᠵᠢᠭᠠᠵᠤ ᠥᠭᠴᠡᠶ᠃

ᠦᠢᠯᠡᠴᠢᠯᠡᠭᠡᠨ᠎ᠦ ᠦᠢᠯᠡᠰ ᠨᠢ ᠠᠯᠢ ᠤᠯᠠᠨ ᠠᠵᠢᠯ ᠲᠦᠷᠦᠯ᠎ᠢ ᠠᠭᠤᠰᠤᠯᠴᠠᠭᠤᠯᠤᠨ ᠨᠡᠪᠲᠡᠷᠡᠭᠦᠯᠵᠦ᠍᠂ ᠲᠦᠭ ᠲᠦᠮᠡᠨ ᠠᠶ᠋ᠢᠯ ᠡᠷᠦᠬᠡ᠎ᠳᠦ ᠬᠣᠯᠪᠣᠭᠳᠠᠵᠤ᠂ ᠴᠢᠨᠠᠷ ᠰᠠᠶ᠋ᠢᠲᠠᠢ ᠬᠥᠭᠵᠢᠯᠲᠡ᠎ᠶᠢ ᠲᠤᠯᠭᠠᠭᠤᠷᠢᠯᠠᠬᠤ᠂ ᠠᠵᠤ ᠠᠬᠤᠢ᠎ᠶᠢᠨ ᠡᠷᠭᠢᠯᠲᠡ᠎ᠶᠢ ᠰᠢᠯᠤᠭᠤᠳᠬᠠᠬᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠭᠦᠯᠬᠦ᠌ ᠴᠢᠬᠤᠯᠠ ᠭᠠᠷᠳᠠᠴᠠ ᠪᠣᠯᠤᠨ᠎ᠠ᠃ ᠪᠦᠬᠦ᠌ ᠤᠯᠤᠰ᠎ᠤᠨ ᠬᠡᠪᠴᠢᠶᠡᠨ᠎ᠡᠴᠡ ᠦᠵᠡᠪᠡᠯ᠂ GDP ᠨᠢ 10 ᠲᠥᠭᠥᠷᠢᠭ ᠨᠡᠮᠡᠭᠳᠡᠬᠦ᠌ ᠪᠦᠷᠢ 6 ᠲᠥᠭᠥᠷᠢᠭ ᠭᠠᠷᠤᠶ ᠨᠢ ᠲᠠᠷᠤᠢ ᠦᠢᠯᠡᠴᠢᠯᠡᠭᠡᠨ᠎ᠦ ᠦᠢᠯᠡᠰ᠎ᠤᠨ ᠦᠵᠡᠭᠦᠯᠦᠭᠰᠡᠨ ᠬᠤᠪᠢ ᠨᠡᠮᠡᠷᠢ ᠪᠤᠯᠤᠨ᠎ᠠ᠃ ᠦᠢᠯᠡᠴᠢᠯᠡᠭᠡᠨ᠎ᠦ ᠦᠢᠯᠡᠰ᠎ᠦᠨ ᠳᠡᠰ ᠳᠡᠪᠰᠢᠬᠦ᠌ ᠠᠰᠢᠭᠲᠠᠢ ᠲᠤᠬᠢᠶᠠᠯ᠎ᠢ ᠵᠠᠪᠳᠤᠨ ᠠᠳᠬᠤᠵᠤ᠂ ᠠᠵᠤ ᠦᠢᠯᠡᠰ᠎ᠦᠨ ᠴᠢᠳᠠᠪᠤᠷᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠌ ᠪᠣᠯ ᠴᠠᠭ᠎ᠤᠨ ᠪᠠᠢᠳᠠᠯ᠎ᠤᠨ ᠬᠠᠨᠳᠤᠰᠢ᠎ᠶᠢᠨ ᠴᠠᠭ ᠦᠶ᠎ᠡ᠎ᠶᠢᠨ ᠵᠠᠶ᠋ᠢᠯᠠᠰᠢ ᠦᠭᠡᠢ ᠦᠷ᠎ᠡ ᠳ᠋ᠦᠩ ᠮᠥᠨ᠂ ᠨᠡᠩ ᠴᠤ᠌ ᠪᠦᠬᠦ᠌ ᠣᠷᠣᠨ᠎ᠤ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠤᠯᠭᠤᠬᠤ ᠡᠭᠦᠷᠭᠡ ᠬᠠᠷᠢᠭᠤᠴᠠᠯᠭ᠎ᠠ ᠮᠥᠨ ᠭᠡᠵᠦ ᠬᠡᠯᠡᠵᠦ ᠪᠤᠯᠤᠨ᠎ᠠ᠃

ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ ᠥᠪᠡᠷᠮᠢᠴᠡ᠂ ᠠᠵᠤ ᠦᠢᠯᠡᠰ᠎ᠦᠨ ᠰᠠᠭᠤᠷᠢ ᠪᠠᠲᠤ᠌ ᠪᠡᠬᠢ ᠪᠠᠢᠵᠤ᠂ ᠦᠢᠯᠡᠴᠢᠯᠡᠭᠡᠨ᠎ᠦ ᠦᠢᠯᠡᠰ᠎ᠢ ᠬᠥᠭᠵᠢᠭᠦᠯᠬᠦ᠌᠎ᠳᠤ ᠰᠠᠭᠤᠷᠢ᠎ᠲᠠᠶ᠂ ᠲᠦᠰᠢᠭ ᠲᠤᠯᠭᠠᠭᠤᠷᠢ᠎ᠲᠠᠶ ᠪᠠᠶ᠋ᠢᠵᠤ᠂ ᠣᠲᠣ ᠦᠶ᠎ᠡ᠎ᠶᠢᠨ ᠦᠢᠯᠡᠴᠢᠯᠡᠭᠡᠨ᠎ᠦ ᠦᠢᠯᠡᠰ ᠬᠢᠭᠡᠳ ᠲᠡᠷᠢᠭᠦᠨ᠎ᠦ ᠦᠢᠯᠡᠳᠬᠦ᠌ ᠦᠢᠯᠡᠰ᠂ ᠣᠲᠣ ᠦᠶ᠎ᠡ᠎ᠶᠢᠨ  ᠮᠠᠯ ᠠᠵᠤ ᠠᠬᠤᠶ ᠲᠠᠷᠢᠶᠠᠯᠠᠩ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠬᠤ᠎ᠳᠤ ᠴᠦ᠍ ᠬᠡᠷᠡᠭᠴᠡᠭᠡ ᠱᠠᠭᠠᠷᠳᠠᠯᠭ᠎ᠠ᠎ᠲᠠᠶ᠂ ᠦᠵᠡᠭᠳᠡᠯ ᠪᠠᠶ᠋ᠢᠳᠠᠯ᠎ᠲᠠᠶ ᠪᠠᠶ᠋ᠢᠵᠤ᠂ ᠦᠢᠯᠡᠴᠢᠯᠡᠭᠡᠨ᠎ᠦ ᠦᠢᠯᠡᠰ᠎ᠢ ᠬᠥᠭᠵᠢᠭᠦᠯᠬᠦ᠌᠎ᠨᠢ ᠶᠠᠭ ᠴᠠᠭ᠎ᠲᠠᠭᠠᠨ ᠳᠣᠭᠢᠷᠠᠵᠤ᠂ ᠴᠠᠭ᠎ᠦᠶ᠎ᠡ ᠵᠢᠨ ᠬᠠᠨᠳᠤᠰᠢ ᠲᠠᠢ ᠵᠤᠬᠢᠴᠠᠭᠰᠠᠨ ᠪᠠᠶ᠋ᠢᠨ᠎ᠠ᠃ ᠣᠳᠣᠬᠠᠨ᠎ᠳᠤ  ᠮᠠᠨ᠎ᠤ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ ᠨᠢ ᠬᠥᠭᠵᠢᠭᠰᠡᠨ ᠭᠠᠵᠠᠷ ᠣᠷᠣᠨ᠎ᠯᠤᠭ᠎ᠠ ᠵᠣᠬᠢᠬᠤ ᠵᠥᠷᠢᠶ᠎ᠡ᠎ᠲᠡᠶ ᠪᠣᠯᠪᠠᠴᠤ᠌ ᠵᠥᠷᠢᠶ᠎ᠡ ᠪᠣᠯ ᠲᠠᠷᠤᠢ ᠳᠠᠯᠳᠠ ᠬᠦᠴᠦᠨ ᠪᠣᠯᠤᠨ᠎ᠠ᠂ ᠪᠢᠳᠡ ᠵᠥᠷᠢᠶ᠎ᠡ᠎ᠪᠡᠨ ᠵᠥᠪ᠎ᠢᠶᠡᠷ ᠲᠠᠨᠢᠵᠤ᠂ ᠳᠤᠲᠠᠭᠤᠳᠠᠯ᠎ᠢᠶᠠᠨ ᠲᠣᠳᠣᠷᠬᠠᠶ ᠲᠠᠨᠢᠵᠤ᠂ ᠲᠡᠷᠢᠭᠦᠨ᠎ᠦ ᠭᠠᠵᠠᠷ ᠣᠷᠣᠨ᠎ᠯᠤᠭ᠎ᠠ ᠪᠠᠷᠢᠮᠵᠢᠶᠠᠯᠠᠵᠤ ᠪᠠᠢᠭᠠᠳ ᠬᠦᠷᠦᠯᠴᠡᠬᠦ᠌ ᠥᠬᠡᠶ ᠲᠠᠯ᠎ᠠ᠎ᠪᠠᠨ ᠡᠷᠢᠵᠦ᠍᠂ ᠲᠤᠷᠰᠢᠯᠭ᠎ᠠ ᠰᠤᠷᠤᠯᠴᠠᠵᠤ᠂ ᠲᠣᠰ ᠭᠠᠵᠠᠷ ᠣᠷᠣᠨ᠎ᠤ ᠪᠣᠳᠠᠲᠤ᠌ ᠪᠠᠶ᠋ᠢᠳᠠᠯ᠎ᠳᠠᠭᠠᠨ ᠰᠠᠭᠤᠷᠢᠯᠠᠨ ᠳᠠᠪᠠᠭᠤᠯᠢᠭ᠎ᠢᠶᠠᠨ ᠪᠠᠳᠠᠷᠠᠭᠤᠯᠵᠤ᠂ ᠳᠤᠲᠠᠭᠤᠳᠠᠯ᠎ᠢᠶᠠᠨ ᠨᠥᠬᠥᠪᠥᠷᠢᠯᠡᠵᠦ᠍᠂ ᠪᠠᠭᠤᠷᠠᠶ ᠲᠠᠯ᠎ᠠ᠎ᠪᠠᠨ ᠬᠦᠴᠦᠷᠬᠡᠭᠵᠢᠭᠦᠯᠵᠦ᠍᠂ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠢ ᠲᠤᠰᠬᠠᠶ᠋ᠢᠵᠢᠬᠰᠠᠨ ᠪᠠ ᠥᠷᠲᠡᠭ᠎ᠦᠨ ᠬᠡᠯᠬᠢᠶ᠎ᠡ᠎ᠶᠢᠨ ᠳᠡᠭᠡᠳᠦ ᠲᠠᠰ ᠲᠡᠶ᠋ᠢᠰᠢ ᠤᠷᠲᠤᠳᠬᠠᠬᠤ᠎ᠶᠢ ᠠᠬᠢᠭᠤᠯᠵᠤ᠂ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠶ᠋ᠢᠲᠠᠶ ᠣᠯᠠᠨ ᠶᠠᠩᠵᠤᠴᠢᠯᠠᠭᠰᠠᠨ ᠳᠥᠭᠥᠮᠴᠢᠯᠡᠭᠰᠡᠨ ᠬᠥᠭᠵᠢᠯᠲᠡ᠎ᠶᠢ ᠠᠬᠢᠭᠤᠯᠪᠠᠯ ᠲᠠᠷᠤᠢ ᠪᠥᠬᠥ᠌ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠵᠦ᠍᠂ ᠨᠡᠭᠡᠵᠦ ᠭᠦᠢᠴᠡᠨ ᠤᠷᠤᠭᠰᠢᠯᠠᠨ ᠳᠠᠪᠰᠢᠬᠤ᠎ᠶᠢ ᠠᠬᠢᠭᠤᠯᠵᠤ ᠴᠢᠳᠠᠨ᠎ᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠦᠢᠯᠡᠴᠢᠯᠡᠭᠡᠨ᠎ᠦ ᠦᠢᠯᠡᠰ᠎ᠦᠨ ᠰᠢᠨ᠎ᠡ ᠳᠡᠭᠲᠡᠷ᠎ᠲᠦ ᠭᠠᠷᠬᠤ᠎ᠶᠢ ᠬᠡᠷᠬᠢᠨ ᠲᠦᠯᠬᠢᠨ ᠠᠬᠢᠭᠤᠯᠬᠤ ᠪᠤᠢ? 《ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠥᠯ》 ᠢ᠋ ᠳᠠᠷᠤᠮᠠᠯᠯᠠᠨ ᠲᠠᠷᠬᠠᠭᠠᠭᠰᠠᠨ᠎ᠡᠴᠡ ᠥᠪᠡᠷᠲᠡᠭᠡᠨ ᠵᠠᠰᠠᠬᠤ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ 《1+N》 ᠲᠥᠷᠥ᠎ᠶᠢᠨ ᠪᠣᠳᠣᠯᠭ᠎ᠠ᠎ᠶᠢᠨ ᠰᠢᠰᠲᠧᠮ᠎ᠢ ᠪᠠᠶ᠋ᠢᠭᠤᠯᠬᠤ ᠬᠦᠷᠲᠡᠯ᠎ᠡ᠂ ᠥᠪᠥᠷ ᠮᠣᠩᠭᠣᠯ᠎ᠤᠨ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ 《ᠵᠠᠮ᠎ᠤᠨ ᠵᠢᠷᠤᠭ》 ᠶᠠᠪᠤᠬᠤ ᠲᠤᠲᠤᠮ ᠲᠣᠳᠣᠷᠬᠠᠢ ᠪᠣᠯᠪᠠ᠃ ᠲᠤᠰ ᠤᠳᠠᠭ᠎ᠠ ᠵᠢᠨ ᠪᠦᠬᠦ ᠣᠷᠣᠨ᠎ᠤ ᠦᠢᠯᠡᠴᠢᠯᠡᠭᠡᠨ᠎ᠦ ᠦᠢᠯᠡᠰ᠎ᠤᠨ ᠶᠡᠬᠡ ᠬᠤᠷᠠᠯ ᠨᠢ ᠴᠢᠳᠠᠪᠤᠷᠢ ᠵᠢ ᠥᠷᠭᠡᠳᠬᠡᠨ ᠶᠠᠰᠤ ᠴᠢᠨᠠᠷ᠎ᠢᠶᠠᠨ ᠳᠡᠭᠡᠭᠰᠢᠯᠡᠭᠦᠯᠵᠦ ᠬᠦᠴᠦᠨ᠎ᠢᠶᠡᠨ ᠲᠥᠪᠯᠡᠷᠡᠭᠦᠯᠦᠨ ᠰᠢᠪᠲᠤᠯᠤᠯᠲᠠ ᠭᠠᠷᠭᠠᠬᠤ᠎ᠶᠢ ᠨᠢᠭᠲᠠ ᠤᠶᠠᠯᠳᠤᠭᠤᠯᠵᠤ᠂ ᠰᠢᠢᠳᠪᠦᠷᠢᠯᠡᠬᠦ ᠠᠷᠭ᠎ᠠ᠎ᠶᠢ ᠴᠢᠨᠠᠭᠰᠢᠳᠠ ᠭᠠᠷᠭᠠᠪᠠ᠄ 《ᠬᠣᠶᠠᠷ ᠰᠠᠭᠤᠷᠢᠨ》 ᠢ᠋ ᠪᠦᠲᠦᠭᠡᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠡᠷᠢᠭᠦᠨ᠎ᠦ ᠦᠢᠯᠡᠳᠬᠦ ᠦᠢᠯᠡᠴᠢᠯᠡᠭᠡ᠎ᠶᠢ ᠶᠡᠬᠡ ᠪᠡᠷ ᠬᠥᠭᠵᠢᠭᠦᠯᠵᠦ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠭᠡᠭᠵᠢᠬᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠴᠢᠯᠡᠭᠡ ᠵᠢ ᠪᠤᠵᠠᠭᠠᠢᠷᠠᠭᠤᠯᠬᠤ᠎ᠶᠢ ᠲᠦᠷᠭᠡᠳᠬᠡᠬᠦ᠎ᠳᠦ ᠰᠠᠭᠤᠷᠢᠯᠠᠵᠤ᠂ ᠥᠨᠳᠥᠷ ᠲᠦᠪᠰᠢᠨ᠎ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠶ᠋ᠢᠭᠤᠯᠬᠤ᠎ᠶᠢᠨ ᠲᠣᠭᠣᠷᠢᠨ᠎ᠳᠤ ᠲᠤᠰᠬᠠᠢ ᠦᠢᠯᠡᠴᠢᠯᠡᠭᠡᠨ᠎ᠤ ᠪᠠᠲᠤᠯᠠᠭ᠎ᠠ ᠵᠢ ᠴᠢᠨᠭᠭᠠᠳᠬᠠᠵᠤ᠂ ᠠᠷᠠᠳ᠎ᠤᠨ ᠠᠮᠢᠳᠤᠷᠠᠯ᠎ᠢ ᠪᠠᠳᠤᠯᠠᠬᠤ ᠪᠠ ᠰᠠᠢᠵᠢᠷᠠᠭᠤᠯᠬᠤ ᠵᠢᠨ ᠲᠤᠭᠤᠷᠢᠨ ᠳ᠋ᠦ ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠢ ᠲᠠᠰ ᠲᠥᠷᠥᠯ ᠬᠤᠪᠢᠶᠠᠨ ᠲᠡᠭᠡᠭᠰᠢᠯᠡᠭᠦᠯᠬᠦ᠎ᠶᠢ ᠪᠣᠳᠣᠯᠬᠢᠯᠠᠵᠤ᠂ ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ᠎ᠲᠠᠢ ᠤᠶᠠᠯᠳᠤᠭᠤᠯᠤᠨ ᠮᠠᠯ ᠠᠵᠤ ᠠᠬᠤᠢ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠤᠳᠠᠯᠳᠤᠭ᠎ᠠ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠲᠦᠷᠭᠡᠳᠬᠡᠵᠦ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠵᠡᠷᠭᠡ ᠲᠠᠪᠴᠠᠩ ᠠᠴᠢᠶᠠᠯᠠᠪᠤᠷᠢ᠎ᠳᠤ ᠲᠦᠰᠢᠭᠯᠡᠨ ᠦᠢᠯᠡᠴᠢᠯᠡᠭᠡᠨ᠎ᠦ ᠦᠢᠯᠡᠰ᠎ᠦᠨ ᠨᠡᠭᠡᠭᠡᠯᠲᠡ ᠬᠢᠵᠦ ᠬᠠᠮᠲᠤᠷᠠᠯᠴᠠᠬᠤ ᠲᠦᠪᠰᠢᠨ᠎ᠢ ᠳᠡᠭᠡᠭᠰᠢᠯᠡᠭᠦᠯᠵᠦ᠂ ᠮᠠᠨ᠎ᠤ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃

ᠠᠵᠤ ᠦᠢᠯᠡᠰ ᠰᠢᠨᠡᠳᠦᠨ ᠬᠦᠭᠵᠢᠬᠦ᠎ᠳᠦ ᠦᠢᠯᠡᠴᠢᠯᠡᠭᠡ ᠪᠡᠷ ᠬᠦᠴᠦᠨ ᠣᠯᠭᠣᠬᠤ ᠴᠢᠬᠤᠯᠠᠲᠠᠢ; ᠠᠳᠠᠯ ᠠᠮᠢᠳᠤᠷᠠᠯ ᠦᠭᠡᠳᠡᠯᠡᠨ ᠰᠠᠢᠵᠢᠷᠠᠬᠤ᠎ᠳᠦ ᠦᠢᠯᠡᠴᠢᠯᠡᠭᠡ ᠪᠡᠷ ᠭᠡᠷᠡᠯ ᠭᠢᠯᠪᠠᠭ᠎ᠠ ᠨᠡᠮᠡᠷᠢᠯᠡᠬᠦ ᠬᠡᠷᠡᠭᠳᠡᠢ᠃ ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠬᠥᠳᠡᠯᠦᠯᠴᠡᠵᠦ᠂ ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠡᠯ᠎ᠡ ᠵᠦᠢᠯ᠎ᠦᠨ ᠡᠭᠦᠷᠭᠡ᠎ᠶᠢ ᠪᠣᠳᠠᠲᠠᠢ ᠠᠵᠢᠯ ᠲᠦᠷᠦᠯ ᠪᠣᠳᠠᠲᠠᠢ ᠲᠦᠷᠦᠯ ᠵᠦᠢᠯ ᠳᠡᠭᠡᠷ᠎ᠡ ᠨᠠᠢᠳᠠᠪᠤᠷᠢᠵᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠳᠤᠲᠠᠭᠤᠳᠠᠯ᠎ᠢ ᠦᠨᠡᠨ ᠬᠦ᠌ ᠨᠥᠬᠥᠪᠦᠷᠢᠯᠡᠵᠦ᠂ ᠳᠠᠯᠳᠠ ᠬᠦᠴᠦᠨ᠎ᠢ ᠪᠠᠳᠠᠷᠠᠭᠤᠯᠤᠨ᠂ ᠳᠠᠪᠠᠭᠤᠯᠢᠭ᠋᠎ᠢ ᠪᠣᠢᠵᠢᠭᠤᠯᠵᠤ᠂ ᠪᠦᠬᠦ ᠬᠦᠴᠦᠨ᠎ᠢᠶᠡᠷ᠎ᠢᠶᠡᠨ ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠬᠤᠷᠳᠤᠴᠠ᠎ᠶᠢ ᠲᠦᠷᠭᠡᠳᠬᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠪᠠᠲᠤ ᠪᠡᠬᠢ ᠲᠤᠯᠭᠠᠭᠤᠷᠢᠯᠠᠯ ᠬᠠᠩᠭᠠᠬᠤ ᠬᠡᠷᠡᠭᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号