ᠪᠡᠭᠡᠵᠢᠩ ᠬᠢᠭᠡᠳ ᠥᠪᠥᠷ ᠮᠣᠩᠭᠣᠯ᠎ᠤᠨ ᠠᠵᠤ ᠦᠢᠯᠡᠰ᠎ᠤᠨ ᠬᠠᠮᠵᠢᠯᠴᠠᠭ᠎ᠠ ᠡᠴᠡ ᠬᠦᠷᠢᠶ᠎ᠡ ᠬᠣᠰᠢᠭᠤ ᠦᠨᠡᠨ ᠬᠦ᠌ ᠠᠰᠢᠭ ᠬᠦᠷᠳᠡᠵᠤ ᠪᠤᠢ
2026-08-19 10:44:37
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 5᠎ᠤ᠋ ᠡᠳᠦᠷ᠂ ᠰᠤᠷᠪᠤᠯᠵᠢᠯᠠᠭᠴᠢ ᠲᠦᠩᠯᠢᠶᠣᠣ ᠬᠤᠳᠠ᠎ᠶᠢᠨ ᠬᠦᠷᠢᠶ᠎ᠡ ᠬᠣᠰᠢᠭᠤᠨ᠎ᠤ ᠬᠦᠷᠢᠶ᠎ᠡ ᠪᠠᠯᠭᠠᠰᠤᠨ᠎ᠤ ᠲᠤᠧᠠᠨ ᠵᠢᠶᠧ ᠲᠣᠰᠬᠣᠨ᠎ᠤ ᠲᠥᠬᠥᠭᠡᠷᠦᠮᠵᠢᠲᠦ ᠲᠠᠷᠢᠶᠠᠯᠠᠩ᠎ᠤᠨ ᠪᠦᠲᠦᠭᠡᠨ ᠪᠠᠢᠭᠤᠯᠤᠯᠲᠠ᠎ᠶᠢᠨ ᠲᠤᠬᠠᠢ ᠵᠢᠨ ᠲᠠᠯᠠᠪᠠᠢ᠎ᠳᠤ ᠬᠦᠷᠬᠦ᠎ᠳᠤ ᠬᠥᠯᠡᠮᠵᠢ ᠵᠢᠨ ᠳᠡᠮᠥᠷ ᠵᠢᠶᠠᠰᠠ ᠵᠢ ᠱᠠᠯᠠᠪᠳᠠᠨ ᠤᠭᠰᠠᠷᠠᠵᠤ᠂ ᠶᠠᠭᠠᠷᠠᠯᠳᠠᠢ ᠠᠵᠢᠯᠯᠠᠵᠠᠭᠠᠵᠤ ᠪᠠᠢᠯ᠎ᠠ᠃ ᠲᠣᠰ ᠲᠥᠷᠥᠯ ᠵᠥᠢᠯ᠎ᠤᠨ ᠶᠡᠷᠦᠩᠬᠡᠢ ᠲᠠᠯᠠᠪᠠᠢ ᠨᠢ 500 ᠮᠦ᠍ ᠪᠠᠢᠵᠤ᠂ ᠬᠦᠷᠢᠶ᠎ᠡ ᠬᠣᠰᠢᠭᠤᠨ᠎ᠤ ᠪᠠᠢᠩᠭᠤ᠎ᠶᠢᠨ ᠴᠢᠨᠠᠷᠲᠠᠢ ᠬᠠᠪᠰᠤᠷᠤᠨ ᠲᠡᠳᠬᠦᠬᠦ ᠪᠡᠯᠡ ᠮᠥᠩᠭᠥ᠂ ᠪᠡᠭᠡᠵᠢᠩ ᠬᠢᠭᠡᠳ ᠥᠪᠥᠷ ᠮᠣᠩᠭᠣᠯ᠎ᠤᠨ ᠬᠠᠮᠵᠢᠯᠴᠠᠬᠤ ᠪᠡᠯᠡ ᠮᠥᠩᠭᠥ ᠪᠠ ᠣᠷᠣᠨ ᠨᠤᠲᠤᠭ᠎ᠤᠨ ᠢᠵᠢ ᠪᠦᠷᠢᠳᠦᠭᠦᠯᠬᠦ ᠪᠡᠯᠡ ᠮᠥᠩᠭᠥ ᠵᠡᠷᠭᠡ ᠵᠢ ᠨᠡᠶ᠋ᠢᠲᠡ 8000 ᠭᠠᠷᠤᠢ ᠲᠦᠮᠡᠨ ᠲᠥᠭᠥᠷᠢᠭ ᠨᠡᠢᠳᠭᠡᠵᠤ᠂ ᠡᠨᠡ ᠵᠢᠯ᠎ᠦᠨ 7 ᠰᠠᠷ᠎ᠠ᠎ᠶᠢᠨ ᠡᠬᠢ ᠪᠡᠷ 107 ᠰᠠᠭᠤᠷᠢ ᠳᠠᠪᠬᠤᠷ ᠢᠯᠴᠢᠨ ᠬᠠᠪᠲᠠᠰᠤᠲᠤ ᠬᠦᠯᠡᠮᠵᠢ ᠪᠠ 6 ᠭᠤᠯᠳᠤᠩ ᠫᠧᠩ᠎ᠢ ᠪᠦᠲᠦᠭᠡᠨ ᠪᠠᠢᠭᠤᠯᠵᠤ ᠡᠬᠢᠯᠡᠵᠠᠢ᠃ ᠲᠤᠰ ᠲᠥᠷᠥᠯ ᠵᠦᠢᠯ ᠠᠰᠢᠬᠯᠠᠯᠲᠠ ᠳ᠋ᠤ ᠤᠷᠤᠬᠰᠠᠨ᠎ᠤ ᠳᠠᠷᠠᠭ᠎ᠠ ᠴᠢᠨᠠᠷ ᠰᠠᠢᠲᠠᠢ᠂ ᠨᠡᠮᠡᠯᠲᠡ ᠥᠷᠲᠡᠭ ᠪᠥᠬᠥᠢ ᠵᠢᠵᠢᠭ ᠲᠥᠪᠡᠳ ᠬᠠᠰᠢ ᠳᠠᠷᠢᠵᠤ᠂ ᠵᠢᠱ᠌ᠢᠯᠲᠡ᠎ᠪᠡᠷ ᠵᠢᠯ᠎ᠦᠨ ᠭᠠᠷᠤᠯᠲᠠ ᠨᠢ 2000 ᠲᠣᠨ᠎ᠳᠤ ᠬᠦᠷᠴᠦ᠂ ᠵᠢᠯ᠎ᠦᠨ ᠦᠢᠯᠡᠳᠬᠦᠨ᠎ᠦ ᠥᠷᠲᠡᠭ ᠨᠢ 2000 ᠲᠦᠮᠡᠨ ᠲᠥᠭᠥᠷᠢᠭ᠎ᠢ ᠳᠠᠪᠠᠬᠤ ᠪᠣᠯᠣᠨ᠎ᠠ᠂ ᠡᠭᠦᠨ᠎ᠦ ᠵᠡᠷᠭᠡ ᠪᠡᠷ ᠠᠰᠢᠭ᠋ ᠣᠷᠣᠯᠭ᠎ᠠ᠎ᠶᠢᠨ ᠮᠥᠩᠭᠥ ᠬᠤᠪᠢᠶᠠᠬᠤ᠂ ᠣᠯᠠᠨ ᠲᠦᠮᠡᠨ᠎ᠦ ᠬᠦᠴᠥᠨ᠎ᠤ ᠠᠵᠢᠯ ᠬᠢᠬᠦ᠎ᠶᠢ ᠭᠥᠯᠢᠶᠡᠨ ᠠᠪᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠲᠠᠷᠢᠶᠠᠴᠢᠳ᠎ᠢ ᠳᠠᠢᠴᠢᠯᠠᠬᠤ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ  ᠪᠠᠶ᠋ᠢᠭᠤᠯᠬᠤ ᠪᠣᠯᠣᠨ᠎ᠠ᠃

ᠬᠦᠷᠢᠶ᠎ᠡ ᠪᠠᠯᠭᠠᠰᠤᠨ᠎ᠤ ᠳᠡᠳ᠋  ᠪᠠᠯᠭᠠᠰᠤᠨ  ᠳᠠᠷᠤᠭ᠎ᠠ ᠰᠢᠦᠢ ᠶᠦᠩ ᠳᠡ᠄ 《ᠬᠦᠷᠢᠶᠡᠯᠡᠩ ᠲᠣᠭᠣᠷᠢᠭ ᠵᠠᠬᠢᠶᠠᠯᠠᠭ᠎ᠠ᠎ᠶᠢᠨ ᠵᠠᠭᠪᠤᠷ᠎ᠢᠶᠠᠷ ᠪᠡᠭᠡᠵᠢᠩ᠂ ᠮᠦᠭᠳᠡᠨ ᠵᠡᠷᠭᠡ ᠲᠣᠮᠣ᠌ ᠳᠤᠮᠳᠠ ᠬᠣᠲᠠ᠎ᠶᠢᠨ ᠵᠠᠬ᠎ᠠ ᠳᠡᠯᠭᠡᠭᠦᠷ᠎ᠲᠦ ᠰᠢᠭᠤᠳ ᠬᠠᠩᠭᠠᠵᠤ᠂ ᠪᠥᠬᠥ ᠪᠠᠯᠭᠠᠰᠤ ᠴᠢᠨᠠᠭᠰᠢᠯᠠᠪᠠᠯ ᠪᠥᠬᠥ ᠬᠣᠰᠢᠭᠤᠨ᠎ᠤ ᠲᠥᠬᠦᠭᠡᠷᠦᠮᠵᠢᠳᠥ ᠲᠠᠷᠢᠶᠠᠯᠠᠩ᠎ᠤᠨ ᠠᠵᠤ ᠦᠢᠯᠡᠰ᠎ᠦᠨ ᠲᠠᠰ ᠳᠡᠪᠰᠢᠬᠦ᠎ᠶᠢ ᠤᠯᠠᠮ ᠨᠢᠭᠡ ᠠᠯᠬᠤᠮ ᠳᠠᠶ᠋ᠢᠴᠢᠯᠠᠬᠤ ᠪᠤᠯᠤᠨ᠎ᠠ᠂ ᠲᠤᠰ ᠲᠥᠷᠥᠯ ᠵᠦᠢᠯ ᠵᠢᠯ ᠪᠦᠷᠢ ᠪᠠᠯᠭᠠᠰᠤ ᠲᠣᠰᠬᠣᠨ᠎ᠳᠤ 400 ᠲᠦᠮᠡᠨ ᠲᠥᠭᠥᠷᠢᠭ᠎ᠦᠨ ᠠᠰᠢᠭ᠋ ᠣᠷᠣᠯᠭ᠎ᠠ᠎ᠶᠢᠨ ᠮᠥᠩᠭᠥ ᠬᠤᠪᠢᠶᠠᠵᠤ᠂ ᠡᠶ᠎ᠡ ᠨᠠᠢᠷᠠᠮᠳᠠᠭᠤ ᠥᠵᠡᠰᠭᠥᠯᠡᠩᠳᠥ ᠰᠠᠢᠬᠠᠨ ᠰᠢᠶᠠᠩ ᠲᠣᠰᠬᠣᠨ᠎ᠤ ᠪᠦᠲᠦᠭᠡᠨ ᠪᠠᠢᠭᠤᠯᠤᠯᠲᠠ᠎ᠳᠤ ᠲᠣᠭᠲᠠᠪᠤᠷᠢᠲᠠᠢ ᠪᠡᠯᠡ ᠮᠥᠩᠭᠥ᠎ᠶᠢᠨ ᠲᠤᠯᠭᠠᠭᠤᠷᠢᠯᠠᠯ ᠬᠠᠩᠭᠠᠨ᠂ ᠪᠠᠰᠠ 100 ᠭᠠᠷᠤᠢ ᠣᠷᠳᠣ᠌ ᠬᠤᠭᠤᠴᠠᠭᠠᠨ᠎ᠤ ᠠᠵᠢᠯ᠎ᠤᠨ ᠪᠠᠢᠷᠢ᠂ 200 ᠭᠠᠷᠤᠢ ᠲᠦᠷ ᠴᠠᠭ᠎ᠤᠨ ᠠᠵᠢᠯ᠎ᠤᠨ ᠪᠠᠢᠷᠢ᠎ᠶᠢ ᠨᠡᠮᠡᠭᠳᠡᠭᠦᠯᠵᠦ᠂ ᠲᠤᠬᠠᠢ᠎ᠶᠢᠨ ᠭᠠᠵᠠᠷ᠎ᠤᠨ ᠣᠯᠠᠨ ᠲᠦᠮᠡᠨ᠎ᠦ ᠣᠢᠷ᠎ᠠ ᠬᠠᠪᠢ᠎ᠳᠠᠭᠠᠨ ᠣᠷᠣᠯᠭ᠎ᠠ᠎ᠪᠠᠨ ᠨᠡᠮᠡᠭᠳᠡᠭᠦᠯᠬᠦ ᠴᠢᠬᠤᠯᠠ ᠲᠠᠪᠴᠠᠩ ᠪᠣᠯᠬᠤ ᠪᠤᠯᠤᠨ᠎ᠠ》 ᠭᠡᠵᠥ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃

ᠪᠡᠭᠡᠵᠢᠩ ᠬᠢᠭᠡᠳ ᠥᠪᠥᠷ ᠮᠣᠩᠭᠣᠯ᠎ᠤᠨ ᠬᠠᠮᠵᠢᠯᠴᠠᠭᠠᠨ᠎ᠤ ᠬᠥᠭᠵᠢᠯᠲᠡ ᠨᠢ ᠬᠦᠷᠢᠶ᠎ᠡ ᠬᠣᠰᠢᠭᠤᠨ᠎ᠤ ᠲᠥᠬᠥᠭᠡᠷᠦᠮᠵᠢᠲᠦ ᠲᠠᠷᠢᠶᠠᠯᠠᠩ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠤ ᠪᠠᠢᠬᠤ ᠪᠡᠷ ᠪᠠᠷᠠᠬᠤ ᠦᠭᠡᠢ᠂ ᠣᠨᠴᠠᠯᠢᠭ᠍ᠲᠤ ᠲᠡᠵᠢᠭᠡᠭᠡᠪᠦᠷᠢ ᠵᠢᠨ ᠠᠵᠤ ᠦᠢᠯᠡᠰ᠎ᠢ ᠴᠦ᠍ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠎ᠶᠢ ᠵᠡᠷᠭᠡᠪᠡᠷ ᠲᠡᠰ ᠳᠡᠪᠰᠢᠭᠦᠯᠬᠦ᠎ᠶᠢ ᠠᠬᠢᠭᠤᠯᠵᠤ ᠪᠤᠢ᠃ ᠰᠤᠷᠪᠤᠯᠵᠢᠯᠠᠭᠴᠢ ᠥᠪᠥᠷ ᠮᠣᠩᠭᠣᠯ᠎ᠤᠨ ᠾᠧ ᠺᠠᠩ ᠶᠤᠧᠠᠨ ᠡᠭᠦᠯᠳᠡᠷ᠎ᠦᠨ ᠨᠤᠭᠤᠰᠤᠨ᠎ᠤ ᠶᠢᠰᠦᠳᠦᠭᠡᠷ ᠦᠢᠯᠡᠳᠪᠦᠷᠢ᠎ᠳᠦ ᠬᠦᠷᠬᠦ᠎ᠳᠦ᠂ ᠠᠵᠢᠯᠴᠢᠳ᠎ᠤᠨ ᠵᠠᠷᠢᠮ ᠨᠢ ᠨᠤᠭᠤᠰᠤᠨ ᠥᠨᠳᠡᠭᠡ ᠲᠡᠭᠦᠵᠤ᠂ ᠵᠠᠷᠢᠮ ᠨᠢ ᠲᠡᠵᠢᠭᠡᠨ ᠲᠤᠳᠤᠮᠳᠠᠵᠤ ᠪᠠᠢᠯ᠎ᠠ᠃ ᠪᠡᠭᠡᠵᠢᠩ ᠬᠢᠭᠡᠳ ᠥᠪᠥᠷ ᠮᠣᠩᠭᠣᠯ᠎ᠤᠨ ᠬᠠᠮᠵᠢᠯᠴᠠᠭᠠᠨ᠎ᠤ ᠪᠡᠯᠡ ᠮᠥᠩᠭᠥ᠎ᠶᠢᠨ ᠳᠡᠮᠵᠢᠯᠭᠡ᠎ᠳᠦ ᠲᠦᠰᠢᠭᠯᠡᠨ᠂ ᠲᠤᠰ ᠠᠵᠤ ᠠᠬᠤᠢᠯᠠᠯ 16 ᠰᠠᠭᠤᠷᠢ ᠪᠠᠷᠢᠮᠵᠢᠶᠠᠵᠢᠭ᠍ᠰᠠᠨ ᠨᠤᠭᠤᠰᠤᠨ᠎ᠤ ᠰᠠᠷᠠᠪᠴᠢ ᠪᠠᠢᠭᠤᠯᠵᠤ᠂ 2025 ᠣᠨ᠎ᠤ ᠰᠡᠭᠦᠯᠴᠢ᠎ᠪᠡᠷ ᠠᠰᠢᠭ᠍ᠯᠠᠯᠲᠠ᠎ᠳᠤ ᠣᠷᠣᠭᠤᠯᠪᠠ᠂ ᠣᠳᠣᠬᠠᠨ᠎ᠳᠤ ᠡᠭᠦᠯᠳᠡᠷ᠎ᠦᠨ ᠨᠤᠭᠤᠰᠤᠨ᠎ᠤ ᠲᠣᠭ᠎ᠠ 55000 ᠭᠠᠷᠤᠢ᠎ᠳᠤ ᠬᠦᠷᠴᠡᠢ᠃ ᠦᠢᠯᠡᠳᠪᠦᠷᠢ᠎ᠶᠢᠨ ᠲᠣᠭᠣᠷᠢᠭ᠋᠎ᠤᠨ ᠭᠣᠣᠯ ᠠᠵᠢᠯ ᠨᠢ ᠡᠭᠦᠯᠳᠡᠷ᠎ᠦᠨ ᠨᠤᠭᠤᠰᠤᠨ ᠥᠨᠳᠡᠭᠡ ᠦᠢᠯᠡᠳᠪᠦᠷᠢᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠢᠯᠢᠭᠰᠡᠨ᠎ᠦ ᠳᠠᠷᠠᠭᠠᠬᠢ ᠬᠢᠷᠢ ᠲᠡᠩᠴᠡᠭᠰᠡᠨ ᠡᠭᠦᠯᠳᠡᠷ᠎ᠦᠨ ᠥᠨᠳᠡᠭᠡ᠎ᠶᠢ ᠱᠠᠨᠳᠦ᠋ᠩ᠎ᠦᠨ ᠨᠡᠪᠴᠢᠭᠦᠯᠬᠦ ᠰᠠᠭᠤᠷᠢᠨ᠎ᠳᠤ ᠬᠦᠷᠭᠡᠵᠦ᠂ ᠨᠤᠭᠤᠰᠤᠨ ᠴᠤᠷᠪᠠᠭ᠎ᠠ᠎ᠶᠢ ᠨᠡᠪᠴᠢᠭᠦᠯᠦᠨ ᠦᠷᠡᠵᠢᠭᠦᠯᠵᠤ ᠪᠤᠢ᠃ ᠲᠦᠷᠦᠯ ᠵᠦᠢᠯ᠎ᠢ ᠨᠠᠢᠳᠠᠪᠤᠷᠢᠵᠢᠭᠤᠯᠤᠭᠰᠠᠨ᠎ᠠᠴᠠ ᠨᠠᠭᠠᠰᠢ ᠣᠷᠣᠨ ᠨᠤᠲᠤᠭ᠎ᠤᠨ ᠬᠥᠭᠵᠢᠯᠲᠡ᠎ᠳᠦ ᠬᠥᠴᠥ ᠨᠡᠮᠡᠷᠢᠯᠡᠵᠤ᠂ ᠳᠡᠵᠢᠭᠡᠪᠦᠷᠢ ᠵᠢᠨ ᠦᠷ᠎ᠡ ᠠᠰᠢᠭ᠋᠎ᠢ ᠳᠡᠭᠡᠭᠰᠢᠯᠡᠭᠥᠯᠵᠤ ᠪᠠᠢᠨ᠎ᠠ᠃

《ᠦᠢᠯᠡᠳᠪᠦᠷᠢ᠎ᠳᠦ ᠣᠳᠣ᠌ 22 ᠠᠵᠢᠯᠲᠠᠨ ᠠᠵᠢᠯᠴᠢᠨ ᠲᠠᠢ᠂ ᠦᠨᠳᠦᠰᠦᠨ᠎ᠳᠡᠭᠡᠨ ᠴᠥᠮ ᠡᠷᠭᠢᠨ ᠲᠣᠭᠣᠷᠢᠨ᠎ᠤ ᠮᠠᠯᠴᠢᠨ ᠲᠠᠷᠢᠶᠠᠴᠢᠨ ᠪᠣᠯᠣᠨ᠎ᠠ᠂ ᠡᠷ᠎ᠡ ᠡᠮ᠎ᠡ ᠬᠣᠶᠠᠭᠤᠯᠠ ᠪᠠᠨ ᠬᠠᠮᠲᠤ᠎ᠠᠵᠢᠯᠯᠠᠵᠤ ᠪᠠᠢᠭ᠎ᠠ ᠭᠡᠷ ᠪᠦᠯᠢ᠎ᠶᠢᠨ ᠵᠢᠯ᠎ᠦᠨ ᠲᠣᠭᠲᠠᠪᠤᠷᠢᠲᠠᠢ ᠣᠷᠣᠯᠭ᠎ᠠ ᠨᠢ 10 ᠲᠦᠮᠡᠨ ᠲᠥᠭᠥᠷᠢᠭ᠎ᠲᠦ ᠬᠦᠷᠴᠦ ᠪᠠᠢᠨ᠎ᠠ᠃ ᠠᠵᠤ ᠠᠬᠤᠢᠯᠠᠯ ᠵᠢᠯ ᠪᠦᠷᠢ ᠣᠷᠣᠨ ᠨᠤᠲᠤᠭ᠎ᠲᠤ 75 ᠲᠦᠮᠡ᠎ᠡᠴᠡ 76 ᠲᠦᠮᠡᠨ ᠲᠥᠭᠥᠷᠢᠭ᠎ᠦᠨ ᠠᠰᠢᠭ᠋ ᠣᠷᠣᠯᠭ᠎ᠠ᠎ᠶᠢᠨ ᠮᠥᠩᠭᠥ ᠲᠤᠰᠢᠶᠠᠵᠤ᠂ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠬᠥᠭᠵᠢᠯᠲᠡ᠎ᠳᠦ ᠰᠢᠭᠤᠳ ᠳᠡᠮᠵᠢᠯᠭᠡ ᠦᠵᠡᠭᠦᠯᠵᠦ ᠪᠠᠢᠨ᠎ᠠ》 ᠭᠡᠵᠤ ᠥᠪᠥᠷ ᠮᠣᠩᠭᠣᠯ᠎ᠤᠨ ᠾᠧ ᠺᠠᠩ ᠶᠤᠧᠠᠨ ᠡᠭᠦᠯᠳᠡᠷ᠎ᠦᠨ ᠨᠤᠭᠤᠰᠤᠨ᠎ᠤ ᠶᠢᠰᠦᠳᠦᠭᠡᠷ ᠦᠢᠯᠡᠳᠪᠦᠷᠢ᠎ᠶᠢᠨ ᠳᠠᠷᠤᠭ᠎ᠠ ᠯᠢᠨ ᠳ᠋ᠦᠩ ᠯᠢᠶᠠᠩ ᠲᠠᠨᠢᠯᠴᠠᠭᠤᠯᠵᠤ ᠪᠠᠢᠯ᠎ᠠ᠃

ᠣᠢᠷ᠎ᠠ᠎ᠶᠢᠨ ᠵᠢᠯ᠎ᠡᠴᠡ ᠨᠠᠭᠠᠰᠢ᠂ ᠬᠦᠷᠢᠶ᠎ᠡ ᠬᠣᠰᠢᠭᠤ ᠪᠡᠭᠡᠵᠢᠩ ᠬᠢᠭᠡᠳ ᠥᠪᠥᠷ ᠮᠣᠩᠭᠣᠯ᠎ᠤᠨ ᠬᠠᠮᠵᠢᠯᠴᠠᠭ᠎ᠠ᠎ᠶᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠬᠰᠠᠨ ᠦᠷ᠎ᠡ ᠪᠦᠲᠦᠮᠵᠢ ᠵᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠵᠠᠩᠭᠢᠯᠠᠭ᠎ᠠ᠎ᠶᠢᠨ ᠭᠠᠷᠳᠠᠴᠠ ᠪᠣᠯᠭᠠᠵᠤ᠂ ᠬᠠᠪᠰᠤᠷᠤᠨ ᠲᠡᠳᠬᠦᠬᠦ ᠡᠬᠢ ᠪᠠᠶᠠᠯᠢᠭ᠋᠎ᠢ ᠤᠨᠢᠨ ᠳᠡᠭᠡᠷ᠎ᠡ ᠨᠢ ᠵᠣᠯᠭᠠᠭᠤᠯᠥᠨ᠂ ᠠᠵᠤ ᠦᠢᠯᠡᠰ᠎ᠦᠨ ᠲᠦᠷᠦᠯ ᠵᠦᠢᠯ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠵᠦ᠂ ᠪᠡᠯᠡ ᠮᠥᠩᠭᠥ ᠬᠡᠷᠡᠭᠯᠡᠵᠤ ᠬᠠᠮᠢᠶᠠᠷᠬᠤ᠎ᠶᠢ ᠴᠢᠩᠭ᠎ᠠ ᠵᠢᠷᠤᠮᠵᠢᠭᠤᠯᠤᠭᠰᠠᠭᠠᠷ ᠢᠷᠡᠪᠡ᠃ 2017 ᠣᠨ᠎ᠠᠴᠠ ᠣᠲᠣ᠌ ᠪᠣᠯᠲᠠᠯ᠎ᠠ᠂ ᠪᠥᠬᠥ ᠬᠣᠰᠢᠭᠤᠨ᠎ᠤ ᠪᠡᠭᠡᠵᠢᠩ ᠬᠢᠭᠡᠳ ᠥᠪᠥᠷ ᠮᠣᠩᠭᠣᠯ᠎ᠤᠨ ᠬᠠᠮᠵᠢᠯᠴᠠᠭᠠᠨ᠎ᠤ ᠪᠡᠯᠡ ᠮᠥᠩᠭᠥ᠎ᠶᠢ ᠨᠡᠶ᠋ᠢᠲᠡ 4.8 ᠳ᠋ᠦᠩᠰᠢᠭᠤᠷ ᠲᠥᠭᠥᠷᠢᠭ ᠣᠷᠣᠭᠤᠯᠵᠤ᠂ ᠡᠯ᠎ᠡ ᠲᠥᠷᠥᠯ᠎ᠦᠨ ᠬᠠᠮᠵᠢᠯᠴᠠᠭᠠᠨ᠎ᠤ ᠲᠥᠷᠥᠯ ᠵᠦᠢᠯ᠎ᠢ 123 ᠨᠠᠷᠢᠯᠢᠭ᠋ ᠣᠨᠣᠴᠠᠲᠠᠢ᠎ᠨᠠᠢᠳᠠᠪᠤᠷᠢᠵᠢᠭᠤᠯᠤᠨ᠂ ᠣᠨᠴᠠᠯᠢᠭ᠍ᠲᠤ ᠠᠵᠤ ᠦᠢᠯᠡᠰ᠎ᠦᠨ ᠰᠢᠰᠲᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠬᠥᠳᠡᠭᠡ ᠲᠣᠰᠬᠣᠨ᠎ᠤ ᠬᠥᠭᠵᠢᠯᠲᠡ᠎ᠶᠢᠨ ᠳᠤᠲᠠᠭᠤᠳᠠᠯ᠎ᠢ ᠨᠥᠬᠥᠪᠦᠷᠢᠯᠡᠨ᠂ ᠰᠢᠶᠠᠨ᠎ᠤ ᠬᠡᠪᠴᠢᠶᠡᠨ᠎ᠦ ᠠᠵᠤ ᠠᠬᠤᠢ᠎ᠶᠢᠨ ᠳᠣᠲᠣᠭᠠᠳᠤ᠎ᠬᠥᠳᠡᠯᠭᠡᠬᠦ ᠬᠦᠴᠦᠨ᠎ᠢ ᠬᠥᠭᠵᠢᠭᠡᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号