2026 ᠣᠨ ᠤ᠋ ᠦᠪᠤᠷ ᠮᠤᠩᠭᠤᠯ ᠤ᠋ᠨ ᠬᠥᠳᠡᠭᠡ ᠲᠣᠰᠬᠣᠨ ᠤ᠋ ᠠᠵᠤ ᠦᠢᠯᠡᠰ ᠢ᠋ ᠬᠥᠭᠵᠢᠭᠦᠯᠦᠨ ᠮᠠᠨᠳᠤᠭᠤᠯᠬᠤ ᠦᠢᠯᠡᠰ ᠪᠤᠰᠬᠠᠵᠤ ᠰᠢᠨ᠎ᠡ ᠵᠢ ᠡᠭᠦᠳᠬᠦ᠌ ᠤᠷᠤᠯᠳᠤᠭᠠᠨ ᠶᠠᠪᠤᠭᠳᠠᠪᠠ
2026-08-20 10:07:35
ᠵᠣᠬᠢᠶᠠᠭ᠍ᠴᠢ᠄
ᠼᠠᠢ ᠬᠤᠡᠭ ᠴᠤᠪᠤᠭᠤ
ᠣᠩᠱᠢᠭ᠍ᠰᠠᠨ ᠣᠳᠠᠭ᠎ᠠ᠄
★★★☆☆

8 ᠰᠠᠷ᠎ᠠ ᠵᠢᠨ 18 — 19 ᠤ᠋ ᠡᠳᠦᠷ ᠪᠣᠯᠲᠠᠯ᠎ᠠ᠂ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠡᠷᠬᠢᠯᠡᠨ ᠶᠠᠪᠤᠭᠳᠠᠭᠤᠯᠤᠭᠰᠠᠨ 2026 ᠣᠨ ᠤ᠋ ᠦᠪᠤᠷ ᠮᠤᠩᠭᠤᠯ ᠤ᠋ᠨ ᠬᠥᠳᠡᠭᠡ ᠲᠣᠰᠬᠣᠨ ᠤ᠋ ᠠᠵᠤ ᠦᠢᠯᠡᠰ ᠢ᠋ ᠬᠥᠭᠵᠢᠭᠦᠯᠦᠨ ᠮᠠᠨᠳᠤᠭᠤᠯᠬᠤ ᠦᠢᠯᠡᠰ ᠪᠤᠰᠬᠠᠵᠤ ᠰᠢᠨ᠎ᠡ ᠵᠢ ᠡᠭᠦᠳᠬᠦ ᠤᠷᠤᠯᠳᠤᠭᠠᠨ ᠬᠥᠬᠡᠬᠣᠲᠠ ᠳ᠋ᠤ ᠶᠠᠪᠤᠭᠳᠠᠪᠠ᠃

ᠤᠷᠤᠯᠳᠤᠭᠠᠨ ᠳ᠋ᠤ ᠪᠦᠬᠦ ᠤᠷᠤᠨ ᠤ᠋ 12 ᠠᠢᠮᠠᠭ ᠬᠤᠲᠠ ᠶ᠋ᠢᠨ ᠬᠦᠳᠡᠭᠡ ᠲᠤᠰᠬᠤᠨ ᠤ᠋ ᠰᠢᠨ᠎ᠠ ᠠᠵᠤ ᠦᠢᠯᠡᠰ ᠰᠢᠨ᠎ᠠ ᠠᠵᠢᠯ ᠲᠦᠷᠦᠯ ᠤ᠋ᠨ ᠦᠢᠯᠡᠰ ᠪᠤᠰᠬᠠᠵᠤ ᠰᠢᠨ᠎ᠡ ᠵᠢ ᠡᠭᠦᠳᠬᠦ ᠭᠤᠤᠯ ᠴᠤᠭᠴᠠ᠂ ᠲᠠᠷᠢᠶᠠᠯᠠᠡᠭ ᠮᠠᠯᠵᠢᠯ ᠤ᠋ᠨ ᠲᠠᠯᠠᠪᠠᠢ᠂ ᠳᠤᠮᠳᠠ ᠪᠠᠭ᠎ᠠ ᠵᠢᠵᠢᠭ ᠠᠵᠤ ᠠᠬᠤᠢᠯᠠᠯ ᠤ᠋ᠨ ᠬᠠᠷᠢᠭᠤᠴᠠᠯᠭᠠᠲᠠᠨ᠂ 《ᠲᠦᠷᠦᠭᠦᠴᠢ ᠭᠠᠯᠠᠭᠤ》 ᠶ᠋ᠢᠨ ᠲᠦᠷᠦᠯ ᠵᠦᠢᠯ ᠤ᠋ᠨ ᠰᠤᠷᠤᠯᠭᠠᠲᠠᠨ᠂ ᠨᠤᠲᠤᠭ ᠲᠠᠭᠠᠨ ᠪᠤᠴᠠᠵᠤ ᠦᠢᠯᠡᠰ ᠪᠤᠰᠬᠠᠭᠰᠠᠨ ᠬᠦᠯᠦᠰᠦᠨ ᠮᠠᠯᠴᠢᠨ ᠲᠠᠷᠢᠶᠠᠴᠢᠨ᠂ ᠶᠠᠬᠡ ᠲᠠᠬᠡᠳᠤ ᠰᠤᠷᠭᠠᠭᠤᠯᠢ ᠡᠴᠡ ᠲᠡᠭᠦᠰᠦᠭᠰᠡᠳ᠂ ᠴᠡᠷᠢᠭ ᠤ᠋ᠨ ᠠᠯᠪᠠ ᠡᠴᠡ ᠬᠠᠯᠠᠭᠳᠠᠭᠰᠠᠳ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠴᠢᠳᠠᠪᠤᠷᠢᠲᠠᠨ ᠵᠡᠷᠭᠡ 130 ᠭᠠᠷᠤᠢ ᠬᠦᠮᠦᠨ ᠤᠷᠤᠯᠴᠠᠨ᠂ ᠦᠷ᠎ᠡ ᠪᠦᠲᠦᠭᠡᠯ ᠶ᠋ᠢᠡᠨ ᠳᠡᠯᠭᠡᠨ ᠦᠵᠡᠭᠦᠯᠵᠠᠢ᠃

ᠤᠷᠤᠯᠳᠤᠭᠠᠨ ᠨᠢ ᠮᠠᠯ ᠠᠵᠤ ᠠᠬᠤᠢ ᠲᠠᠷᠢᠶᠠᠯᠠᠡᠭ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠂ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠨᠠᠷᠢᠯᠢᠭ ᠪᠤᠯᠪᠠᠰᠤᠷᠠᠭᠤᠯᠬᠤ᠂ ᠬᠦᠳᠡᠭᠡ ᠲᠤᠰᠬᠤᠨ ᠤ᠋ ᠰᠢᠨ᠎ᠠ ᠠᠵᠤ ᠦᠢᠯᠡᠰ ᠰᠢᠨ᠎ᠡ ᠠᠵᠢᠯ ᠲᠦᠷᠦᠯ᠂ ᠬᠦᠳᠡᠭᠡ ᠲᠤᠰᠬᠤᠨ ᠤ᠋ ᠠᠵᠤ ᠦᠢᠯᠡᠰ ᠢ᠋ ᠬᠦᠭᠵᠢᠭᠦᠯᠦᠨ ᠮᠠᠨᠳᠤᠭᠤᠯᠬᠤ ᠰᠤᠳᠤᠯᠤᠨ ᠰᠤᠷᠤᠯᠴᠠᠬᠤ ᠰᠠᠭᠤᠷᠢᠨ ᠵᠡᠷᠭᠡ 4 ᠳᠤᠭᠤᠢᠯᠠᠡᠭ ᠬᠤᠪᠢᠶᠠᠵᠤ᠂ ᠤᠷᠤᠯᠳᠤᠭᠠᠨ ᠳ᠋ᠦ ᠤᠷᠤᠯᠴᠠᠭᠰᠠᠳ ᠲᠤᠬᠠᠶ ᠵᠢᠨ ᠲᠠᠯᠠᠪᠠᠶ ᠳ᠋ᠤ ᠦᠷ᠎ᠡ ᠪᠦᠲᠦᠭᠡᠯ ᠶ᠋ᠢᠡᠨ ᠳᠡᠯᠭᠡᠨ ᠦᠵᠡᠭᠦᠯᠵᠦ ᠢᠯᠡᠳᠭᠡᠯ ᠬᠢᠬᠦ᠂ ᠠᠰᠠᠭᠤᠯᠲᠠ ᠬᠠᠷᠢᠭᠤᠯᠬᠤ ᠵᠡᠷᠭᠡ ᠬᠡᠯᠪᠡᠷᠢ ᠪᠡᠷ ᠤᠷ᠎ᠡ ᠮᠡᠷᠭᠡᠵᠢᠯ ᠶ᠋ᠢᠡᠨ ᠰᠢᠯᠭᠠᠯᠴᠠᠵᠢ᠃ ᠳᠡᠯᠭᠡᠨ ᠦᠵᠡᠭᠦᠯᠦᠭᠰᠡᠨ ᠦᠷ᠎ᠡ ᠪᠦᠲᠦᠭᠡᠯ ᠨᠢ ᠤᠳᠤ ᠦᠶ᠎ᠡ ᠶ᠋ᠢᠨ ᠮᠠᠯ ᠠᠵᠤ ᠠᠬᠤᠢ ᠲᠠᠷᠢᠶᠠᠯᠠᠡᠭ ᠳ᠋ᠦ ᠠᠡᠭᠬᠠᠷᠤᠯ ᠶ᠋ᠢᠡᠨ ᠲᠦᠪᠯᠡᠷᠡᠭᠦᠯᠦᠭᠰᠡᠨ ᠰᠢᠨ᠎ᠡ ᠮᠡᠷᠭᠡᠵᠢᠯ᠂ ᠨᠤᠲᠤᠭ ᠤ᠋ᠨ ᠰᠤᠶᠤᠯ ᠳ᠋ᠠᠭᠠᠨ ᠰᠠᠭᠤᠷᠢᠯᠠᠭᠰᠠᠨ ᠰᠢᠨ᠎ᠡ ᠰᠡᠳᠬᠢᠮᠵᠢ᠂ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠳ᠋ᠦ ᠦᠢᠯᠡᠴᠢᠯᠡᠬᠦ ᠰᠢᠨ᠎ᠡ ᠵᠠᠭᠪᠤᠷ ᠢ᠋ ᠬᠠᠮᠤᠷᠴᠤ᠂ ᠤᠷᠤᠯᠳᠤᠭᠠᠨ ᠳ᠋ᠦ ᠤᠷᠤᠯᠴᠠᠭᠰᠠᠳ ᠤ᠋ᠨ ᠮᠠᠯ ᠠᠵᠤ ᠠᠬᠤᠢ ᠲᠠᠷᠢᠶᠠᠯᠠᠡᠭ ᠤ᠋ᠨ ᠤᠳᠤᠬᠢᠴᠢᠯᠠᠯᠲᠠ᠂ ᠮᠠᠯᠴᠢᠨ ᠲᠠᠷᠢᠶᠠᠴᠢᠨ ᠤ᠋ ᠤᠷᠤᠯᠭ᠎ᠠ ᠶ᠋ᠢᠨ ᠨᠡᠮᠡᠭᠳᠡᠯ ᠢ᠋ ᠠᠬᠢᠭᠤᠯᠬᠤ ᠳᠤᠮᠳᠠ ᠦᠵᠡᠭᠦᠯᠵᠦ ᠪᠠᠢᠭ᠎ᠠ ᠤᠶᠤᠨ ᠤᠬᠠᠭᠠᠨ ᠪᠠ ᠡᠭᠦᠷᠭᠡᠯᠡᠯ ᠢ᠋ ᠭᠦᠢᠴᠡᠳ ᠢᠯᠡᠷᠡᠭᠦᠯᠪᠡ᠃ ᠬᠢᠨᠠᠨ ᠰᠢᠯᠭᠠᠷᠠᠭᠤᠯᠬᠤ ᠪᠦᠯᠬᠦᠮ ᠰᠢᠨ᠎ᠡ ᠵᠢ ᠡᠭᠦᠳᠬᠦ᠌ ᠴᠢᠨᠠᠷ᠂ ᠪᠣᠯᠤᠮᠵᠢᠲᠤ᠌ ᠴᠢᠨᠠᠷ᠂ ᠬᠠᠭᠤᠯᠪᠤᠷᠢᠯᠠᠵᠤ ᠪᠣᠯᠬᠤ ᠴᠢᠨᠠᠷ ᠵᠡᠷᠭᠡ ᠬᠠᠷᠠᠭᠠᠰᠤ ᠵᠢᠨ ᠲᠣᠭᠣᠷᠢᠨ ᠳ᠋ᠤ ᠶᠡᠷᠦᠩᠬᠡᠶ᠋ᠢᠯᠡᠭᠰᠡᠨ ᠬᠢᠨᠠᠨ ᠲᠣᠭᠲᠠᠭᠠᠯᠲᠠ ᠬᠢᠵᠤ᠂ ᠳᠤᠭᠤᠢᠯᠠᠡᠭ ᠨᠢᠬᠡᠪᠦᠷᠢ ᠶ᠋ᠢᠨ ᠨᠢᠭᠡᠳᠦᠭᠡᠷ᠂ ᠬᠣᠶᠠᠳᠤᠭᠠᠷ᠂ ᠭᠤᠷᠪᠠᠳᠤᠭᠠᠷ ᠲᠡᠰ ᠢ᠋ ᠰᠢᠯᠭᠠᠷᠠᠭᠤᠯᠤᠨ ᠭᠠᠷᠭᠠᠪᠠ᠃

ᠲᠣᠰ ᠤᠳᠠᠭ᠎ᠠ ᠵᠢᠨ ᠤᠷᠤᠯᠳᠤᠭᠠᠨ ᠨᠢ ᠮᠠᠨ ᠤ᠋ ᠣᠷᠣᠨ ᠤ᠋ ᠦᠢᠯᠡᠰ ᠪᠤᠰᠬᠠᠵᠤ ᠰᠢᠨ᠎ᠡ ᠵᠢ ᠡᠭᠦᠳᠬᠦ ᠦᠷ᠎ᠡ ᠪᠦᠲᠦᠭᠡᠯ᠎ᠦᠨ ᠠᠮᠢᠳᠤᠯᠢᠭ ᠢᠯᠡᠷᠡᠯ ᠪᠣᠯᠤᠭᠰᠠᠨ ᠪᠥᠭᠡᠳ ᠪᠠᠰᠠ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠳ᠋ᠤ ᠠᠰᠢᠭᠲᠠᠶ ᠨᠡᠢᠲᠡᠯᠢᠭ ᠵᠢᠱ᠌ᠢᠶ᠎ᠡ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ ᠡᠴᠡ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠢᠯᠡᠰ ᠪᠤᠰᠬᠠᠵᠤ ᠰᠢᠨ᠎ᠡ ᠵᠢ ᠡᠭᠦᠳᠬᠦ᠌ ᠠᠵᠢᠯ ᠢ᠋ ᠯᠠᠪᠳᠠᠭᠤᠨ ᠪᠠᠲᠤᠲᠠᠶ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭᠠᠷᠠᠭᠤᠯᠤᠨ᠂ ᠡᠬᠢ ᠪᠠᠶᠠᠯᠢᠭ ᠤ᠋ᠨ ᠬᠦᠴᠦᠨ ᠵᠦᠢᠯ ᠢ᠋ ᠡᠮᠬᠢᠯᠡᠨ ᠨᠡᠶ᠋ᠢᠯᠡᠭᠦᠯᠵᠦ᠍᠂ ᠵᠠᠬ᠎ᠠ ᠳᠡᠯᠭᠡᠭᠦᠷ᠎ᠦᠨ ᠦᠢᠯᠡᠴᠢᠯᠡᠭᠡ ᠵᠢ ᠰᠢᠯᠢᠳᠡᠭᠵᠢᠭᠦᠯᠦᠨ᠂ ᠦᠢᠯᠡᠰ ᠪᠤᠰᠬᠠᠭᠴᠢᠳ ᠤ᠋ᠨ ᠰᠢᠨ᠎ᠡ ᠵᠢ ᠡᠭᠦᠳᠬᠦ᠌ ᠠᠮᠢᠵᠢᠷᠠᠯ ᠤ᠋ᠨ ᠬᠦᠴᠦᠨ ᠪᠠ ᠬᠥᠲᠥᠯᠥᠨ ᠳᠠᠭᠠᠭᠤᠯᠬᠤ ᠦᠢᠯᠡᠳᠦᠯ ᠢ᠋ ᠦᠷᠭᠦᠯᠵᠢᠯᠡᠨ ᠪᠠᠳᠠᠷᠠᠭᠤᠯᠵᠤ᠂ ᠬᠥᠳᠡᠭᠡ ᠲᠣᠰᠬᠣᠨ ᠢ᠋ ᠪᠦᠬᠦ ᠲᠠᠯ᠎ᠠ ᠪᠡᠷ ᠬᠥᠭᠵᠢᠭᠦᠯᠦᠨ ᠮᠠᠨᠳᠤᠭᠤᠯᠬᠤ ᠳ᠋ᠦ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号