ᠦᠪᠦᠷ ᠮᠤᠡᠭᠭᠤᠯ ᠤ᠋ᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠶᠡᠷᠦᠡᠭᠭᠡᠢ ᠥᠷᠲᠡᠭᠡ᠎ᠡᠴᠡ ᠣᠢᠯᠠᠭᠠᠭᠰᠠᠨ᠎ᠢᠶᠠᠷ᠂ 8 ᠰᠠᠷ᠎ᠠ᠎ᠶᠢᠨ 14 ᠤ᠋ ᠡᠳᠦᠷ ᠪᠣᠯᠲᠠᠯ᠎ᠠ᠂ ᠪᠤᠭᠤᠲᠤ᠎ᠶᠢᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ ᠨᠢ ᠮᠠᠨᠳᠤᠯ ᠪᠣᠭᠣᠮᠲᠠ᠎ᠶᠢᠨ 1002.09 ᠲᠦᠮᠡᠨ ᠲᠣᠨ ᠪᠠᠷᠠᠭ᠎ᠠ ᠦᠡᠭᠭᠡᠷᠡᠬᠦᠯᠬᠦ ᠳ᠋ᠤ ᠪᠠᠲᠤᠯᠠᠭ᠎ᠠ ᠬᠠᠡᠭᠭᠠᠵᠤ᠂ ᠠᠳᠠᠯᠢ ᠬᠤᠭᠤᠴᠠᠭᠠᠨ᠎ᠤ ᠬᠢ᠎ᠡᠴᠡ 21.48% ᠨᠡᠮᠡᠭᠳᠡᠵᠦ᠂ ᠬᠢᠯᠢ᠎ᠪᠡᠷ ᠣᠷᠣᠵᠤ ᠭᠠᠷᠬᠤ ᠬᠥᠮᠥᠰ᠎ᠢ ᠨᠡᠶ᠋ᠢᠲᠡ 16.78 ᠲᠦᠮᠡᠨ ᠬᠥᠮᠥᠨ ᠤᠳᠠᠭ᠎ᠠ ᠪᠠᠢᠴᠠᠭᠠᠨ ᠰᠢᠯᠭᠠᠵᠤ᠂ ᠬᠢᠯᠢ᠎ᠪᠡᠷ ᠣᠷᠣᠵᠤ ᠭᠠᠷᠬᠤ ᠵᠠᠮ ᠲᠡᠭᠡᠭᠡᠪᠦᠷᠢ᠎ᠶᠢᠨ ᠪᠠᠭᠠᠵᠢ᠎ᠶᠢ 16.1 ᠲᠦᠮᠡᠨ ᠤᠳᠠᠭ᠎ᠠ ᠪᠠᠢᠴᠠᠭᠠᠨ ᠰᠢᠯᠭᠠᠵᠤ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 154.95% ᠪᠠ 172.72% ᠨᠡᠮᠡᠭᠳᠡᠪᠡ᠃
ᠡᠨᠡ ᠵᠢᠯ᠎ᠡᠴᠡ ᠨᠠᠭᠠᠰᠢ᠂ ᠪᠤᠭᠤᠲᠤ᠎ᠶᠢᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ ᠨᠡᠭᠦᠳᠡᠯ ᠠᠷᠠᠳ᠎ᠤᠨ ᠬᠠᠮᠢᠶᠠᠷᠤᠯᠲᠠ ᠦᠢᠯᠡᠴᠢᠯᠡᠭᠡᠨ᠎ᠦ ᠥᠭᠡᠷᠡᠴᠢᠯᠡᠯᠲᠡ ᠪᠠ ᠲᠥᠷᠥ᠎ᠶᠢᠨ ᠪᠣᠳᠣᠯᠭ᠎ᠠ ᠳᠦᠷᠢᠮ᠎ᠦᠨ ᠰᠢᠨ᠎ᠡ᠎ᠶᠢ ᠡᠭᠦᠳᠬᠦ᠎ᠶᠢ ᠭᠦᠨᠵᠡᠭᠡᠢᠷᠡᠭᠦᠯᠪᠡ᠃ ᠲᠣᠰ ᠥᠷᠲᠡᠭᠡ ᠨᠢ ᠡᠭᠦᠷᠭᠡ ᠭᠦᠢᠴᠡᠳᠬᠡᠬᠦ ᠴᠠᠭᠳᠠᠭᠠᠨ᠎ᠤ ᠬᠦᠴᠦᠨ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠯᠡᠨ ᠲᠣᠬᠢᠷᠠᠭᠤᠯᠵᠤ᠂ ᠪᠣᠭᠣᠮᠲᠠ᠎ᠪᠠᠷ ᠥᠩᠭᠡᠷᠡᠬᠦ ᠦᠢᠯᠡᠴᠢᠯᠡᠭᠡᠨ᠎ᠦ ᠵᠠᠭᠪᠤᠷ᠎ᠢ ᠰᠢᠯᠢᠳᠡᠭᠵᠢᠭᠦᠯᠦᠨ᠂ ᠬᠢᠯᠢ᠎ᠶᠢᠨ ᠰᠢᠯᠭᠠᠨ ᠪᠠᠢᠴᠠᠭᠠᠬᠤ ᠦᠨᠡᠮᠯᠡᠯ ᠬᠢᠭᠡᠳ ᠪᠣᠭᠣᠮᠲᠠ᠎ᠶᠢᠨ ᠬᠢᠵᠢᠭ ᠪᠠᠢᠴᠠᠭᠠᠬᠤ 《ᠨᠢᠭᠡ ᠥᠷᠲᠡᠭᠡᠴᠢᠯᠡᠭᠰᠡᠨ ᠮᠠᠶᠢᠭ᠋》 ᠤ᠋ᠨ ᠠᠵᠢᠯ᠎ᠢ ᠠᠬᠢᠭᠤᠯᠵᠤ᠂ ᠪᠣᠭᠣᠮᠲᠠᠦᠡᠭᠭᠡᠷᠡᠬᠦ ᠳ᠋ᠤ ᠤᠷᠢᠳᠴᠢᠯᠠᠨ ᠪᠣᠯᠵᠣᠬᠤ᠂ ᠳᠡᠩᠰᠡᠯᠡᠵᠦ ᠰᠢᠯᠭᠠᠨ ᠪᠠᠢᠴᠠᠭᠠᠬᠤ ᠵᠡᠷᠭᠡ ᠲᠥᠬᠥᠮ ᠦᠵᠡᠭᠦᠯᠬᠦ ᠠᠷᠭ᠎ᠠ ᠬᠡᠮᠵᠢᠶ᠎ᠡ᠎ᠶᠢ ᠪᠥᠬᠥ ᠲᠠᠯ᠎ᠠ᠎ᠪᠠᠷ ᠬᠡᠷᠡᠭᠵᠢᠭᠦᠯᠪᠡ᠃ ᠪᠣᠭᠣᠮᠲᠠ᠎ᠶᠢᠨ ᠬᠢᠨᠠᠨ ᠰᠢᠯᠭᠠᠬᠤ ᠰᠢᠰᠲᠧᠮ᠎ᠢ ᠲᠠᠰ ᠳᠡᠪᠰᠢᠭᠦᠯᠬᠦ᠎ᠪᠡᠷ ᠳᠡᠮᠵᠢᠨ᠂ ᠵᠢᠯᠣᠭᠣᠴᠢ᠎ᠶᠢᠨ ᠲᠡᠷᠭᠡᠨ᠎ᠡᠴᠡ ᠪᠠᠭᠤᠬᠤ ᠤᠳᠠᠭ᠎ᠠ᠎ᠶᠢ 3 ᠤᠳᠠᠭ᠎ᠠ ᠪᠠᠢᠭᠰᠠᠨ᠎ᠠᠴᠠ ᠨᠢ 1 ᠤᠳᠠᠭ᠎ᠠ ᠪᠣᠯᠭᠠᠨ ᠪᠠᠭᠠᠰᠬᠠᠵᠤ᠂ ᠭᠠᠬᠴᠠ ᠲᠡᠷᠭᠡᠨ᠎ᠦ ᠪᠣᠭᠣᠮᠲᠠ᠎ᠪᠠᠷ ᠥᠩᠭᠡᠷᠡᠬᠦ ᠴᠠᠭ᠎ᠢ ᠳᠤᠮᠳᠠᠴᠢ᠎ᠪᠠᠷ 10 ᠮᠢᠨᠦ᠋ᠲ ᠪᠣᠭᠣᠨᠢᠰᠬᠠᠵᠤ᠂ ᠨᠢᠭᠡ ᠡᠳᠦᠷ᠎ᠦᠨ ᠪᠠᠷᠠᠭ᠎ᠠ ᠥᠩᠭᠡᠷᠡᠬᠦ ᠬᠡᠮᠵᠢᠶ᠎ᠡ᠎ᠶᠢ 8 ᠲᠦᠮᠡᠨ ᠲᠣᠨ᠎ᠢ ᠳᠠᠪᠠᠪᠠ᠃
ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠬᠠᠮᠲᠤ᠂ ᠲᠣᠰ ᠬᠢᠯᠢ᠎ᠶᠢᠨ ᠪᠠᠢᠴᠠᠭᠠᠬᠤ ᠥᠷᠲᠡᠭᠡ ᠪᠣᠭᠣᠮᠲᠠ᠎ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠪᠡ᠃ ᠵᠢᠯ᠎ᠦᠨ ᠳᠣᠲᠣᠷ᠎ᠠ ᠴᠠᠭᠳᠠᠭ᠎ᠠ ᠠᠵᠤ ᠠᠬᠤᠢᠯᠠᠯ᠎ᠤᠨ ᠶᠠᠷᠢᠯᠴᠠᠬᠤ ᠬᠤᠷᠠᠯ᠎ᠢ 3 ᠤᠳᠠᠭ᠎ᠠ ᠵᠣᠬᠢᠶᠠᠨ ᠪᠠᠢᠭᠤᠯᠤᠨ ᠬᠤᠷᠠᠯᠳᠤᠭᠤᠯᠵᠤ᠂ ᠠᠵᠤ ᠠᠬᠤᠢᠯᠠᠯ᠎ᠤᠨ ᠳᠤᠷᠠᠳᠤᠭᠰᠠᠨ ᠵᠦᠢ ᠵᠣᠬᠢᠰᠲᠠᠢ ᠰᠠᠨᠠᠭᠤᠯᠭ᠎ᠠ᠎ᠳᠤ ᠴᠢᠭᠯᠡᠭᠦᠯᠦᠨ᠂ ᠳᠠᠩᠰᠠᠯᠠᠬᠤ ᠭᠠᠷ ᠭᠦᠢᠴᠡᠳᠬᠡᠯ᠎ᠢ ᠤᠯᠠᠮ ᠨᠢᠭᠡ ᠠᠯᠬᠤᠮ ᠳᠥᠭᠥᠮᠴᠢᠯᠡᠵᠦ᠂ ᠭᠦᠢᠴᠡᠳᠬᠡᠬᠦ ᠶᠠᠪᠤᠴᠠ᠎ᠶᠢ ᠴᠣᠮᠬᠠᠳᠬᠠᠵᠤ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ᠎ᠶᠢ ᠪᠣᠭᠣᠨᠢᠰᠬᠠᠪᠠ᠃ ᠡᠭᠦᠨ᠎ᠦ ᠬᠠᠮᠲᠤ᠂ ᠪᠣᠭᠣᠮᠲᠠ᠎ᠶᠢᠨ 《ᠬᠥᠮᠥᠨ ᠲᠡᠷᠭᠡ ᠵᠡᠷᠭᠡ᠎ᠪᠡᠷ ᠨᠡᠮᠡᠭᠳᠡᠭᠰᠡᠨ》 ᠰᠢᠨ᠎ᠡ ᠪᠠᠢᠳᠠᠯ᠎ᠢ ᠴᠢᠩᠭ᠎ᠠ ᠠᠩᠬᠠᠷᠴᠤ᠂ ᠬᠢᠯᠢ᠎ᠳᠦ ᠣᠷᠣᠬᠤ ᠺᠠᠷᠲ᠎ᠢ ᠰᠦᠯᠵᠢᠶᠡᠨ ᠳᠡᠭᠡᠷ᠎ᠡ ᠲᠠᠭᠯᠠᠬᠤ᠂ ᠲᠡᠷᠭᠡᠨ᠎ᠦ ᠬᠡᠯᠪᠡᠷᠢ ᠬᠤᠪᠢᠶᠠᠨ ᠲᠦᠷᠭᠡᠨ ᠪᠠᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ᠎ᠪᠡᠷ ᠲᠠᠮᠵᠢᠨ᠂ ᠬᠢᠯᠢ᠎ᠪᠡᠷ ᠣᠷᠣᠵᠤ ᠭᠠᠷᠬᠤ ᠬᠥᠮᠥᠰ ᠪᠠ ᠵᠠᠮ ᠲᠡᠭᠡᠭᠡᠪᠦᠷᠢ᠎ᠶᠢᠨ ᠪᠠᠭᠠᠵᠢ᠎ᠶᠢᠨ ᠰᠠᠭᠠᠳ ᠦᠭᠡᠢ ᠨᠡᠪᠲᠡᠷᠡᠬᠦ᠎ᠳᠦ ᠤᠷᠢᠳᠴᠢᠯᠠᠨ ᠦᠢᠯᠡᠴᠢᠯᠡᠪᠡ᠃