ᠤᠢ᠌ᠷ᠎ᠠ ᠳ᠋ᠤ᠂ ᠡᠷᠢᠶᠡᠨ ᠡᠴᠡ ᠵᠠᠮ ᠤ᠋ᠨ ᠡᠭᠦᠳᠡ ᠬᠦᠷᠬᠦ᠌ ᠬᠢᠯᠢ ᠠᠯᠤᠰᠯᠠᠭᠰᠠᠨ ᠨᠢᠭᠡ ᠡᠳᠦᠷ ᠤ᠋ᠨ ᠵᠢᠭᠤᠯᠴᠢᠯᠠᠯ ᠵᠢᠩᠬᠢᠨᠢ ᠪᠡᠷ ᠨᠡᠪᠲᠡᠷᠡᠵᠦ᠂ ᠪᠦᠬᠦ᠌ ᠤᠯᠤᠰ ᠤ᠋ᠨ ᠡᠯ᠎ᠡ ᠭᠠᠵᠠᠷ ᠡᠴᠡ ᠢᠷᠡᠭᠰᠡᠨ 108 ᠵᠢᠭᠤᠯᠴᠢᠯᠠᠬᠴᠢ ᠳᠤᠮᠳᠠᠳᠤ ᠮᠣᠩᠭᠣᠯ ᠤ᠋ᠨ ᠬᠢᠯᠢ ᠠᠯᠤᠰᠯᠠᠭᠰᠠᠨ ᠠᠶᠠᠯᠠᠯ ᠢ᠋ᠶ᠋ᠡᠨ ᠡᠬᠢᠯᠡᠭᠦᠯᠵᠡᠢ᠃
ᠣᠶ᠋ᠢᠯᠠᠭᠠᠭᠰᠠᠨ ᠢ᠋ᠶ᠋ᠡᠷ᠂ ᠮᠣᠩᠭᠣᠯ ᠤᠯᠤᠰ ᠤ᠋ᠨ ᠵᠠᠮ ᠤ᠋ᠨ ᠡᠭᠦᠳᠡ ᠳ᠋ᠤ ᠵᠢᠭᠤᠯᠴᠢᠯᠠᠬᠤ ᠪᠡᠷ ᠶᠠᠪᠤᠬᠰᠠᠳ ᠫᠠᠰᠫᠣᠷᠲ ᠸᠢᠰᠠ ᠪᠠᠨ ᠤᠷᠢᠳᠴᠢᠯᠠᠨ ᠭᠦᠢᠴᠡᠳᠭᠡᠬᠦ ᠴᠢᠬᠤᠯᠠ ᠥᠬᠡᠶ᠂ ᠵᠥᠪᠬᠡᠨ ᠬᠠᠤᠯᠢ ᠶᠤᠰᠤᠨ ᠤ᠋ ᠬᠢᠯᠢ ᠶ᠋ᠢᠨ ᠵᠢᠭᠤᠯᠴᠢᠯᠠᠯ ᠤ᠋ᠨ ᠡᠵᠡᠩᠨᠡᠯᠲᠡ ᠶ᠋ᠢᠨ ᠬᠢᠷᠢ ᠬᠡᠮ ᠲᠠᠢ ᠵᠢᠭᠤᠯᠴᠢᠯᠠᠯ ᠤ᠋ᠨ ᠺᠤᠮᠫᠠᠨᠢ ᠳ᠋ᠤ ᠥᠪᠡᠷ ᠤ᠋ᠨ ᠬᠦᠴᠦᠨ ᠪᠥᠬᠥᠶ ᠰᠠᠭᠤᠭᠠᠯᠢ ᠠᠷᠠᠳ ᠤ᠋ᠨ ᠪᠡᠶ᠎ᠡ ᠶ᠋ᠢᠨ ᠦᠨᠡᠮᠯᠡᠯ ᠢ᠋ᠶ᠋ᠡᠨ ᠲᠤᠰᠢᠶᠠᠪᠠᠯ ᠳᠠᠷᠤᠶ ᠪᠦᠯᠬᠦᠮ ᠤ᠋ᠨ ᠠᠵᠢᠯᠯᠠᠭ᠎ᠠ ᠳ᠋ᠤ ᠣᠷᠣᠯᠴᠠᠵᠤ ᠪᠣᠯᠤᠨ᠎ᠠ᠃ ᠳᠤᠮᠳᠠᠳᠤ ᠤᠯᠤᠰ ᠤ᠋ᠨ ᠠᠷᠠᠳ ᠢᠷᠭᠡᠨ ᠤ᠋ ᠬᠢᠯᠢ ᠶ᠋ᠢᠨ ᠵᠢᠭᠤᠯᠴᠢᠯᠠᠯ ᠤ᠋ᠨ ᠪᠦᠯᠬᠦᠮ ᠤ᠋ᠨ ᠨᠡᠷᠡᠰ ᠤ᠋ᠨ ᠬᠦᠰᠦᠨᠦᠭᠲᠦ ᠵᠢ ᠵᠢᠷᠤᠮᠵᠢᠭᠤᠨ ᠲᠠᠭᠯᠠᠬᠤ᠂ ᠬᠥᠮᠦᠰ ᠤ᠋ᠨ ᠮᠡᠳᠡᠭᠡ ᠵᠠᠩᠭᠢ ᠵᠢ ᠰᠢᠭᠰᠢᠨ ᠪᠠᠶ᠋ᠢᠴᠠᠭᠠᠬᠤ᠂ ᠨᠡᠪᠲᠡᠷᠡᠬᠦ᠌ ᠦᠨᠡᠮᠯᠠᠯ ᠭᠠᠷᠭᠠᠬᠤ ᠵᠡᠷᠭᠡ ᠪᠥᠬᠥ᠌ ᠶᠠᠪᠤᠴᠠ ᠵᠢ ᠴᠥᠮ ᠵᠢᠭᠤᠯᠴᠢᠯᠠᠯ ᠤ᠋ᠨ ᠺᠤᠮᠫᠠᠨᠢ ᠡᠴᠡ ᠨᠢᠭᠡᠳᠦᠯᠲᠡᠶ ᠣᠷᠣᠯᠠᠨ ᠭᠦᠢᠴᠡᠳᠭᠡᠨ᠎ᠠ᠃
《ᠮᠠᠰᠢ ᠳᠥᠭᠥᠮ ᠪᠣᠯᠵᠠᠢ!》 ᠭᠡᠵᠦ ᠰᠸᠴᠤᠸᠠᠨ ᠡᠴᠡ ᠢᠷᠡᠭᠰᠡᠨ ᠵᠢᠭᠤᠯᠴᠢᠯᠠᠬᠴᠢ ᠴᠢᠦᠢ ᠯᠢ ᠴᠢᠩ ᠰᠡᠳᠬᠢᠯ ᠪᠠᠬᠠᠳᠤᠨ ᠭᠡᠯᠡᠨ᠎ᠠ᠃ ᠲᠡᠷᠡ᠄ 《ᠡᠶ᠋ᠢᠮᠦ᠍ ᠳᠥᠭᠥᠮ ᠨᠥᠬᠥᠴᠡᠯ ᠲᠠᠢ ᠪᠤᠯᠤᠬᠰᠠᠨ ᠡᠴᠡ ᠮᠣᠩᠭᠣᠯ ᠤᠯᠤᠰ ᠲᠦ᠍ ᠬᠦᠷᠴᠦ ᠵᠢᠭᠤᠯᠴᠢᠯᠠᠬᠤ ᠪᠣᠳᠣᠯ ᠲᠦᠷᠦᠭᠳᠡᠵᠠᠢ》 ᠭᠡᠯ᠎ᠠ᠃
ᠵᠢᠭᠤᠯᠴᠢᠯᠠᠬᠰᠠᠳ ᠤ᠋ᠨ ᠪᠣᠭᠣᠮᠲᠠ ᠪᠡᠷ ᠲᠦᠷᠭᠡᠨ ᠥᠩᠭᠡᠷᠡᠬᠦ᠌ ᠵᠢ ᠪᠠᠲᠤᠯᠠᠬᠤ ᠶ᠋ᠢᠨ ᠲᠥᠯᠥᠭᠡ ᠡᠷᠢᠶᠡᠨ ᠬᠢᠯᠢ ᠪᠡᠷ ᠣᠷᠣᠵᠤ ᠭᠠᠷᠬᠤ ᠬᠢᠯᠢ ᠶ᠋ᠢᠨ ᠬᠠᠮᠠᠭᠠᠯᠠᠯᠲᠠ ᠶ᠋ᠢᠨ ᠪᠠᠶ᠋ᠢᠴᠠᠭᠠᠬᠤ ᠥᠷᠲᠡᠭᠡ ᠵᠢᠨ ᠬᠢᠨ ᠵᠢᠭᠤᠯᠴᠢᠯᠠᠯ ᠤ᠋ᠨ ᠪᠦᠯᠬᠦᠮ ᠤ᠋ᠨ ᠲᠥᠪᠯᠡᠷᠡᠨ ᠬᠦᠷᠬᠦ᠂ ᠬᠥᠮᠦᠰ ᠤ᠋ᠨ ᠲᠥᠪᠯᠡᠷᠡᠨ ᠪᠣᠭᠣᠮᠲᠠ ᠪᠡᠷ ᠥᠩᠭᠡᠷᠡᠭᠦ ᠣᠨᠴᠠᠯᠢᠭ ᠲᠦ᠍ ᠴᠢᠭᠯᠡᠭᠦᠯᠦᠨ ᠵᠢᠭᠤᠯᠴᠢᠯᠠᠯ ᠤ᠋ᠨ ᠪᠦᠯᠬᠦᠮ ᠤ᠋ᠨ ᠤᠷᠤᠵᠤ ᠭᠠᠷᠬᠤ ᠨᠢᠭᠡ ᠴᠣᠭᠴᠠᠵᠢᠭᠤᠯᠤᠭᠰᠠᠨ ᠪᠠᠶ᠋ᠢᠴᠠᠭᠠᠨ ᠰᠢᠯᠭᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠍᠂ ᠵᠢᠭᠤᠯᠴᠢᠯᠠᠬᠰᠠᠳ ᠤ᠋ᠨ ᠪᠠᠶ᠋ᠢᠴᠠᠭᠠᠯᠲᠠ ᠬᠦᠯᠢᠶᠡᠬᠦ᠌ ᠴᠠᠭ ᠢ᠋ ᠬᠠᠮᠤᠭ ᠤ᠋ᠨ ᠶᠡᠬᠡ ᠬᠡᠮᠵᠢᠶ᠎ᠡ ᠪᠡᠷ ᠪᠣᠭᠣᠨᠢᠰᠬᠠᠵᠤ᠂ ᠵᠢᠭᠤᠯᠴᠢᠯᠠᠬᠰᠠᠳ ᠤ᠋ᠨ ᠥᠨᠳᠥᠷ ᠪᠦᠲᠦᠮᠵᠢᠲᠡᠶ ᠪᠥᠭᠡᠳ ᠰᠠᠭᠠᠳ ᠥᠬᠡᠶ ᠨᠡᠪᠲᠡᠷᠡᠬᠦ᠌ ᠵᠢ ᠪᠠᠲᠤᠯᠠᠪᠠ᠃
ᠡᠷᠢᠶᠡᠨ ᠬᠢᠯᠢ ᠶ᠋ᠢᠨ ᠪᠣᠭᠣᠮᠲᠠ ᠶ᠋ᠢᠨ ᠬᠢᠨ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠶ᠋ᠢᠨ ᠣᠷᠣᠨ ᠤ᠋ ᠡᠷᠢᠶᠡᠨ ᠬᠤᠳᠠᠵᠢᠨ ᠲᠣᠭᠣᠷᠢᠭ ᠢ᠋ ᠪᠥᠲᠥᠭᠡᠨ ᠪᠠᠶ᠋ᠢᠭᠤᠯᠬᠤ ᠲᠥᠷᠥ ᠶ᠋ᠢᠨ ᠪᠣᠳᠣᠯᠭ᠎ᠠ ᠶ᠋ᠢᠨ ᠳᠠᠪᠠᠭᠤᠯᠢᠭ ᠢ᠋ ᠭᠦᠢᠴᠡᠳ ᠪᠠᠳᠠᠷᠠᠭᠤᠯᠵᠤ᠂ ᠬᠢᠯᠢ ᠠᠯᠤᠰᠯᠠᠭᠰᠠᠨ ᠵᠢᠭᠤᠯᠴᠢᠯᠠᠯ ᠤ᠋ᠨ ᠪᠠᠷᠢᠮᠵᠢᠶᠠᠵᠢᠭᠤᠯᠬᠤ᠂ ᠦᠢᠯᠡᠳᠬᠦᠨᠵᠢᠭᠦᠯᠬᠦ ᠵᠢ ᠨᠠᠶ᠋ᠢᠳᠠᠪᠤᠷᠢᠵᠢᠭᠤᠯᠬᠤ ᠵᠢ ᠶᠠᠭ ᠲᠦᠷᠭᠡᠳᠬᠡᠨ ᠠᠬᠢᠭᠤᠯᠵᠤ ᠪᠣᠶ᠃ ᠡᠷᠢᠶᠡᠨ ᠡᠴᠡ ᠵᠠᠮ ᠤ᠋ᠨ ᠡᠭᠦᠳᠡ ᠬᠦᠷᠬᠦ᠌ ᠬᠢᠯᠢ ᠠᠯᠤᠰᠯᠠᠭᠰᠠᠨ ᠨᠢᠭᠡ ᠡᠳᠦᠷ ᠤ᠋ᠨ ᠵᠢᠭᠤᠯᠴᠢᠯᠠᠯ ᠤ᠋ᠨ ᠭᠣᠣᠯ ᠱᠤᠭᠤᠮ ᠤ᠋ᠨ ᠲᠣᠭᠣᠷᠢᠨ ᠳ᠋ᠤ ᠪᠣᠭᠣᠮᠲᠠ ᠪᠡᠷ ᠥᠩᠭᠡᠷᠡᠬᠦ᠌᠂ ᠦᠵᠡᠮᠵᠢ ᠶ᠋ᠢᠨ ᠭᠠᠵᠠᠷ ᠢ᠋ᠶ᠋ᠡᠷ ᠵᠢᠭᠤᠯᠴᠢᠯᠠᠬᠤ᠂ ᠪᠠᠷᠠᠭ᠎ᠠ ᠬᠤᠳᠠᠯᠳᠤᠨ ᠠᠪᠴᠤ᠌ ᠰᠡᠯᠡᠭᠦᠴᠡᠨ ᠲᠣᠭᠣᠷᠢᠬᠤ᠂ ᠣᠨᠴᠠᠯᠢᠭᠲᠤ᠌ ᠢᠳᠡᠭᠡᠨ ᠤᠮᠳᠠᠭᠠᠨ ᠵᠡᠷᠭᠡ ᠬᠦᠴᠦᠨ ᠵᠦᠢᠯ ᠢ᠋ ᠨᠡᠢᠳᠭᠡᠵᠦ᠂ ᠪᠤᠯᠪᠠᠰᠤᠷᠠᠨᠭᠭᠤᠢ ᠳᠡᠯᠭᠡᠷᠡᠭᠦᠯᠵᠦ ᠪᠤᠯᠬᠤ ᠰᠣᠶᠣᠯ ᠵᠢᠭᠤᠯᠴᠢᠯᠠᠯ ᠤ᠋ᠨ ᠦᠢᠯᠡᠳᠬᠦᠨ ᠤ᠋ ᠰᠢᠰᠲ᠋ᠧᠮ ᠢ᠋ ᠪᠦᠷᠢᠯᠳᠦᠭᠦᠯᠪᠡ᠃ ᠪᠣᠭᠣᠮᠲᠠ ᠶ᠋ᠢᠨ ᠣᠷᠣᠨ ᠪᠠᠶ᠋ᠢᠷᠢ ᠶ᠋ᠢᠨ ᠳᠠᠪᠠᠭᠤᠯᠢᠭ ᠲᠠᠭᠠᠨ ᠰᠠᠭᠤᠷᠢᠯᠠᠨ ᠣᠯᠠᠨ ᠨᠡᠶ᠋ᠢᠲᠡ ᠶ᠋ᠢᠨ ᠵᠢᠭᠤᠯᠴᠢᠯᠠᠯ ᠤ᠋ᠨ ᠬᠡᠷᠡᠭᠴᠡᠭᠡ ᠱᠠᠭᠠᠷᠳᠠᠯᠭ᠎ᠠ ᠵᠢ ᠬᠠᠮᠲᠤ ᠳ᠋ᠤᠨᠢ ᠬᠠᠷᠠᠭᠠᠯᠵᠠᠵᠤ᠂ ᠠᠶᠠᠯᠠᠯ ᠤ᠋ᠨ ᠶᠠᠪᠤᠴᠠ ᠵᠢ ᠰᠢᠯᠢᠳᠡᠭᠵᠢᠭᠦᠯᠦᠨ᠂ ᠬᠢᠯᠢ ᠠᠯᠤᠰᠯᠠᠭᠰᠠᠨ ᠥᠪᠡᠷᠮᠢᠴᠡ ᠣᠨᠴᠠᠯᠢᠭᠳᠤ ᠵᠢᠭᠤᠯᠴᠢᠯᠠᠯ ᠤ᠋ᠨ IP ᠵᠢ ᠪᠣᠶ ᠪᠣᠯᠭᠠᠵᠤ᠂ ᠬᠢᠯᠢ ᠠᠯᠤᠰᠯᠠᠭᠰᠠᠨ ᠵᠢᠭᠤᠯᠴᠢᠯᠠᠯ ᠤ᠋ᠨ ᠦᠢᠯᠡᠳᠬᠦᠨ ᠢ᠋ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭᠰᠠᠳ ᠤ᠋ᠨ ᠶᠠᠪᠤᠵᠤ ᠰᠠᠭᠤᠬᠤ ᠵᠠᠩ ᠳᠠᠳᠬᠠᠯ ᠳ᠋ᠤ ᠨᠠᠩ ᠢᠯᠡᠭᠦᠦ ᠨᠡᠶ᠋ᠢᠴᠡᠭᠦᠯᠦᠨ᠂ ᠬᠢᠯᠢ ᠠᠯᠤᠰᠯᠠᠭᠰᠠᠨ ᠰᠣᠶᠣᠯ ᠵᠢᠭᠤᠯᠴᠢᠯᠠᠯ ᠤ᠋ᠨ ᠲᠠᠷᠠᠬᠠᠶ ᠪᠤᠲᠠᠷᠬᠠᠶ ᠪᠡᠷ ᠬᠦᠯᠢᠶᠡᠨ ᠠᠪᠬᠤ ᠡᠴᠡ ᠵᠢᠷᠤᠮᠵᠢᠭᠰᠠᠨ ᠦᠢᠯᠡᠳᠬᠦᠨ ᠤ᠋ ᠡᠵᠡᠩᠨᠡᠯᠲᠡ ᠲᠡᠢᠰᠢ ᠬᠤᠪᠢᠷᠠᠭᠤᠯᠬᠤ ᠵᠢ ᠠᠬᠢᠭᠤᠯᠵᠤ ᠪᠠᠢᠨ᠎ᠠ᠃
ᠲᠤᠰ ᠤᠳᠠᠭ᠎ᠠ ᠶ᠋ᠢᠨ ᠡᠷᠢᠶᠡᠨ ᠡᠴᠡ ᠵᠠᠮ ᠤ᠋ᠨ ᠡᠭᠦᠳᠡ ᠬᠦᠷᠬᠦ᠌ ᠬᠢᠯᠢ ᠠᠯᠤᠰᠯᠠᠭᠰᠠᠨ ᠨᠢᠭᠡ ᠡᠳᠦᠷ ᠤ᠋ᠨ ᠵᠢᠭᠤᠯᠴᠢᠯᠠᠯ ᠢ᠋ ᠨᠡᠪᠲᠡᠷᠡᠭᠦᠯᠦᠭᠰᠡᠨ ᠨᠢ ᠪᠣᠭᠣᠮᠲᠠ ᠶ᠋ᠢᠨ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠢ᠋ ᠤᠯᠠᠮ ᠴᠢᠨᠠᠭᠰᠢᠳᠠ ᠬᠥᠭᠵᠢᠭᠡᠵᠦ᠍᠂ ᠬᠢᠯᠢ ᠠᠯᠤᠰᠯᠠᠭᠰᠠᠨ ᠠᠷᠠᠯᠵᠢᠶ᠎ᠠ ᠬᠤᠳᠠᠯᠳᠤᠭ᠎ᠠ᠂ ᠬᠣᠨᠣᠭ ᠪᠠᠭᠤᠳᠠᠯ ᠢᠳᠡᠭᠡᠨ ᠤᠮᠳᠠᠭᠠᠨ᠂ ᠵᠠᠮ ᠬᠠᠷᠢᠯᠴᠠᠭ᠎ᠠ ᠶᠠᠪᠤᠵᠤ ᠰᠠᠭᠤᠬᠤ ᠵᠡᠷᠭᠡ ᠬᠠᠮᠢᠶ᠎ᠠ ᠪᠦᠬᠦᠢ ᠡᠵᠡᠩᠨᠡᠯᠲᠡ ᠶ᠋ᠢᠨ ᠬᠡᠯᠪᠡᠷᠢ ᠶ᠋ᠢᠨ ᠬᠠᠮᠵᠢᠯᠴᠠᠨ ᠬᠥᠭᠵᠢᠬᠦ᠌ ᠵᠢ ᠳᠠᠢ᠌ᠴᠢᠯᠠᠬᠤ ᠪᠤᠯᠤᠨ᠎ᠠ᠃