8 ᠰᠠᠷ᠎ᠠ᠎ᠶᠢᠨ 19᠎ᠤ᠋ ᠡᠳᠦᠷ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠠᠺᠠ·ᠠᠨᠳ᠋ᠷᠠᠱᠲᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠬᠠᠩᠭᠠᠷᠢ᠎ᠶᠢᠨ ᠶᠡᠷᠦᠩᠬᠡᠢᠯᠡᠭᠴᠢ᠎ᠶᠢᠨ ᠲᠤᠰᠢᠶᠠᠯ᠎ᠳᠤ ᠭᠠᠷᠤᠭᠰᠠᠨ᠎ᠳᠤ ᠪᠠᠶᠠᠷ ᠬᠦᠷᠭᠡᠪᠡ᠃
ᠰᠢ᠎ᠶᠢᠨ ᠫᠢᠩ᠂ ᠬᠠᠩᠭᠠᠷᠢ ᠪᠣᠯ ᠬᠠᠮᠤᠭ᠎ᠤᠨ ᠡᠷᠲᠡ ᠰᠢᠨ᠎ᠡ ᠳᠤᠮᠳᠠᠳᠤ ᠤᠯᠤᠰ᠎ᠢ ᠮᠡᠳᠡᠷᠡᠭᠰᠡᠨ ᠤᠯᠤᠰ᠎ᠤᠨ ᠨᠢᠭᠡ ᠪᠣᠯᠣᠨ᠎ᠠ᠂ ᠳᠤᠮᠳᠠᠳᠤ ᠬᠠᠩᠭᠠᠷᠢ ᠬᠣᠶᠠᠷ ᠤᠯᠤᠰ᠎ᠤᠨ ᠤᠯᠠᠮᠵᠢᠯᠠᠯᠲᠤ ᠨᠥᠬᠥᠷᠯᠡᠯ ᠥᠨᠢ ᠤᠳᠠᠭᠠᠨ ᠲᠡᠦᠬᠡ᠎ᠲᠠᠢ ᠶᠤᠮ᠃ ᠬᠠᠷᠢᠯᠴᠠᠭ᠎ᠠ ᠪᠠᠢᠭᠤᠯᠤᠭᠰᠠᠨ 77 ᠵᠢᠯ᠎ᠦᠨ ᠲᠤᠷᠰᠢ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ᠎ᠪᠡᠷ ᠬᠠᠨᠳᠤᠯᠴᠠᠬᠤ᠂ ᠬᠠᠷᠢᠯᠴᠠᠨ ᠠᠰᠢᠭ᠍ᠲᠠᠢ ᠪᠠᠢᠵᠤ ᠬᠠᠮᠲᠤ ᠪᠠᠷ ᠠᠰᠢᠭ᠋ ᠭᠦᠷᠳᠡᠭᠦ᠎ᠶᠢ ᠢᠮᠠᠭᠲᠠ ᠪᠠᠷᠢᠮᠲᠠᠯᠠᠵᠤ᠂ ᠡᠯ᠎ᠡ ᠬᠦᠷᠢᠶᠡᠨ᠎ᠦ ᠬᠠᠮᠲᠤᠷᠠᠯᠴᠠᠭ᠎ᠠ ᠢᠯᠡᠳᠲᠡ ᠦᠷ᠎ᠡ ᠪᠦᠲᠦᠮᠵᠢ ᠣᠯᠵᠠᠢ᠃ ᠪᠢ ᠳᠤᠮᠳᠠᠳᠤ ᠬᠠᠩᠭᠠᠷᠢ᠎ᠶᠢᠨ ᠬᠠᠷᠢᠯᠴᠠᠭ᠎ᠠ᠎ᠶᠢᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ ᠪᠠᠢᠨ᠎ᠠ᠂ ᠳᠤᠷᠠᠲᠠᠶ᠎ᠠ ᠶᠡᠷᠦᠩᠬᠡᠢᠯᠡᠭᠴᠢ ᠪᠠᠺᠠᠲᠠᠢ ᠬᠠᠮᠲᠤ ᠪᠠᠷ ᠴᠢᠷᠮᠠᠢᠵᠤ ᠪᠠᠢᠭᠠᠳ ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠂ ᠤᠯᠤᠰ ᠲᠦᠷᠦ᠎ᠶᠢᠨ ᠢᠲᠡᠭᠡᠯᠴᠡᠭᠡ ᠪᠣᠯᠣᠨ ᠡᠯ᠎ᠡ ᠬᠦᠷᠢᠶᠡᠨ᠎ᠦ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠳᠤᠮᠳᠠᠳᠤ ᠬᠠᠩᠭᠠᠷᠢ᠎ᠶᠢᠨ ᠰᠢᠨ᠎ᠡ ᠴᠠᠭ ᠦᠶ᠎ᠡ᠎ᠶᠢᠨ ᠦᠷᠭᠦᠯᠵᠢ ᠵᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 19 ᠤ᠋ ᠴᠠᠭᠢᠯᠭᠠᠨ ᠮᠡᠳᠡᠭᠡ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号