ᠲᠠᠷᠢᠶᠠᠨ ᠭᠠᠵᠠᠷ ᠪᠤᠯ ᠠᠮᠤ ᠪᠤᠳᠠᠭᠠᠨ᠎ᠤ ᠦᠢᠯᠡᠳᠪᠦᠷᠢᠯᠡᠯ᠎ᠦᠨ ᠠᠮᠢᠨ ᠰᠤᠳᠠᠰᠤ ᠪᠠᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ ᠨᠢ ᠨᠠᠩ ᠴᠤ᠌ ᠠᠮᠤ ᠪᠤᠳᠠᠭᠠᠨ᠎ᠤ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠬᠤ᠂ ᠲᠠᠷᠢᠶᠠᠯᠠᠩ᠎ᠤᠨ ᠴᠢᠨᠠᠷ ᠰᠠᠢᠲᠠᠢ ᠬᠥᠭᠵᠢᠯᠲᠡ᠎ᠳ᠋ᠤ ᠬᠦᠴᠦ ᠨᠡᠮᠡᠷᠢᠯᠡᠬᠦ ᠭᠣᠣᠯ ᠭᠠᠷᠳᠠᠴᠠ ᠪᠤᠯᠤᠨ᠎ᠠ᠃ ᠣᠢᠷ᠎ᠠ᠎ᠶᠢᠨ ᠵᠢᠯ᠎ᠡᠴᠡ ᠨᠠᠭᠠᠰᠢ ᠠᠤᠬᠠᠨ ᠬᠣᠰᠢᠭᠤ 《ᠬᠦᠷᠦᠰᠦ ᠵᠢ ᠰᠢᠮᠡᠵᠢᠬᠦᠯᠦᠨ᠂ ᠮᠡᠷᠭᠡᠵᠢᠯ ᠢ᠋ ᠲᠡᠭᠡᠭᠰᠢᠯᠡᠬᠦᠯᠵᠦ᠂ ᠲᠠᠷᠢᠶᠠᠨ ᠭᠠᠵᠠᠷ ᠤ᠋ᠨ ᠤᠨᠠᠯᠳᠠ ᠵᠢ ᠨᠡᠮᠡᠭᠳᠡᠭᠦᠯᠬᠦ》 ᠪᠠᠢᠯᠳᠤᠬᠤ ᠪᠣᠳᠣᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠢᠨᠵᠧᠨᠧᠷᠢᠩ ᠪᠣᠯᠭᠠᠨ ᠠᠳᠬᠤᠵᠤ᠂ ᠬᠦᠴᠦᠨ᠎ᠢᠶᠡᠨ ᠲᠥᠪᠯᠡᠷᠡᠭᠦᠯᠦᠨ ᠪᠣᠭᠣᠮᠲᠠ ᠰᠢᠪᠲᠤᠯᠬᠤ᠎ᠶᠢ ᠠᠬᠢᠭᠤᠯᠵᠤ ᠪᠤᠢ᠃
ᠰᠤᠷᠪᠤᠯᠵᠢᠯᠠᠭᠴᠢ ᠲᠦᠷᠦᠭᠦᠬᠡᠨ ᠹᠸᠩ ᠱᠸᠤ ᠰᠢᠶᠠᠩ᠎ᠤᠨ ᠴᠠᠭᠠᠨ ᠰᠤᠪᠤᠷᠭ᠎ᠠ ᠲᠣᠰᠬᠣᠨ᠎ᠳᠤ ᠬᠦᠷᠬᠦ ᠳ᠋ᠦ᠂ ᠲᠦᠪᠯᠡᠷᠡᠨ ᠵᠠᠯᠭᠠᠯᠳᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠬᠥᠪᠡᠭᠡ ᠬᠢᠵᠠᠭᠠᠷ ᠨᠢ ᠬᠠᠷᠠᠭᠳᠠᠬᠤ ᠦᠭᠡᠢ ᠨᠡᠯᠤᠢᠵᠤ᠂ ᠮᠠᠰᠢᠨᠮᠸᠬᠠᠨᠢᠭ ᠰᠦᠯᠵᠢᠯᠳᠦᠭᠡᠳ᠂ ᠣᠳᠣᠬᠢᠴᠢᠯᠠᠭᠰᠠᠨ ᠲᠠᠷᠢᠶᠠᠯᠠᠩ ᠦᠢᠯᠡᠳᠪᠦᠷᠢᠯᠡᠯ᠎ᠦᠨ ᠠᠵᠢᠯ ᠬᠦᠭᠵᠢᠶᠡᠨᠲᠡᠢ ᠶᠠᠪᠤᠭᠳᠠᠵᠤ ᠪᠠᠢᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠥᠭᠡᠷᠡᠴᠢᠯᠡᠨ ᠰᠠᠢᠵᠢᠷᠠᠭᠤᠯᠬᠤ ᠲᠥᠷᠥᠯ ᠵᠦᠢᠯ᠎ᠢ ᠨᠠᠢᠳᠠᠪᠤᠷᠢᠵᠢᠭᠤᠯᠤᠨ ᠬᠡᠷᠡᠭᠵᠢᠭᠦᠯᠬᠦ᠎ᠶᠢ ᠳᠠᠭᠠᠯᠳᠤᠨ᠂ ᠲᠤᠬᠠᠢ᠎ᠶᠢᠨ ᠭᠠᠵᠠᠷ ᠭᠠᠵᠠᠷ ᠰᠢᠷᠣᠢ ᠲᠡᠭᠰᠢᠯᠡᠬᠦ᠂ ᠲᠠᠷᠢᠶᠠᠨ ᠭᠠᠵᠠᠷ᠎ᠢ ᠨᠡᠢᠳᠬᠡᠬᠦ᠂ ᠲᠥᠬᠦᠭᠡᠷᠦᠮᠵᠢ ᠬᠡᠷᠡᠭᠰᠡᠯ᠎ᠢ ᠪᠦᠷᠢᠳᠦᠭᠦᠯᠬᠦ᠎ᠪᠡᠷ ᠳᠠᠮᠵᠢᠭᠤᠯᠵᠤ᠂ ᠲᠠᠷᠢᠶᠠᠯᠠᠭ᠎ᠠ ᠵᠢᠨ ᠤᠯᠠᠮᠵᠢᠯᠠᠯᠲᠤ ᠠᠷᠭ᠎ᠠ ᠪᠠᠷᠢᠯ ᠤ᠋ᠨ ᠬᠢᠵᠠᠭᠠᠷᠯᠠᠯ ᠢ᠋ ᠲᠤᠢᠯᠪᠤᠷᠢᠲᠠᠢ ᠡᠪᠳᠡᠵᠦ᠂ ᠲᠠᠷᠢᠶᠠᠯᠠᠩ᠎ᠤᠨ ᠮᠠᠰᠢᠨᠴᠢᠯᠠᠯᠲᠠ ᠵᠢ ᠪᠡᠶᠡᠯᠡᠭᠦᠯᠦᠭᠰᠡᠨ ᠪᠠᠢᠨ᠎ᠠ᠃
ᠰᠧ ᠳ᠋ᠣᠣ ᠸᠠᠨ ᠽᠢ ᠪᠠᠯᠭᠠᠰᠤᠨ᠎ᠤ ᠡᠯ ᠳ᠋ᠣᠣ ᠸᠠᠨ ᠽᠢ ᠲᠣᠰᠬᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠦᠷᠦᠯ ᠵᠦᠢᠯ᠎ᠦᠨ ᠲᠤᠭᠤᠷᠢᠭ ᠲᠦ᠍ ᠤᠰᠤᠯᠠᠯᠲᠠ᠎ᠶᠢᠨ ᠵᠠᠭᠪᠤᠷ ᠢ᠋ ᠰᠢᠨᠡᠴᠢᠯᠡᠨ᠂ ᠲᠠᠷᠢᠶᠠᠨ ᠭᠠᠵᠠᠷ᠎ᠤᠨ ᠲᠥᠬᠦᠭᠡᠷᠦᠮᠵᠢ ᠬᠡᠷᠡᠭᠰᠡᠯ᠎ᠢ ᠲᠡᠭᠦᠯᠳᠡᠷᠵᠢᠬᠦᠯᠦᠭᠰᠡᠨ ᠡᠴᠡ ᠲᠠᠷᠢᠶᠠᠴᠢᠳ ᠲᠠᠷᠢᠶ᠎ᠠ ᠲᠠᠷᠢᠬᠤ ᠳ᠋ᠦ 《ᠲᠡᠭᠷᠢ ᠵᠢᠨ ᠴᠢᠷᠠᠢ ᠵᠢ ᠬᠠᠷᠠᠳᠠᠭ》 ᠪᠠᠢᠭᠰᠠᠨ ᠬᠦᠴᠢᠷᠳᠡᠯ᠎ᠡᠴᠡ ᠲᠤᠢᠯᠪᠤᠷᠢᠲᠠᠢ ᠠᠩᠭᠢᠵᠢᠷᠠᠵᠠᠢ᠃ ᠡᠯ ᠳ᠋ᠣᠣ ᠸᠠᠨ ᠽᠢ ᠲᠣᠰᠬᠣᠨ᠎ᠤ ᠨᠠᠮ᠎ᠤᠨ ᠡᠭᠦᠷ᠎ᠦᠨ ᠱᠦᠵᠢ ᠶᠠᠨ ᠯᠧᠢ ᠯᠧᠢ᠄ 《ᠮᠠᠨ᠎ᠤ ᠲᠣᠰᠬᠣᠨ 7900 ᠭᠠᠷᠤᠢ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢᠭᠤᠯᠵᠤ᠂ ᠲᠠᠷᠠᠬᠠᠢ ᠪᠤᠳᠠᠷᠬᠠᠢ ᠳᠠᠷᠢᠶᠠᠨ ᠭᠠᠵᠠᠷ᠎ᠢ ᠨᠡᠢᠯᠡᠭᠦᠯᠦᠨ᠂ ᠲᠣᠰᠬᠣᠨ᠎ᠤ ᠠᠷᠠᠳ᠎ᠤᠨ ᠲᠡᠷᠢᠶᠡᠨ ᠭᠠᠵᠠᠷ᠎ᠤᠨ ᠲᠦᠷᠢᠶᠡᠰᠦᠨ ᠮᠦᠨᠭᠭᠦ ᠵᠢᠨ ᠣᠷᠣᠯᠭ᠎ᠠ ᠲᠣᠭᠲᠠᠪᠤᠷᠢᠵᠢᠵᠤ᠂ ᠭᠠᠩ ᠪᠠ ᠤᠰᠤᠲᠤᠯ᠎ᠳᠤ ᠴᠤ᠌ ᠨᠥᠯᠥᠭᠡᠯᠡᠭᠳᠡᠬᠦ ᠦᠭᠡᠢ ᠪᠣᠯᠤᠯ᠎ᠠ᠂ ᠪᠠᠰᠠ ᠬᠦᠯᠦᠰᠦᠨ ᠠᠵᠢᠯ ᠬᠢᠬᠦ ᠴᠢᠯᠦᠭᠡ ᠲᠠᠢ ᠪᠤᠯᠬᠤᠷ ᠵᠢᠯ᠎ᠦᠨ ᠣᠷᠣᠯᠭ᠎ᠠ ᠦᠩᠭᠡᠷᠡᠭᠰᠡᠨ ᠤ᠋ ᠬᠢ ᠡᠴᠡ ᠳᠠᠬᠢᠨ ᠵᠢᠡᠷ ᠨᠡᠮᠡᠭᠳᠡᠵᠡᠢ》 ᠬᠡᠵᠤ ᠳᠠᠨᠢᠯᠴᠠᠭᠤᠯᠪᠠ᠃
ᠪᠦᠷᠢᠳᠬᠡᠯ᠎ᠢ ᠦᠨᠳᠦᠰᠦᠯᠡᠪᠡᠯ᠂ ᠶᠡᠬᠡ ᠤᠰᠤ᠎ᠪᠠᠷ ᠨᠠᠯᠤᠢᠲᠠᠯ᠎ᠠ ᠤᠰᠤᠯᠠᠬᠤ ᠤᠯᠠᠮᠵᠢᠯᠠᠯᠳᠤ ᠵᠠᠭᠪᠤᠷ᠎ᠲᠠᠢ ᠬᠠᠷᠢᠴᠠᠭᠤᠯᠪᠠᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠢᠯ᠎ᠦᠨ ᠲᠤᠭᠤᠷᠢᠬ᠎ᠤᠨ ᠤᠰᠤᠯᠠᠯᠲᠠ᠎ᠶᠢᠨ ᠦᠷ᠎ᠡ ᠪᠦᠲᠦᠮᠵᠢ ᠶᠡᠬᠡᠪᠡᠷ ᠳᠡᠭᠡᠭᠰᠢᠯᠡᠵᠦ᠂ ᠮᠦ᠍ ᠪᠦᠷᠢ ᠲᠠᠷᠢᠶᠠᠨ ᠳ᠋ᠦ 20% ᠡᠴᠡ ᠳᠡᠭᠡᠭᠰᠢ ᠤᠰᠤ ᠠᠷᠪᠢᠯᠠᠵᠤ᠂ ᠠᠮᠤ ᠪᠤᠳᠠᠭᠠᠨ᠎ᠤ ᠮᠦ᠍ ᠪᠦᠷᠢ᠎ᠶᠢᠨ ᠤᠨᠠᠯᠲᠠ 25% ᠡᠴᠡ ᠳᠡᠭᠡᠭᠰᠢ ᠨᠡᠮᠡᠭᠳᠡᠵᠦ᠂ ᠲᠠᠷᠢᠶᠠᠯᠠᠩ ᠦᠢᠯᠡᠳᠪᠦᠷᠢᠯᠡᠯ᠎ᠦᠨ ᠶᠠᠰᠤ ᠴᠢᠨᠠᠷ ᠳᠡᠭᠡᠭᠰᠢᠯᠡᠵᠦ ᠦᠷ᠎ᠡ ᠠᠰᠢᠭ᠋ ᠨᠡᠮᠡᠭᠲᠡᠭᠡᠳ᠂ ᠦᠷ᠎ᠡ ᠪᠦᠳᠦᠮᠵᠢ ᠮᠠᠰᠢ ᠢᠯᠡᠷᠬᠡᠢ ᠪᠤᠯᠵᠠᠢ᠃
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ ᠲᠠᠰ ᠳᠡᠪᠰᠢᠭᠦᠯᠦᠭᠰᠡᠨ ᠨᠢ ᠥᠷᠭᠡᠨ ᠣᠯᠠᠨ ᠲᠠᠷᠢᠶᠠᠴᠢᠨ ᠡᠷᠦᠬᠡ᠎ᠳᠦ ᠠᠰᠢᠭ᠋ ᠬᠦᠷᠲᠡᠭᠡᠭᠰᠡᠨ᠎ᠢᠶᠡᠷ ᠪᠠᠷᠠᠬᠤ ᠦᠭᠡᠢ᠂ ᠪᠠᠰᠠ ᠳᠤᠬᠠᠢ ᠵᠢᠨ ᠭᠠᠵᠠᠷ᠎ᠤᠨ ᠤᠯᠤᠰ ᠤ᠋ᠨ ᠦᠮᠴᠢᠯᠡᠯ ᠤ᠋ᠨ ᠠᠵᠤ ᠠᠬᠤᠢᠯᠠᠯ ᠤ᠋ᠨ ᠤᠳᠤ ᠦᠶ᠎ᠡ ᠵᠢᠨ ᠲᠠᠷᠢᠶᠠᠯᠠᠩ ᠢ᠋ ᠬᠡᠪᠴᠢᠶᠡᠵᠢᠬᠦᠯᠵᠦ ᠪᠠᠷᠢᠮᠵᠢᠶᠠᠵᠢᠭᠤᠯᠵᠤ ᠡᠷᠴᠢᠮᠵᠢᠬᠦᠯᠦᠨ ᠬᠦᠭᠵᠢᠬᠦᠯᠬᠦᠳ᠋ᠤ ᠰᠠᠭᠤᠷᠢ ᠲᠠᠯᠪᠢᠵᠤ᠂ ᠪᠥᠬᠥ ᠬᠣᠰᠢᠭᠤᠨ᠎ᠤ ᠲᠠᠷᠢᠶᠠᠯᠠᠩ᠎ᠢ ᠲᠠᠷᠠᠬᠠᠢ ᠪᠤᠲᠠᠷᠬᠠᠢ ᠵᠢᠵᠢᠭ ᠲᠠᠷᠢᠶᠠᠯᠠᠩ ᠦᠢᠯᠡᠳᠪᠦᠷᠢᠯᠡᠯ᠎ᠡᠴᠡ ᠬᠡᠪᠴᠢᠶᠡᠵᠢᠭᠰᠡᠨ ᠣᠲᠣ᠌ ᠦᠶ᠎ᠡ᠎ᠶᠢᠨ ᠲᠠᠷᠢᠶᠠᠯᠠᠩ ᠳᠠᠢᠰᠢ ᠬᠤᠪᠢᠷᠠᠭᠤᠯᠬᠤ᠎ᠶᠢ ᠠᠬᠢᠭᠤᠯᠪᠠ᠃ ᠠᠤᠬᠠᠨ ᠬᠣᠰᠢᠭᠤᠨ᠎ᠤ ᠯᠦᠩ ᠰᠢᠩ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠵᠠᠩ ᠬᠤᠤ᠄ 《ᠲᠦᠪᠯᠡᠷᠡᠬᠦᠯᠦᠨ ᠪᠠᠷᠢᠮᠵᠢᠶᠠᠵᠢᠭᠤᠯᠵᠤ ᠳᠠᠷᠢᠬᠤ ᠪᠥᠬᠥ ᠶᠠᠪᠤᠴᠠ᠎ᠳᠤ ᠮᠠᠰᠢᠨᠴᠢᠯᠠᠬᠤ᠎ᠶᠢ ᠪᠡᠶᠡᠯᠡᠭᠦᠯᠵᠦ᠂ ᠭᠠᠵᠠᠷ ᠰᠢᠷᠣᠢ᠎ᠶᠢᠨ ᠦᠢᠯᠡᠳᠪᠦᠷᠢᠯᠠᠯ ᠤ᠋ᠨ ᠴᠢᠳᠠᠪᠤᠷᠢ᠎ᠶᠢ ᠶᠡᠬᠡᠪᠡᠷ ᠳᠡᠭᠡᠭᠰᠢᠯᠡᠭᠦᠯᠵᠡᠢ᠃ ᠡᠩ᠎ᠦᠨ ᠲᠠᠷᠢᠶᠠᠨ ᠭᠠᠵᠠᠷ᠎ᠲᠠᠢ ᠬᠠᠷᠢᠴᠠᠭᠤᠯᠪᠠᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ 10% — 20% ᠪᠡᠷ ᠳᠡᠭᠡᠭᠰᠢᠯᠡᠵᠦ᠂ ᠥᠩᠭᠡᠷᠡᠭᠰᠡᠨ᠎ᠦ ᠳᠠᠷᠢᠶᠠᠯᠠᠩ ᠤ᠋ᠨ ᠪᠡᠷᠬᠡ ᠰᠡᠳᠦᠪ᠎ᠢ ᠲᠤᠢᠯᠪᠤᠷᠢᠲᠠᠢ ᠰᠢᠢᠳᠪᠦᠷᠢᠯᠡᠯᠠ》 ᠬᠡᠪᠡ᠃
ᠥᠩ ᠰᠢᠮᠡᠯᠢᠭ ᠬᠥᠷᠥᠰᠥ ᠰᠢᠷᠣᠢ ᠪᠣᠯ ᠲᠠᠷᠢᠶᠠᠨ ᠭᠠᠵᠠᠷ᠎ᠤᠨ ᠡᠯᠪᠡᠭ ᠬᠤᠷᠢᠶᠠᠯᠲᠠ ᠤᠯᠬᠤ ᠪᠠᠳᠤᠯᠠᠭ᠎ᠠ ᠮᠥᠨ᠃ ᠣᠳᠣᠬᠠᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠨᠢᠭᠡᠨᠲᠡ ᠠᠤᠬᠠᠨ ᠬᠣᠰᠢᠭᠤᠨ᠎ᠤ ᠠᠮᠤ ᠪᠤᠳᠠᠭᠠᠨ᠎ᠤ ᠤᠨᠠᠯᠲᠠ᠎ᠶᠢ ᠲᠣᠭᠲᠠᠪᠤᠷᠢᠵᠢᠭᠤᠯᠤᠨ ᠬᠤᠷᠢᠶᠠᠯᠳᠠ ᠵᠢ ᠨᠡᠮᠡᠭᠳᠡᠭᠦᠯᠬᠦ ᠰᠠᠭᠤᠷᠢ ᠪᠣᠯᠵᠤ᠂ ᠪᠥᠬᠥ ᠬᠣᠰᠢᠭᠤᠨ᠎ᠤ ᠲᠥᠷᠥᠯ ᠵᠦᠢᠯ᠎ᠦᠨ ᠳᠤᠭᠤᠷᠢᠭ ᠤ᠋ᠨ ᠠᠮᠤ ᠪᠤᠳᠠᠭᠠᠨ᠎ᠤ ᠮᠦ᠍ ᠳᠤᠮᠳᠠᠴᠢ᠎ᠶᠢᠨ ᠤᠨᠠᠯᠲᠠ ᠨᠢ 20% ᠡᠴᠡ ᠳᠡᠭᠡᠭᠰᠢ ᠨᠡᠮᠡᠭᠳᠡᠨ᠂ ᠴᠠᠭ ᠪᠠ ᠬᠦᠳᠡᠯᠮᠤᠷᠢ ᠬᠦᠴᠦ ᠵᠢ ᠠᠷᠪᠢᠯᠠᠨ᠂ ᠲᠠᠷᠢᠶᠠᠴᠢᠳ᠎ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠴᠤ᠌ ᠲᠡᠭᠡᠭᠰᠢᠯᠡᠭᠰᠡᠨ ᠪᠠᠢᠨ᠎ᠠ᠃
ᠠᠤᠬᠠᠨ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠣᠪᠴᠢᠶ᠎ᠠ᠎ᠶᠢᠨ ᠲᠠᠷᠢᠶᠠᠯᠠᠩ᠎ᠤᠨ ᠤᠰᠤᠨ ᠠᠰᠢᠭ᠍ᠯᠠᠯᠲᠠ᠎ᠶᠢᠨ ᠪᠦᠲᠦᠭᠡᠨ ᠪᠠᠢᠭᠤᠯᠤᠯᠲᠠ ᠵᠢᠨ ᠲᠥᠪ᠎ᠦᠨ ᠡᠷᠬᠢᠯᠡᠭᠴᠢ ᠴᠢᠦᠢ ᠵᠢᠶᠠᠨ ᠬᠤᠸᠠ᠄ 《ᠠᠤᠬᠠᠨ ᠬᠣᠰᠢᠭᠤᠨ ᠤ᠋ ᠲᠠᠷᠢᠶᠠᠨ ᠭᠠᠵᠠᠷ ᠤ᠋ᠨ ᠲᠠᠯᠠᠪᠠᠶ 469 ᠲᠦᠮᠡᠨ ᠮᠦ᠍᠎ᠳᠤ ᠬᠦᠷᠴᠦ᠂ ᠦᠨᠳᠦᠰᠦᠨ ᠲᠠᠷᠢᠶᠠᠨ ᠭᠠᠵᠠᠷ ᠤ᠋ᠨ ᠲᠠᠯᠠᠪᠠᠢ 330 ᠲᠦᠮᠡᠨ ᠮᠦ᠍ ᠪᠤᠢ᠃ 2019 ᠣᠨ᠎ᠠᠴᠠ 2026 ᠣᠨ ᠪᠣᠯᠲᠠᠯ᠎ᠠ 97.2 ᠲᠦᠮᠡᠨ ᠮᠦ᠍ ᠦᠨᠳᠤᠷ ᠪᠠᠷᠢᠮᠵᠢᠶ᠎ᠠ᠎ᠳᠤ ᠲᠠᠷᠢᠶᠠᠨ ᠭᠠᠵᠡᠷ᠎ᠤᠨ ᠪᠦᠳᠤᠬᠡᠨ ᠪᠠᠢᠭᠤᠯᠬᠤ ᠡᠭᠥᠷᠬᠡ ᠵᠢ ᠪᠠᠶᠠᠯᠡᠭᠥᠯᠵᠠᠢ᠃ ᠡᠭᠦᠨ᠎ᠦ ᠲᠡᠬᠡᠷ᠎ᠠ 2012 ᠣᠨ᠎ᠤ ᠡᠯ᠎ᠡ ᠰᠠᠯᠠᠭ᠎ᠠ ᠮᠥᠴᠢᠷ᠎ᠦᠨ ᠬᠡᠷᠡᠭᠵᠢᠭᠦᠯᠦᠭᠰᠡᠨ ᠤᠯᠤᠰ᠎ᠤᠨ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠡᠬᠦᠷᠭᠡ ᠵᠢ ᠨᠡᠮᠡᠪᠡᠯ ᠨᠡᠶ᠋ᠢᠲᠡ 170 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠳᠤᠬᠡᠨ ᠪᠠᠢᠭᠤᠯᠤᠯ᠎ᠠ᠃ ᠤᠯᠠᠭᠠᠨ ᠱᠤᠭᠤᠮ᠎ᠤᠨ ᠳᠣᠲᠣᠷᠠᠬᠢ ᠲᠠᠷᠢᠶᠠᠨ ᠭᠠᠵᠠᠷ᠎ᠠᠴᠠ ᠭᠠᠳᠠᠨ᠎ᠠ ᠪᠠᠰᠠ 30 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠶᠠᠭ ᠪᠦᠲᠦᠭᠡᠨ ᠪᠠᠢᠭᠤᠯᠵᠤ ᠪᠠᠢᠨ᠎ᠠ᠃ ᠪᠢᠳᠡ 3 ᠵᠢᠯ᠎ᠦᠨ ᠳᠣᠲᠣᠷ᠎ᠠ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠪᠡᠨ ᠪᠡᠶᠡᠯᠡᠭᠦᠯᠬᠦ᠎ᠪᠡᠷ ᠴᠢᠷᠮᠠᠢᠵᠤ ᠪᠠᠢᠨ᠎ᠠ》 ᠬᠡᠵᠦ ᠰᠤᠷᠪᠤᠯᠵᠢᠯᠠᠭ᠍ᠴᠢ ᠳ᠋ᠤ ᠲᠠᠨᠢᠯᠴᠠᠭᠤᠯᠤᠭᠰᠠᠨ ᠪᠠᠢᠨ᠎ᠠ᠃
ᠠᠤᠬᠠᠨ᠎ᠤ ᠡᠬᠡ ᠭᠠᠵᠠᠷ ᠲᠦ᠍ ᠲᠦᠪᠯᠡᠷᠡᠨ ᠵᠠᠯᠭᠠᠯᠳᠤᠭᠰᠠᠨ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠬᠠᠷᠠᠭ᠎ᠠ ᠠᠯᠳᠠᠮ᠎ᠠ ᠦᠷᠭᠦᠯᠵᠢᠯᠡᠨ᠎ᠡ᠃ ᠰᠠᠢᠨ ᠲᠠᠷᠢᠶ᠎ᠠ ᠲᠠᠷᠢᠶᠠᠴᠢᠨ ᠲᠦᠮᠡᠨ ᠤ᠋ ᠬᠦᠰᠡᠯ ᠡᠷᠡᠮᠡᠯᠵᠡᠯ ᠢ᠋ ᠠᠴᠢᠶᠠᠯᠠᠵᠤ᠂ ᠠᠵᠤ ᠦᠢᠯᠡᠰ᠎ᠢᠶᠡᠷ ᠠᠷᠠᠳ᠎ᠢᠶᠠᠨ ᠴᠢᠨᠡᠭᠡᠯᠢᠭᠵᠢᠭᠦᠯᠬᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠷᠤᠭ ᠠᠯᠭᠤᠷᠬᠠᠨ ᠳᠡᠯᠭᠡᠭᠳᠡᠨᠡᠮ᠃