ᠤᠯᠠᠭᠠᠨᠴᠠᠪ ᠬᠣᠲᠠ᠎ᠶᠢᠨ ᠭᠠᠳᠠᠭᠠᠳᠤ ᠡᠴᠡ ᠤᠷᠤᠭᠤᠯᠵᠤ ᠭᠠᠳᠠᠭᠠᠳᠤ᠎ᠳᠤ ᠭᠠᠷᠭᠠᠭᠰᠠᠨ ᠬᠡᠮᠵᠢᠶ᠎ᠠ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ
2026-08-19 10:56:11
ᠵᠣᠬᠢᠶᠠᠭ᠍ᠴᠢ᠄
ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ ᠰᠤᠷᠪᠤᠯᠵᠢᠯᠠᠭᠴᠢ ᠵᠢᠨᠢᠩ ᠪᠣᠭᠣᠮᠲᠠ᠎ᠠᠴᠠ ᠣᠶ᠋ᠢᠯᠠᠭᠠᠭᠰᠠᠨ᠎ᠢᠶᠠᠷ᠂ ᠡᠨᠡ ᠵᠢᠯ᠎ᠦᠨ ᠲᠡᠭᠡᠷ᠎ᠠ ᠬᠠᠭᠠᠰ ᠵᠢᠯ᠎ᠳᠤ ᠤᠯᠠᠭᠠᠨᠴᠠᠪ ᠬᠣᠲᠠ᠎ᠶᠢᠨ ᠭᠠᠳᠠᠭᠠᠳᠤ ᠡᠴᠡ ᠤᠷᠤᠭᠤᠯᠵᠤ ᠭᠠᠳᠠᠭᠠᠳᠤ᠎ᠳᠤ ᠭᠠᠷᠭᠠᠭᠰᠠᠨ ᠶᠡᠷᠦᠩᠬᠡᠶ ᠥᠷᠲᠡᠭ 23.5 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 24.5%ᠪᠠᠷ ᠨᠡᠮᠡᠭᠳᠡᠵᠦ᠍᠂ ᠨᠡᠮᠡᠭᠳᠡᠯ᠎ᠦᠨ ᠬᠤᠷᠳᠤᠴᠠ᠎ᠨᠢ 2020 ᠣᠨ᠎ᠠᠴᠠ ᠨᠠᠭᠠᠰᠢᠬᠢ ᠠᠳᠠᠯᠢ ᠬᠤᠭᠤᠴᠠᠭᠠᠨ᠎ᠤ᠎ᠬᠢ᠎ᠡᠴᠡ ᠬᠠᠮᠤᠭ᠎ᠤᠨ ᠲᠦᠷᠭᠡᠨ ᠪᠣᠯᠵᠣ᠂ ᠤᠯᠠᠭᠠᠨᠴᠠᠪ ᠬᠣᠲᠠ᠎ᠶᠢᠨ ᠠᠵᠤ ᠠᠬᠤᠶ᠎ᠶᠢᠨ ᠬᠥᠭᠵᠢᠯᠲᠡ᠎ᠳᠦ ᠥᠷᠨᠢᠭᠦᠨ ᠬᠥᠳᠡᠯᠭᠡᠬᠦ᠌ ᠬᠦᠴᠦᠨ ᠨᠡᠮᠡᠷᠢᠯᠡᠪᠡ᠃

ᠭᠠᠳᠠᠭᠠᠳᠤ ᠡᠴᠡ ᠤᠷᠤᠭᠤᠯᠵᠤ ᠭᠠᠳᠠᠭᠠᠳᠤ᠎ᠳᠤ ᠭᠠᠷᠭᠠᠭᠰᠠᠨ ᠪᠦᠲᠦᠴᠡ᠎ᠡᠴᠡ ᠦᠵᠡᠪᠡᠯ᠂ ᠤᠯᠠᠭᠠᠨᠴᠠᠪ ᠬᠣᠲᠠ᠎ᠶᠢᠨ ᠭᠠᠳᠠᠭᠠᠳᠤ ᠠᠷᠠᠯᠵᠢᠶᠠᠨ᠎ᠤ ᠭᠠᠳᠠᠭᠠᠳᠤ ᠭᠠᠷᠭᠠᠯᠲᠠ᠎ᠶᠢᠨ ᠤᠶᠠᠨ ᠬᠠᠲᠠᠨ ᠴᠢᠨᠠᠷ ᠦᠷᠭᠦᠯᠵᠢᠯᠡᠨ ᠴᠢᠩᠭᠠᠷᠠᠵᠤ᠂ ᠪᠥᠬᠥ᠌ ᠬᠣᠲᠠ᠎ᠶᠢᠨ ᠭᠠᠳᠠᠭᠠᠳᠤ ᠠᠷᠠᠯᠵᠢᠶᠠᠨ᠎ᠤ 《ᠰᠠᠭᠤᠷᠢ ᠴᠢᠯᠠᠭᠤ》 ᠪᠣᠯᠤᠭᠰᠠᠨ᠎ᠤ ᠬᠤᠪᠢ᠎ᠳᠤ ᠳᠡᠭᠡᠷ᠎ᠡ ᠬᠠᠭᠠᠰ ᠵᠢᠯ᠎ᠦᠨ ᠭᠠᠳᠠᠭᠠᠳᠤ ᠭᠠᠷᠭᠠᠯᠲᠠ᠎ᠶᠢᠨ ᠶᠡᠷᠦᠩᠬᠡᠶ ᠥᠷᠲᠡᠭ 17.5 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 13.9%᠎ᠪᠠᠷ ᠨᠡᠮᠡᠭᠳᠡᠵᠦ᠍᠂ ᠲᠣᠭᠲᠠᠭᠤᠨ᠎ᠢᠶᠠᠷ ᠨᠡᠮᠡᠭᠳᠡᠬᠦ᠌ ᠪᠠᠶ᠋ᠢᠳᠠᠯ᠎ᠢᠶᠠᠨ ᠪᠠᠲᠤᠯᠠᠪᠠ᠃ ᠭᠠᠳᠠᠭᠠᠳᠤ ᠣᠷᠣᠭᠤᠯᠤᠯᠲᠠ᠎ᠵᠢᠨ ᠪᠠᠢᠳᠠᠯ ᠤᠨᠴᠠᠭᠠᠢ ᠰᠠᠢᠨ ᠪᠠᠢᠵᠤ᠂ ᠭᠠᠳᠠᠭᠠᠳᠤ ᠣᠷᠣᠭᠤᠯᠤᠯᠲᠠ᠎ᠶᠢᠨ ᠥᠷᠲᠡᠭ ᠠᠳᠠᠯᠢ ᠬᠤᠭᠤᠴᠠᠭᠠᠨ᠎ᠤ᠎ᠬᠢ᠎ᠡᠴᠡ 71.7%᠎ᠪᠠᠷ ᠨᠡᠮᠡᠭᠳᠡᠪᠡ᠃ ᠡᠭᠦᠨ᠎ᠳᠦ ᠾᠷᠣᠮ᠂ ᠮᠠᠩᠭᠠᠨ᠎ᠤ ᠬᠦᠳᠡᠷ᠎ᠢ ᠣᠷᠣᠭᠤᠯᠤᠭᠰᠠᠨ ᠬᠡᠮᠵᠢᠶ᠎ᠠ 4 ᠳ᠋ᠦᠩᠰᠢᠭᠤᠷ ᠲᠥᠭᠥᠷᠢᠭ᠎ᠢ ᠳᠠᠪᠠᠵᠤ᠂ ᠭᠠᠳᠠᠭᠠᠳᠤ ᠣᠷᠣᠭᠤᠯᠤᠯᠲᠠ᠎ᠶᠢᠨ ᠨᠡᠮᠡᠭᠳᠡᠯ᠎ᠢ ᠳᠠᠶ᠋ᠢᠴᠢᠯᠠᠭᠰᠠᠨ ᠭᠤᠤᠯ ᠬᠥᠳᠡᠯᠭᠡᠬᠦ᠌ ᠬᠦᠴᠦᠨ ᠪᠣᠯᠵᠠᠶ᠃ ᠠᠷᠭ᠎ᠠ ᠲᠦᠢᠯ ᠤ᠋ᠨ ᠢᠯᠳᠡᠰᠤ᠂ ᠬᠢᠮᠢ᠎ᠶᠢᠨ ᠪᠦᠲᠦᠭᠡᠭᠳᠡᠬᠦᠨ᠂ ᠲᠠᠷᠢᠶᠠᠯᠠᠩ᠎ᠤᠨ ᠪᠦᠲᠦᠭᠡᠭᠳᠡᠬᠦᠨ ᠵᠢᠴᠢ ᠲᠡᠮᠦᠷ᠎ᠦᠨ ᠬᠠᠶ᠋ᠢᠯᠤᠰᠢ ᠵᠡᠷᠭᠡ ᠲᠤᠯᠭᠠᠭᠤᠷᠢ ᠠᠵᠤ ᠤᠢᠯᠡᠰ᠎ᠦᠨ ᠭᠠᠳᠠᠭᠠᠳᠤ ᠣᠷᠣᠭᠤᠯᠤᠯᠲᠠ ᠭᠠᠳᠠᠭᠠᠳᠤ ᠭᠠᠷᠭᠠᠯᠲᠠ ᠦᠷᠭᠦᠯᠵᠢᠯᠡᠨ ᠲᠦᠷᠭᠡᠨ ᠨᠡᠮᠡᠭᠳᠡᠬᠦ ᠪᠠᠢᠳᠠᠯ ᠵᠢᠡᠨ ᠪᠠᠲᠤᠯᠠᠪᠠ᠃ ᠡᠭᠦᠨ᠎ᠳᠦ ᠲᠡᠮᠦᠷ᠎ᠦᠨ ᠬᠠᠶ᠋ᠢᠯᠤᠰᠢ᠎ᠶᠢᠨ ᠭᠠᠳᠠᠭᠠᠳᠤ ᠭᠠᠷᠭᠠᠯᠲᠠ ᠠᠳᠠᠯᠢ ᠬᠤᠭᠤᠴᠠᠭᠠᠨ᠎ᠤ᠎ᠬᠢ᠎ᠡᠴᠡ 123.5%᠎ᠪᠠᠷ ᠨᠡᠮᠡᠭᠳᠡᠵᠦ᠍᠂ ᠭᠠᠳᠠᠭᠠᠳᠤ ᠠᠷᠠᠯᠵᠢᠶᠠᠨ᠎ᠤ ᠨᠡᠮᠡᠭᠳᠡᠯ᠎ᠢ ᠳᠠᠶ᠋ᠢᠴᠢᠯᠠᠬᠤ ᠴᠢᠬᠤᠯᠠ ᠨᠢᠭᠡ ᠭᠣᠭᠴᠣᠭ᠎ᠠ ᠪᠣᠯᠵᠠᠶ᠃

ᠭᠠᠳᠠᠭᠠᠳᠤ ᠠᠷᠠᠯᠵᠢᠶᠠᠨ᠎ᠤ ᠲᠠᠯ᠎ᠠ ᠪᠡᠷ ᠤᠯᠤᠭᠰᠠᠨ ᠰᠠᠢᠨ ᠬᠢᠷᠢ ᠪᠦᠲᠦᠮᠵᠢ ᠨᠢ ᠵᠢᠨᠢᠩ ᠪᠣᠭᠣᠮᠲᠠ᠎ᠶᠢᠨ ᠨᠠᠷᠢᠨ ᠣᠨᠣᠪᠴᠢᠲᠠᠢ ᠥᠨᠳᠥᠷ ᠪᠦᠲᠦᠮᠵᠢᠲᠡᠢ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠠ ᠪᠠ ᠬᠠᠯᠠᠭᠤᠮᠰᠤᠭ ᠦᠢᠯᠡᠴᠢᠯᠡᠭᠡ᠎ᠡᠴᠡ ᠰᠠᠯᠵᠤ ᠴᠢᠳᠠᠬᠤ ᠦᠭᠡᠢ᠃ ᠵᠢᠯ ᠤ᠋ᠨ ᠡᠬᠢᠨ ᠡᠴᠡ ᠨᠠᠭᠠᠰᠢ᠂ ᠵᠢᠨᠢᠩ ᠪᠣᠭᠣᠮᠲᠠ᠎ᠠᠵᠤ ᠠᠬᠤᠶ᠋ᠢᠯᠠᠯ᠎ᠤᠨ ᠬᠥᠭᠵᠢᠯᠲᠡ᠎ᠶᠢᠨ ᠲᠠᠯ᠎ᠠ ᠵᠢᠨ ᠬᠦᠴᠢᠷᠳᠠᠯ᠂ ᠭᠠᠳᠠᠭᠠᠳᠤ ᠠᠷᠠᠯᠵᠢᠶᠠᠨ᠎ᠤ ᠪᠣᠭᠣᠮᠲᠠ᠎ᠪᠠᠷ ᠥᠩᠭᠡᠷᠡᠬᠦ᠌ ᠬᠦᠴᠢᠷᠳᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠷᠭ᠎ᠠ ᠪᠣᠳᠣᠯᠭ᠎ᠠ ᠵᠢ ᠣᠨᠣᠴᠠᠲᠠᠶ᠎ᠬᠡᠷᠡᠭᠵᠢᠭᠦᠯᠵᠦ᠍᠂ ᠬᠠᠨᠳᠤᠯᠭᠠᠲᠤ᠌ ᠴᠢᠨᠠᠷᠲᠠᠶ᠎ᠬᠠᠪᠰᠤᠷᠤᠯᠭ᠎ᠠ ᠦᠵᠡᠭᠦᠯᠦᠨ᠂ ᠪᠥᠬᠥ᠌ ᠬᠣᠲᠠ᠎ᠶᠢᠨ ᠭᠠᠳᠠᠭᠠᠳᠤ ᠠᠷᠠᠯᠵᠢᠶᠠᠨ᠎ᠤ ᠬᠡᠮᠵᠢᠶ᠎ᠠ᠎ᠶᠢ ᠲᠣᠭᠲᠠᠪᠤᠷᠢᠵᠢᠭᠤᠯᠬᠤ᠂ ᠪᠦᠲᠦᠴᠡ᠎ᠶᠢ ᠰᠢᠯᠢᠳᠡᠭᠵᠢᠭᠦᠯᠬᠦ᠌᠂ ᠴᠢᠳᠠᠪᠤᠷᠢ᠎ᠶᠢ ᠳᠡᠭᠡᠭᠰᠢᠯᠡᠭᠦᠯᠬᠦ᠌᠎ᠳᠦ ᠦᠷᠭᠦᠯᠵᠢᠯᠡᠨ ᠬᠦᠴᠦᠨ ᠨᠡᠮᠡᠷᠢᠯᠡᠪᠡ᠃ ᠭᠤᠤᠯᠳᠠᠯᠭ᠎ᠠ᠎ᠲᠠᠶ ᠬᠢᠨᠠᠨ ᠬᠠᠮᠢᠶᠠᠷᠴᠤ᠌ ᠪᠠᠶ᠋ᠢᠭ᠎ᠠ ᠲᠠᠸᠠᠷ ᠢ᠋ ᠬᠠᠷᠢᠶ᠎ᠠ ᠭᠠᠵᠠᠷ᠎ᠲᠤᠨᠢ ᠪᠠᠶ᠋ᠢᠴᠠᠭᠠᠬᠤ ᠪᠠ ᠲᠥᠷᠥ᠎ᠶᠢᠨ ᠪᠣᠳᠣᠯᠭ᠎ᠠ᠎ᠶᠢᠨ ᠵᠢᠯᠣᠭᠣᠳᠣᠯᠭ᠎ᠠ ᠬᠢᠬᠦ᠌᠎ᠶᠢ ᠴᠢᠩᠭᠠᠳᠬᠠᠵᠤ᠂ ᠪᠦᠲᠦᠭᠡᠭᠳᠡᠬᠦᠨ᠎ᠦ ᠶᠠᠰᠤ ᠴᠢᠨᠠᠷ᠎ᠤᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠬᠤ᠎ᠶᠢᠨ ᠬᠠᠮᠲᠤ᠌ ᠪᠠᠶ᠋ᠢᠴᠠᠭᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠵᠠᠢ᠃ ᠪᠣᠭᠣᠮᠲᠠ᠎ᠶᠢᠨ ᠭᠠᠶ᠋ᠢᠯᠢ᠎ᠶᠢᠨ ᠲᠦᠷᠦ᠎ᠶᠢᠨ ᠪᠤᠳᠤᠯᠭ᠎ᠠ᠎ᠶᠢᠨ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠵᠦ᠍᠂ ᠠᠵᠤ ᠠᠬᠤᠶ᠋ᠢᠯᠠᠯ᠎ᠢ ᠬᠠᠪᠰᠤᠷᠤᠨ᠂ ᠪᠣᠭᠣᠮᠲᠠ᠎ᠶᠢᠨ ᠭᠠᠶ᠋ᠢᠯᠢ᠎ᠶᠢ ᠬᠥᠩᠭᠡᠷᠡᠭᠦᠯᠬᠦ ᠲᠦᠷᠦ᠎ᠶᠢᠨ ᠪᠤᠳᠤᠯᠭ᠎ᠠ᠎ᠶᠢ ᠭᠦᠢᠴᠡᠳ ᠰᠠᠶ᠋ᠢᠲᠤᠷ ᠨᠠᠢᠲᠠᠪᠤᠷᠢᠵᠢᠭᠤᠯᠤᠨ᠂ ᠭᠠᠳᠠᠭᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠲᠠᠷᠤᠭᠠᠰᠤ ᠵᠢ ᠬᠦᠡᠭᠭᠡᠷᠡᠭᠦᠯᠬᠦ ᠳ᠋ᠤ ᠬᠦᠴᠦᠨ ᠨᠡᠮᠡᠷᠢᠯᠡᠭᠰᠠᠨ ᠪᠠᠢᠨ᠎ᠠ᠃ ᠠᠵᠤ ᠠᠬᠤᠶ᠋ᠢᠯᠠᠯ᠎ᠤᠨ ᠲᠣᠭᠲᠠᠭᠠᠯ᠎ᠳᠤ ᠨᠡᠶ᠋ᠢᠴᠡᠭᠰᠡᠨ ᠡᠵᠡᠩᠨᠡᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠢᠯᠠᠯ ᠨᠢᠭᠡᠪᠦᠷᠢ ᠵᠢᠨ ᠪᠤᠳᠠᠲᠠᠢ ᠪᠠᠢᠳᠠᠯ ᠳ᠋ᠤ ᠵᠤᠬᠢᠴᠠᠭᠤᠯᠤᠨ᠂ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠠ ᠠᠪᠴᠤ᠂ ᠠᠵᠤ ᠠᠬᠤᠶ᠋ᠢᠯᠠᠯ᠎ᠤᠨ ᠪᠣᠭᠣᠮᠲᠠ᠎ᠶᠢᠨ AEO ᠠᠵᠤ ᠠᠬᠤᠶ᠋ᠢᠯᠠᠯ᠎ᠤᠨ ᠭᠡᠷᠡᠴᠢᠯᠡᠭᠡ ᠵᠢ ᠦᠡᠭᠭᠡᠷᠡᠭᠦᠯᠬᠦ ᠳ᠋ᠤ ᠲᠤᠰᠠᠯᠠᠨ᠂ ᠠᠵᠤ ᠠᠬᠤᠶ᠋ᠢᠯᠠᠯ᠎ᠤᠨ ᠤᠯᠠᠨ ᠤᠯᠤᠰ᠎ᠲᠠᠬᠢ ᠦᠷᠢᠰᠦᠯᠳᠦᠬᠦ᠌ ᠬᠦᠴᠦᠨ᠎ᠢ  ᠳᠡᠭᠡᠭᠰᠢᠯᠡᠭᠦᠯᠬᠦ᠌᠎ᠳᠦ ᠬᠦᠴᠦᠨ ᠨᠡᠮᠡᠷᠢᠯᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号