ᠤᠮᠠᠷᠠᠲᠤ᠎ᠶᠢᠨ ᠬᠣᠪᠣᠷ ᠰᠢᠷᠣᠶ᠎ᠶᠢᠨ ᠺᠤᠮᠫᠠᠨᠢ ᠵᠢᠨ ᠳᠡᠭᠡᠷ᠎ᠡ ᠬᠠᠭᠠᠰ ᠵᠢᠯ᠎ᠦᠨ ᠣᠯᠠᠨ ᠵᠦᠢᠯ᠎ᠦᠨ ᠡᠵᠡᠩᠨᠡᠯᠲᠡ᠎ᠶᠢᠨ ᠭᠦᠢᠴᠡᠳᠬᠡᠯ ᠲᠣᠭ᠎ᠠ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ
2026-08-19 10:53:07
ᠵᠣᠬᠢᠶᠠᠭ᠍ᠴᠢ᠄
ᠸ·ᠭᠡᠷᠡᠯᠳᠤ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠤᠮᠠᠷᠠᠲᠤ᠎ᠶᠢᠨ ᠬᠣᠪᠣᠷ ᠰᠢᠷᠣᠢ ᠵᠢᠨ ᠺᠤᠮᠫᠠᠨᠢ 2026 ᠣᠨ᠎ᠤ ᠲᠡᠭᠡᠷ᠎ᠠ ᠬᠠᠭᠠᠰ ᠵᠢᠯ᠎ᠦᠨ ᠠᠵᠢᠯ᠎ᠤᠨ ᠪᠦᠲᠦᠮᠵᠢ᠎ᠶᠢᠨ ᠵᠢᠱ᠌ᠢᠯᠲᠡ ᠨᠡᠮᠡᠭᠳᠡᠯ᠎ᠤᠨ ᠠᠯᠪᠠᠨ ᠵᠠᠷᠯᠠᠯ᠎ᠢ ᠨᠡᠶ᠋ᠢᠲᠡᠯᠡᠪᠡ᠃ ᠠᠩᠬ᠎ᠠ ᠠᠯᠬᠤᠮ᠎ᠤᠨ ᠪᠤᠳᠤᠭᠰᠠᠨ᠎ᠢᠶᠠᠷ ᠺᠣᠮᠫᠠᠨᠢ᠎ᠶᠢᠨ ᠵᠢᠱ᠌ᠢᠯᠲᠡ᠎ᠪᠡᠷ 2026 ᠣᠨ᠎ᠤ ᠳᠡᠭᠡᠷ᠎ᠡ ᠬᠠᠭᠠᠰ ᠵᠢᠯ᠎ᠳᠦ ᠡᠬᠡ ᠺᠣᠮᠫᠠᠨᠢ᠎ᠶᠢᠨ ᠥᠮᠴᠢᠯᠡᠭᠴᠢ᠎ᠳᠦ ᠬᠠᠷᠢᠶᠠᠯᠠᠭᠳᠠᠬᠤ ᠴᠡᠪᠡᠷ ᠠᠰᠢᠭ ᠤᠯᠵᠠᠪᠤᠷᠢ 19.8 ᠳ᠋ᠦᠩᠰᠢᠭᠤᠷ ᠲᠥᠭᠥᠷᠢᠭ᠎ᠡᠴᠡ 20.6 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 112.74% ᠡᠴᠡ 121.33% ᠪᠠᠷ ᠨᠡᠮᠡᠭᠳᠡᠬᠦ᠌ ᠪᠣᠯᠤᠨ᠎ᠠ᠃

ᠡᠨᠡ ᠵᠢᠯ᠎ᠡᠴᠡ ᠨᠠᠭᠠᠰᠢ᠂ ᠤᠮᠠᠷᠠᠲᠤ᠌ ᠵᠢᠨ ᠬᠣᠪᠣᠷ ᠰᠢᠷᠣᠶ ᠵᠢᠨ ᠺᠤᠮᠫᠠᠨᠢ 《ᠬᠣᠶᠠᠷ ᠬᠣᠪᠣᠷ ᠰᠢᠷᠣᠶ᠎ᠶᠢᠨ ᠰᠠᠭᠤᠷᠢᠨ》 ᠢ᠋ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠬᠤ᠂ ᠳᠡᠯᠡᠬᠡᠶ᠎ᠶᠢᠨ ᠲᠡᠷᠢᠭᠦᠨ᠎ᠤ ᠬᠣᠪᠣᠷ ᠰᠢᠷᠣᠶ᠎ᠶᠢᠨ ᠳᠠᠭᠠᠭᠤᠯᠤᠭᠴᠢ ᠠᠵᠤ ᠠᠬᠤᠶ᠋ᠢᠯᠠᠯ᠎ᠢ ᠲᠦᠷᠭᠡᠳᠬᠡᠨ ᠪᠠᠶ᠋ᠢᠭᠤᠯᠬᠤ ᠬᠠᠷᠠᠯᠲᠠ᠎ᠲᠠᠶ ᠨᠢᠭᠲᠠ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠍᠂ ᠪᠥᠬᠥ᠌ ᠲᠠᠯ᠎ᠠ᠎ᠶᠢᠨ ᠤᠷᠢᠳᠴᠢᠯᠡᠨ ᠪᠤᠳᠤᠬᠤ ᠬᠠᠮᠢᠶᠠᠷᠤᠯᠲᠠ᠎ᠶᠢ ᠴᠢᠩᠭᠠᠳᠬᠠᠬᠤ᠂ ᠥᠪᠡᠷ᠎ᠦᠨ ᠥᠷᠲᠡᠭ᠎ᠢ ᠪᠠᠭᠤᠷᠠᠭᠤᠯᠵᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌ ᠲᠠᠢ ᠬᠠᠮᠳᠤᠷᠠᠭᠤᠯᠤᠨ᠂ ᠰᠢᠨᠵᠢᠯᠡᠬᠦ᠌ ᠤᠬᠠᠭᠠᠨᠴᠢ᠎ᠪᠠᠷ ᠦᠢᠯᠡᠳᠪᠤᠷᠢᠯᠡᠯ ᠵᠢᠡᠨ ᠵᠣᠬᠢᠶᠠᠨ ᠪᠠᠶ᠋ᠢᠭᠤᠯᠵᠤ ᠪᠠᠢᠷᠢᠯᠠᠭᠤᠯᠤᠨ᠂ ᠵᠠᠬ᠎ᠠ ᠳᠡᠯᠭᠡᠭᠦᠷ᠎ᠦᠨ ᠡᠵᠡᠩᠨᠡᠯᠲᠡ ᠪᠣᠷᠣᠯᠠᠭᠤᠯᠭ᠎ᠠ᠎ᠶᠢ ᠰᠢᠯᠢᠳᠡᠭᠵᠢᠭᠦᠯᠬᠦ᠌᠂ ᠥᠭᠡᠷᠡᠴᠢᠯᠡᠯᠲᠡ ᠬᠢᠵᠦ᠍ ᠰᠢᠨ᠎ᠡ᠎ᠶᠢ ᠡᠭᠦᠳᠬᠦ᠌᠎ᠶᠢ ᠭᠦᠨᠵᠡᠭᠡᠶ᠋ᠢᠷᠡᠭᠦᠯᠬᠦ᠌᠎ᠶᠢᠨ ᠬᠠᠮᠲᠤ᠌ ᠪᠦᠯᠦᠭᠯᠡᠯ᠎ᠦᠨ ᠬᠠᠮᠢᠶᠠᠷᠤᠯᠲᠠ ᠬᠢᠭᠡᠳ ᠲᠦᠭᠰᠢᠭᠦᠷᠢ᠎ᠶᠢ ᠰᠡᠷᠭᠡᠶ᠋ᠢᠯᠡᠨ ᠡᠵᠡᠮᠳᠡᠬᠦ᠌᠎ᠶᠢ ᠴᠢᠩᠭᠠᠳᠬᠠᠵᠤ᠂ ᠭᠤᠤᠯᠳᠠᠯᠭ᠎ᠠ᠎ᠲᠠᠶ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ ᠪᠠ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠶ᠋ᠢᠵᠢᠭᠤᠯᠬᠤ᠎ᠶᠢ ᠵᠡᠷᠭᠡ᠎ᠪᠡᠷ ᠠᠬᠢᠭᠤᠯᠬᠤ᠎ᠪᠠᠷ ᠳᠠᠮᠵᠢᠭᠤᠯᠤᠨ᠂ ᠰᠠᠶ᠋ᠢᠨ ᠰᠠᠶ᠋ᠢᠬᠠᠨ ᠠᠵᠤ ᠦᠢᠯᠡᠰ᠎ᠦᠨ ᠬᠡᠯᠬᠢᠶᠡᠨ᠎ᠤ ᠥᠷᠲᠡᠭ᠎ᠦᠨ ᠪᠦᠲᠦᠭᠡᠯᠴᠢ ᠬᠦᠴᠦᠨ ᠪᠠ ᠭᠤᠤᠯᠯᠠᠬᠤ ᠥᠷᠢᠰᠥᠯᠳᠦᠬᠦ᠌ ᠬᠦᠴᠦᠨ᠎ᠢᠶᠡᠷ ᠰᠢᠯᠢᠳᠡᠭ ᠡᠵᠡᠩᠨᠡᠯᠲᠡ᠎ᠶᠢᠨ ᠪᠦᠲᠦᠮᠵᠢ ᠤᠯᠬᠤ᠎ᠳᠤ ᠪᠠᠲᠤᠯᠠᠭ᠎ᠠ ᠬᠠᠩᠭᠠᠬᠰᠠᠨ ᠪᠠᠢᠨ᠎ᠠ᠃

ᠳᠡᠭᠡᠷ᠎ᠡ ᠬᠠᠭᠠᠰ ᠵᠢᠯ᠎ᠳᠦ ᠤᠮᠠᠷᠠᠲᠤ᠎ᠶᠢᠨ ᠬᠣᠪᠣᠷ ᠰᠢᠷᠣᠶ᠎ᠶᠢᠨ ᠺᠤᠮᠫᠠᠨᠢ ᠵᠢᠨ ᠦᠢᠯᠡᠳᠪᠦᠷᠢᠯᠡᠯ ᠡᠵᠡᠩᠨᠡᠯᠲᠡ᠎ᠶᠢᠨ ᠬᠢᠯᠠᠰ ᠴᠡᠭ ᠵᠠᠯᠭᠠᠭ᠎ᠠ᠎ᠪᠠᠷ ᠢᠯᠡᠷᠡᠵᠦ᠍᠂ ᠭᠤᠤᠯ ᠪᠣᠯᠬᠤ ᠦᠢᠯᠡᠳᠬᠦᠨ᠎ᠦ ᠦᠢᠯᠡᠳᠪᠦᠷᠢᠯᠡᠯ᠎ᠤᠨ ᠬᠡᠮᠵᠢᠶ᠎ᠡ᠎ᠨᠢ ᠴᠥᠮ ᠠᠳᠠᠯᠢ ᠬᠤᠭᠤᠴᠠᠭᠠᠨ᠎ᠤ ᠲᠡᠦᠬᠡ᠎ᠶᠢᠨ ᠬᠠᠮᠤᠭ᠎ᠤᠨ ᠥᠨᠳᠥᠷ ᠲᠦᠪᠰᠢᠨ᠎ᠳᠦ ᠬᠦᠷᠴᠡᠶ᠃ ᠡᠭᠦᠨ᠎ᠳᠦ ᠬᠠᠶ᠋ᠢᠯᠤᠭᠤᠯᠤᠨ ᠰᠠᠯᠭᠠᠭᠰᠠᠨ ᠦᠢᠯᠡᠳᠬᠦᠨ᠂ ᠲᠡᠮᠦᠷᠯᠢᠭ ᠦᠢᠯᠡᠳᠬᠦᠨ᠂ ᠬᠣᠪᠣᠷ ᠰᠢᠷᠣᠶ᠎ᠶᠢᠨ ᠰᠢᠨ᠎ᠡ ᠮᠠᠲ᠋ᠧᠷᠢᠶᠠᠯ᠎ᠤᠨ ᠦᠢᠯᠡᠳᠪᠦᠷᠢᠯᠡᠯ᠎ᠤᠨ ᠬᠡᠮᠵᠢᠶ᠎ᠡ ᠨᠢ ᠴᠥᠮ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ; ᠬᠣᠪᠣᠷ ᠰᠢᠷᠣᠶ᠎ᠶᠢᠨ ᠲᠡᠮᠦᠷᠯᠢᠭ ᠦᠢᠯᠡᠳᠬᠦᠨ᠂ ᠰᠣᠷᠢᠨᠵᠢᠨ ᠴᠢᠨᠠᠷᠲᠠᠶ ᠮᠠᠲ᠋ᠧᠷᠢᠶᠠᠯ᠎ᠤᠨ ᠪᠣᠷᠣᠯᠠᠭᠤᠯᠭ᠎ᠠ᠎ᠶᠢᠨ ᠬᠡᠮᠵᠢᠶ᠎ᠡ ᠲᠣᠭᠲᠠᠭᠤᠨ᠎ᠢᠶᠠᠷ ᠳᠡᠭᠡᠭᠰᠢᠯᠡᠵᠦ᠍᠂ ᠤᠯᠤᠰ᠎ᠤᠨ ᠳᠣᠲᠣᠭᠠᠳᠤ᠎ᠶᠢᠨ ᠰᠣᠷᠢᠨᠵᠢᠨ ᠮᠠᠲ᠋ᠧᠷᠢᠶᠠᠯ᠎ᠤᠨ ᠳᠠᠭᠠᠭᠤᠯᠤᠭᠴᠢ ᠠᠵᠤ ᠠᠬᠤᠶ᠋ᠢᠯᠠᠯ᠎ᠤᠨ ᠬᠠᠩᠭᠠᠯᠭ᠎ᠠ᠎ᠶᠢ ᠪᠦᠬᠦᠨ᠎ᠢ ᠪᠦᠷᠭᠦᠭᠦᠯᠵᠡᠢ; ᠯᠠᠨᠲ᠋ᠠᠨ ᠼᠧᠷᠢ ᠲᠥᠷᠥᠯ᠎ᠦᠨ ᠦᠢᠯᠡᠳᠬᠦᠨ ᠵᠡᠷᠭᠡ ᠵᠢᠨ ᠪᠣᠷᠣᠯᠠᠭᠤᠯᠭ᠎ᠠ᠎ᠶᠢᠨ ᠬᠡᠮᠵᠢᠶ᠎ᠡ ᠠᠳᠠᠯᠢ ᠬᠤᠭᠤᠴᠠᠭᠠᠨ᠎ᠤ᠎ᠬᠢ᠎ᠡᠴᠡ ᠶᠡᠬᠡ ᠬᠡᠮᠵᠢᠶ᠎ᠡ᠎ᠪᠡᠷ ᠨᠡᠮᠡᠭᠳᠡᠭᠰᠡᠨ ᠪᠠᠢᠨ᠎ᠠ᠃

ᠮᠡᠷᠭᠡᠵᠢᠯ᠎ᠦᠨ ᠰᠢᠨ᠎ᠡ᠎ᠶᠢ ᠡᠭᠦᠳᠬᠦ᠌ ᠲᠠᠯ᠎ᠠ᠎ᠪᠠᠷ ᠦᠷ᠎ᠡ ᠪᠦᠲᠦᠭᠡᠯ ᠦᠷᠭᠦᠯᠵᠢᠯᠡᠨ ᠴᠣᠯᠭᠣᠷᠠᠵᠤ᠂ ᠣᠳᠣᠬᠠᠨ ᠪᠣᠯᠲᠠᠯ᠎ᠠ ᠲᠤᠰ ᠺᠣᠮᠫᠠᠨᠢ᠎ᠮᠤᠵᠢ ᠶᠠᠮᠤᠨ᠎ᠤ ᠲᠠᠰ ᠵᠢᠴᠢ ᠲᠡᠭᠦᠨ᠎ᠡᠴᠡ ᠳᠡᠭᠡᠭᠰᠢᠬᠢ ᠭᠤᠤᠯᠳᠠᠯᠭ᠎ᠠ᠎ᠲᠠᠶ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ 18 ᠲᠥᠷᠥᠯ ᠵᠦᠢᠯ᠎ᠳᠦ ᠣᠷᠣᠯᠴᠠᠵᠤ᠂ 14 ᠲᠤᠰᠬᠠᠶ ᠠᠰᠢᠭ᠎ᠤᠨ ᠡᠷᠬᠡ ᠣᠯᠵᠤ᠂ 2 ᠠᠵᠢᠯ ᠲᠥᠷᠥᠯ᠎ᠦᠨ ᠪᠠᠷᠢᠮᠵᠢᠶ᠎ᠠ᠎ᠶᠢ ᠲᠦᠷᠦᠭᠦᠯᠡᠨ ᠲᠣᠭᠲᠠᠭᠠᠵᠤ ᠵᠠᠰᠠᠪᠤᠷᠢ ᠣᠷᠣᠭᠤᠯᠬᠤ᠎ᠳᠤ ᠣᠷᠣᠯᠴᠠᠪᠠ᠃ ᠡᠭᠦᠨ᠎ᠦ ᠬᠠᠮᠲᠤ᠌ ᠪᠡᠶ᠎ᠡ᠎ᠪᠡᠨ ᠳᠠᠭᠠᠭᠠᠵᠤ᠂ 5 ᠵᠦᠢᠯ᠎ᠦᠨ ᠰᠢᠨ᠎ᠡ ᠲᠣᠨᠣᠭ ᠲᠥᠬᠥᠭᠡᠷᠦᠮᠵᠢ᠎ᠶᠢ ᠰᠤᠳᠤᠯᠤᠨ ᠨᠡᠭᠡᠭᠡᠵᠦ᠍᠂ ᠪᠠᠢᠳᠠᠯ᠎ᠳᠤᠨᠢ ᠳᠤᠬᠢᠷᠠᠭᠤᠯᠤᠭᠰᠠᠨ᠂ ᠦᠪᠡᠷᠮᠢᠴᠡ ᠣᠨᠴᠠᠯᠢᠭᠲᠤ᠌ 20 ᠵᠦᠢᠯ᠎ᠦᠨ ᠰᠢᠨ᠎ᠡ ᠦᠢᠯᠡᠳᠬᠦᠨ᠎ᠢ ᠰᠤᠳᠤᠯᠵᠤ ᠭᠠᠷᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号