ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠶ ᠰᠠᠶ᠋ᠢᠳ ᠯᠢ ᠴᠢᠶᠠᠩ ᠲᠦᠷᠦᠭᠦᠬᠡᠨ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠵᠠᠷᠯᠢᠭᠲᠤ᠌ ᠭᠠᠷᠤᠨ ᠥᠰᠥᠭ ᠵᠢᠷᠤᠵᠤ᠂ 《〈ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ᠎ᠶᠢᠨ ᠲᠦᠷᠢᠮ〉 ᠳ᠋ᠤ ᠵᠠᠰᠠᠪᠤᠷᠢ ᠣᠷᠣᠭᠤᠯᠬᠤ ᠲᠤᠬᠠᠶ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠲᠣᠭᠲᠠᠭᠠᠯ》 (ᠳᠣᠷᠣᠭᠰᠢ 《ᠲᠣᠭᠲᠠᠭᠠᠯ》 ᠭᠡᠵᠦ᠍ ᠲᠦᠬᠦᠮᠴᠢᠯᠡᠨ᠎ᠠ) ᠢ᠋ ᠨᠡᠶ᠋ᠢᠲᠡᠯᠡᠵᠦ᠍᠂ 2026 ᠣᠨ᠎ᠤ 9 ᠰᠠᠷ᠎ᠠ᠎ᠶᠢᠨ 20 ᠤ᠋ ᠡᠳᠦᠷ᠎ᠡᠴᠡ ᠡᠬᠢᠯᠡᠵᠦ᠍ ᠬᠡᠷᠡᠭᠵᠢᠭᠦᠯᠤᠨ᠎ᠠ᠃ 《ᠲᠣᠭᠲᠠᠭᠠᠯ》 ᠨᠢ ᠨᠡᠢ᠌ᠳᠡ 20 ᠵᠦᠢᠯ ᠪᠤᠢ᠂ ᠭᠣᠣᠯᠳᠠᠭᠤ ᠳᠣᠣᠷᠠᠬᠢ ᠠᠭᠤᠯᠭ᠎ᠠ᠎ᠶᠢ ᠲᠣᠭᠲᠠᠭᠠᠪᠠ᠃
ᠨᠢᠭᠡ᠎ᠳᠦ᠂ ᠭᠠᠷᠭᠠᠨ ᠠᠪᠬᠤ ᠪᠠ ᠬᠡᠷᠡᠭᠯᠡᠬᠦ᠌ ᠬᠡᠪᠴᠢᠶ᠎ᠡ᠎ᠶᠢ ᠥᠷᠭᠡᠳᠬᠡᠪᠡ᠃ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠭᠠᠷᠭᠠᠨ ᠠᠪᠴᠤ᠌ ᠬᠡᠷ᠎ᠦᠨ ᠲᠦᠷᠢᠶᠡᠰᠦᠨ ᠮᠦᠩᠬᠦ ᠲᠤᠰᠢᠶᠠᠬᠤ᠌ᠳᠦ᠂ ᠬᠡᠷ᠎ᠦᠨ ᠲᠦᠷᠢᠶᠡᠰᠦᠨ ᠮᠦᠩᠬᠦ᠎ᠨᠢ ᠬᠡᠷ ᠪᠦᠯᠢ᠎ᠶᠢᠨ ᠴᠠᠯᠢᠩ᠎ᠤᠨ ᠣᠷᠣᠯᠭ᠎ᠠ᠎ᠶᠢᠨ ᠲᠣᠭᠲᠠᠭᠠᠭᠰᠠᠨ ᠬᠠᠷᠢᠴᠠᠯ᠎ᠡᠴᠡ ᠬᠡᠲᠦᠷᠡᠬᠦ᠌ ᠪᠠᠷᠢᠮᠵᠢᠶ᠎ᠠ ᠬᠢᠵᠠᠭᠠᠷᠯᠠᠯ᠎ᠢ ᠳᠠᠭᠢᠵᠤ ᠲᠣᠭᠲᠠᠭᠠᠬᠤ ᠥᠬᠡᠶ;ᠥᠪᠡᠷ᠎ᠢᠶᠡᠨ ᠰᠠᠭᠤᠬᠤ ᠣᠷᠣᠨ ᠰᠠᠭᠤᠴᠠ᠎ᠶᠢ ᠰᠢᠨ᠎ᠡ᠎ᠪᠡᠷ ᠵᠠᠰᠠᠵᠤ ᠴᠢᠮᠡᠭᠯᠡᠬᠦ᠌᠂ ᠥᠪᠡᠷ᠎ᠢᠶᠡᠨ ᠰᠠᠭᠤᠬᠤ ᠣᠷᠣᠨ ᠰᠠᠭᠤᠴᠠ᠎ᠶᠢᠨ ᠠᠳᠠᠯ ᠠᠬᠤᠢ᠎ᠶᠢᠨ ᠬᠠᠮᠢᠶᠠᠷᠤᠯᠳᠠ ᠵᠢᠨ ᠰᠦᠢᠳᠬᠡᠯ ᠲᠤᠰᠢᠶᠠᠬᠤ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠡᠴᠡ ᠵᠥᠪᠰᠢᠶᠡᠷᠡᠭᠰᠡᠨ ᠣᠷᠣᠨ ᠰᠠᠭᠤᠴᠠ᠎ᠶᠢᠨ ᠬᠡᠷᠡᠭᠯᠡᠭᠡᠨ᠎ᠦ ᠪᠤᠰᠤᠳ ᠪᠠᠶ᠋ᠢᠳᠠᠯ ᠵᠡᠷᠭᠡ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠭᠠᠷᠭᠠᠨ ᠠᠪᠴᠤ᠌ ᠪᠣᠯᠬᠤ ᠰᠢᠨ᠎ᠠ ᠪᠠᠶ᠋ᠢᠳᠠᠯ ᠢ᠋ ᠪᠠᠬᠳᠠᠭᠠᠪᠠ᠃ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠪᠠᠯᠠ ᠣᠷᠣᠭᠤᠯᠤᠯᠲᠠ᠎ᠶᠢᠨ ᠬᠡᠷᠡᠭᠯᠡᠬᠦ᠌ ᠠᠷᠭ᠎ᠠ ᠵᠠᠮ᠎ᠢ ᠵᠣᠬᠢᠰᠲᠠᠶ ᠥᠷᠭᠡᠳᠬᠡᠵᠦ᠍᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ᠎ᠶᠢᠨ ᠲᠥᠪ᠎ᠡᠴᠡ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠲᠥᠷᠥ᠎ᠶᠢᠨ ᠪᠣᠳᠣᠯᠭ᠎ᠠ᠎ᠶᠢᠨ ᠴᠢᠨᠠᠷᠲᠠᠶ ᠮᠥᠩᠭᠥᠨ ᠭᠦᠢᠯᠭᠡᠭᠡᠨ᠎ᠦ ᠵᠢᠭᠡᠯᠡᠯᠭᠡ ᠵᠢᠨ ᠲᠡᠮᠲᠡᠭᠲᠦ ᠬᠤᠳᠠᠯᠳᠤᠨ ᠠᠪᠬᠤ᠎ᠳᠤ ᠬᠡᠷᠡᠭᠯᠡᠵᠦ᠍ ᠪᠣᠯᠬᠤ᠎ᠶᠢ ᠲᠣᠳᠣᠷᠬᠠᠶ᠋ᠢᠯᠠᠪᠠ᠃
ᠬᠣᠶᠠᠷ᠎ᠲᠤ᠌᠂ ᠬᠠᠮᠢᠶᠠᠷᠤᠯᠲᠠ ᠦᠢᠯᠡᠴᠢᠯᠡᠭᠡᠨ᠎ᠦ ᠦᠷ᠎ᠡ ᠪᠦᠲᠦᠮᠵᠢ᠎ᠶᠢ ᠳᠡᠭᠡᠭᠰᠢᠯᠡᠭᠦᠯᠪᠠ᠃ ᠠᠵᠢᠯᠲᠠᠨ ᠠᠵᠢᠯᠴᠢᠨ᠎ᠤ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠪᠡᠨ ᠭᠠᠷᠭᠠᠨ ᠠᠪᠬᠤ᠎ᠪᠠᠷ ᠭᠤᠶᠤᠴᠢᠯᠠᠬᠤ ᠭᠠᠷᠳᠠᠮ᠎ᠢ ᠳᠥᠭᠥᠮᠴᠢᠯᠡᠵᠦ᠍᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠵᠢᠭᠡᠯᠡᠯᠭᠡ᠎ᠶᠢᠨ ᠭᠤᠶᠤᠴᠢᠯᠠᠯ᠎ᠢ ᠬᠢᠨᠠᠨ ᠪᠠᠶ᠋ᠢᠴᠠᠭᠠᠬᠤ ᠴᠠᠭ᠎ᠤᠨ ᠬᠢᠵᠠᠭᠠᠷ᠎ᠢ ᠪᠣᠭᠣᠨᠢᠰᠬᠠᠵᠤ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠲᠤᠰᠢᠶᠠᠨ ᠬᠠᠳᠠᠭᠠᠯᠠᠭᠤᠯᠤᠭᠰᠠᠨ ᠲᠡᠮᠳᠡᠭᠯᠡᠯ ᠵᠡᠷᠭᠡ ᠪᠥᠬᠥ᠌ ᠤᠯᠤᠰ᠎ᠤᠨ ᠬᠡᠪᠴᠢᠶᠡᠨ᠎ᠳᠦ ᠬᠠᠷᠢᠯᠴᠠᠨ ᠢᠲᠡᠭᠡᠯᠴᠡᠵᠦ᠍ ᠬᠠᠷᠢᠯᠴᠠᠨ ᠮᠡᠳᠡᠷᠡᠬᠦ᠌᠎ᠶᠢ ᠪᠡᠶᠡᠯᠡᠭᠦᠯᠵᠦ᠍᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠰᠢᠯᠵᠢᠭᠦᠯᠦᠨ ᠦᠷᠭᠦᠯᠵᠢᠯᠡᠭᠦᠯᠬᠦ᠌᠂ ᠤᠨᠳᠤᠤ ᠭᠠᠵᠠᠷ᠎ᠲᠤ᠌ ᠵᠢᠭᠡᠯᠡᠯᠭᠡ ᠲᠠᠯᠪᠢᠬᠤ ᠵᠡᠷᠭᠡ ᠲᠤᠬᠠᠶ᠋ᠢᠯᠠᠭᠰᠠᠨ ᠠᠵᠢᠯ᠎ᠢ ᠳᠥᠭᠥᠮ ᠲᠦᠷᠬᠡᠨ ᠥᠨᠳᠥᠷ ᠪᠦᠲᠦᠮᠵᠢᠲᠡᠶ᠎ᠪᠡᠷ ᠭᠦᠢᠴᠡᠳᠬᠡᠬᠦ᠌᠎ᠶᠢ ᠠᠬᠢᠭᠤᠯᠪᠠ᠃
ᠭᠤᠷᠪᠠ᠎ᠳᠤ᠂ ᠲᠦᠭᠰᠢᠭᠦᠷᠢ᠎ᠶᠢ ᠰᠡᠷᠭᠡᠶ᠋ᠢᠯᠡᠨ ᠡᠵᠡᠮᠳᠡᠬᠦ᠌᠎ᠶᠢ ᠴᠢᠩᠭᠠᠳᠬᠠᠪᠠ᠃ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠦᠷᠢᠶᠡᠨ᠎ᠳᠡᠬᠢ ᠣᠯᠠᠨ ᠨᠡᠶ᠋ᠢᠲᠡ᠎ᠶᠢᠨ ᠢᠲᠡᠭᠡᠮᠵᠢ᠎ᠶᠢᠨ ᠮᠡᠳᠡᠭᠡ ᠵᠠᠩᠭᠢ᠎ᠶᠢ ᠲᠣᠭᠲᠠᠭᠠᠵᠤ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠬᠠᠮᠢᠶᠠᠷᠤᠯᠲᠠ᠎ᠶᠢᠨ ᠲᠥᠪ᠎ᠡᠴᠡ ᠪᠦᠷᠢᠨ ᠪᠦᠲᠦᠨ ᠵᠥᠪ ᠣᠨᠣᠪᠴᠢᠲᠠᠶ ᠢᠲᠡᠭᠡᠮᠵᠢ᠎ᠶᠢᠨ ᠲᠡᠮᠳᠡᠭᠯᠡᠯ᠎ᠢ ᠪᠠᠶ᠋ᠢᠭᠤᠯᠬᠤ᠎ᠶᠢᠨ ᠬᠠᠮᠲᠤ᠌ ᠪᠥᠬᠥ᠌ ᠤᠯᠤᠰ᠎ᠤᠨ ᠢᠲᠡᠭᠡᠮᠵᠢ᠎ᠶᠢᠨ ᠮᠡᠳᠡᠭᠡ ᠵᠠᠩᠭᠢ᠎ᠶᠢ ᠬᠠᠮᠲᠤ᠎ᠪᠠᠷ ᠭᠥᠷᠳᠡᠬᠦ᠌ ᠲᠠᠪᠴᠠᠩ᠎ᠳᠤ ᠣᠷᠣᠭᠤᠯᠪᠠ; ᠮᠡᠬᠡᠯᠡᠨ ᠬᠢᠬᠠᠨ ᠠᠪᠬᠤ᠂ ᠭᠡᠷᠡᠴᠢ ᠮᠠᠲ᠋ᠧᠷᠢᠶᠠᠯ᠎ᠢ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ᠎ᠢᠶᠠᠷ ᠬᠠᠤᠯᠢ᠎ᠶᠢ ᠵᠥᠷᠢᠴᠡᠨ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠭᠠᠷᠭᠠᠨ ᠠᠪᠴᠤ᠌᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠵᠢᠭᠡᠯᠡᠯᠭᠡ ᠣᠯᠤᠭᠰᠠᠨ ᠦᠢᠯᠡ ᠠᠵᠢᠯᠯᠠᠭ᠎ᠠ᠎ᠶᠢᠨ ᠲᠤᠬᠠᠢ ᠲᠤᠳᠤᠷᠬᠠᠢ ᠬᠠᠤᠯᠢ᠎ᠶᠢᠨ ᠬᠠᠷᠢᠭᠤᠴᠠᠯᠭ᠎ᠠ᠎ᠶᠢ ᠲᠣᠭᠲᠠᠭᠠᠪᠠ᠃
ᠳᠥᠷᠪᠡ᠎ᠳᠦ᠂ ᠲᠦᠷᠢᠮ᠎ᠦᠨ ᠬᠠᠮᠤᠷᠬᠤ ᠬᠡᠪᠴᠢᠶ᠎ᠡ᠎ᠶᠢ ᠥᠷᠭᠡᠳᠬᠡᠪᠠ᠃ ᠦᠢᠯᠡᠳᠪᠦᠷᠢ ᠬᠤᠳᠠᠯᠳᠤᠭᠠᠨ᠎ᠤ ᠬᠤᠪᠢ ᠡᠷᠦᠬᠡ᠂ ᠪᠦᠬᠦᠯᠢ ᠡᠳᠦᠷ᠎ᠦᠨ ᠪᠤᠰᠤ ᠳᠦᠷᠢᠮᠲᠦ᠍ ᠠᠵᠢᠯ ᠡᠷᠭᠢᠯᠡᠭᠰᠡᠳ ᠵᠢᠴᠢ ᠪᠤᠰᠤᠳ ᠠᠮᠢᠳᠤᠯᠢᠭ᠎ᠢᠶᠠᠷ ᠠᠵᠢᠯ ᠣᠯᠤᠭᠰᠠᠳ ᠰᠠᠶ᠋ᠢᠨ ᠳᠤᠷ᠎ᠠ᠎ᠡᠴᠡ᠎ᠪᠠᠨ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠌ ᠲᠤᠰᠢᠶᠠᠨ ᠬᠠᠳᠠᠭᠠᠯᠠᠵᠤ ᠪᠣᠯᠬᠤ ᠪᠥᠭᠡᠳ ᠲᠣᠭᠲᠠᠭᠠᠯ ᠶᠣᠰᠣᠭᠠᠷ ᠬᠠᠷᠠᠭᠠᠯᠵᠠᠬᠰᠠᠨ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢ ᠭᠥᠷᠳᠡᠨ᠎ᠡ ᠭᠡᠵᠦ᠍ ᠲᠣᠳᠣᠷᠬᠠᠶ᠋ᠢᠯᠠᠪᠠ᠃
︵ᠰᠢᠨᠬᠤᠸᠠ ᠬᠣᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 18 ᠤ᠋ ᠴᠠᠬᠢᠯᠭᠠᠨ ᠮᠡᠳᠡᠭᠡ︶