ᠦᠪᠦᠷ ᠮᠤᠩᠭᠤᠯ ᠮᠢᠺᠷᠤᠪ ᠤ᠋ᠨ ᠬᠡᠪᠴᠢᠶᠡᠵᠢᠭᠰᠡᠨ ᠤᠶᠤᠨᠴᠢ ᠲᠤᠷᠰᠢᠯᠳᠠ ᠶ᠋ᠢᠨ ᠲᠠᠰᠤᠭ ᠢ᠋ ᠪᠠᠢᠭᠤᠯᠪᠠ
2026-08-20 10:24:29
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠤᠢᠯᠠᠭᠠᠭᠰᠠᠨ ᠶ᠋ᠢᠡᠷ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠰᠢᠯᠭᠠᠨ ᠪᠠᠢᠴᠠᠭᠠᠬᠤ ᠰᠤᠳᠤᠯᠤᠯ ᠤ᠋ᠨ ᠬᠦᠷᠢᠶᠡᠯᠡᠩ 967.43 ᠳᠡᠭᠰᠢ ᠳᠦᠷᠪᠡᠯᠵᠢᠨ ᠮᠧᠲᠷ ᠲᠠᠯᠠᠪᠠᠢ ᠪᠦᠬᠦᠢ ᠮᠢᠺᠷᠤᠪ ᠤ᠋ᠨ ᠲᠤᠷᠰᠢᠯᠳᠠ ᠶ᠋ᠢᠨ ᠲᠠᠰᠤᠭ ᠶ᠋ᠢᠡᠨ ᠦᠭᠡᠷᠡᠴᠢᠯᠡᠨ ᠪᠠᠢᠭᠤᠯᠵᠤ ᠳᠡᠰ ᠳᠡᠪᠰᠢᠭᠦᠯᠬᠦ ᠲᠦᠷᠦᠯ ᠵᠦᠢᠯ ᠳ᠋ᠤ ᠲᠦᠰᠢᠭᠯᠡᠨ ᠪᠦᠬᠦ ᠤᠷᠤᠨ ᠤ᠋ ᠠᠩᠬᠠᠳᠠᠭᠴᠢ ᠮᠢᠺᠷᠤᠪ ᠤ᠋ᠨ ᠬᠡᠪᠴᠢᠶᠡᠵᠢᠭᠰᠡᠨ ᠤᠶᠤᠨᠴᠢ ᠲᠤᠷᠰᠢᠯᠳᠠ ᠶ᠋ᠢᠨ ᠲᠠᠰᠤᠭ ᠢ᠋ ᠪᠦᠳᠦᠬᠡᠨ ᠪᠠᠢᠭᠤᠯᠵᠤ᠂ ᠬᠠᠭᠤᠯᠪᠤᠷᠢᠯᠠᠨ ᠳᠡᠯᠭᠡᠷᠡᠭᠦᠯᠵᠦ ᠪᠤᠯᠬᠤ ᠪᠦᠬᠦ ᠬᠦᠴᠦᠨ ᠵᠦᠢᠯ ᠤ᠋ᠨ ᠪᠢᠳᠡᠭᠦᠦ ᠬᠡᠯᠬᠢᠶᠡᠳᠦ ᠬᠠᠮᠢᠶᠠᠷᠤᠯᠳᠠ ᠡᠵᠡᠮᠳᠡᠯ ᠤ᠋ᠨ ᠰᠢᠨ᠎ᠠ ᠵᠠᠭᠪᠤᠷ ᠢ᠋ ᠴᠤᠭᠴᠠᠯᠠᠪᠠ᠃

ᠤᠢᠯᠠᠭᠠᠭᠰᠠᠨ ᠶ᠋ᠢᠡᠷ᠂ ᠲᠤᠰ ᠲᠤᠷᠰᠢᠯᠳᠠ ᠶ᠋ᠢᠨ ᠲᠠᠰᠤᠭ ᠨᠢ 《ᠦᠵᠦᠭᠦᠷᠯᠢᠭ ᠤ᠋ᠨ ᠮᠡᠳᠡᠷᠡᠮᠵᠢ — ᠬᠠᠳᠠᠭᠤ ᠲᠤᠨᠤᠭᠯᠠᠯ ᠤ᠋ᠨ ᠵᠠᠪᠰᠠᠷ ᠤ᠋ᠨ ᠡᠵᠡᠮᠳᠡᠯ — ᠵᠦᠭᠡᠯᠡᠨ ᠲᠤᠨᠤᠭᠯᠠᠯ ᠤ᠋ᠨ ᠳᠠᠪᠴᠠᠩ — ᠲᠤᠭᠠᠴᠢᠯᠠᠭᠰᠠᠨ ᠢᠭᠡᠷ᠎ᠠ ᠴᠤᠭᠴᠠ ᠶ᠋ᠢᠨ ᠬᠠᠷᠠᠭᠠᠨ ᠰᠡᠷᠡᠯ ᠤ᠋ᠨ ᠮᠡᠷᠭᠡᠵᠢᠯ》 ᠵᠡᠷᠭᠡ 4 ᠳᠠᠪᠬᠤᠷᠭ᠎ᠠ ᠶ᠋ᠢᠨ ᠮᠡᠷᠭᠡᠵᠢᠯ ᠤ᠋ᠨ ᠪᠦᠲᠦᠴᠡ ᠪᠡᠷ᠂ ᠪᠤᠳᠠᠰ ᠤ᠋ᠨ ᠰᠦᠯᠵᠢᠶ᠎ᠠ᠂ PFID᠂ ᠵᠠᠪᠰᠠᠷ ᠤ᠋ᠨ ᠪᠤᠳᠤᠯᠳᠠ᠂ ᠭᠤᠷᠪᠠᠨ ᠬᠡᠮᠵᠢᠯᠳᠦ ᠲᠤᠭᠠᠴᠢᠯᠠᠭᠰᠠᠨ ᠢᠬᠡᠷ᠎ᠠ ᠴᠤᠭᠴᠠ ᠶ᠋ᠢᠨ ᠮᠡᠷᠭᠡᠵᠢᠯ ᠵᠡᠷᠭᠡ ᠶ᠋ᠢ ᠶᠡᠷᠦᠩᠬᠡᠢᠯᠡᠨ ᠠᠰᠢᠭᠯᠠᠵᠤ᠂ ᠲᠤᠯᠠᠭᠠᠨ ᠤ᠋ ᠬᠡᠮᠵᠢᠶ᠎ᠠ᠂ ᠴᠢᠬᠢᠭ ᠤ᠋ᠨ ᠬᠡᠮᠵᠢᠶ᠎ᠠ᠂ ᠳᠠᠷᠤᠯᠳᠠ ᠶ᠋ᠢᠨ ᠵᠦᠷᠢᠶ᠎ᠠ᠂ ᠲᠤᠭᠤᠰᠤᠨ ᠤ᠋ ᠮᠦᠬᠦᠯᠢᠭ ᠵᠡᠷᠭᠡ ᠪᠦᠬᠦ ᠬᠦᠷᠢᠶᠡᠨ ᠤ᠋ ᠮᠡᠳᠡᠷᠡᠯᠳᠡ ᠶ᠋ᠢᠨ ᠦᠵᠦᠭᠦᠷᠯᠢᠭ ᠢ᠋ ᠳᠤᠬᠢᠷᠠᠭᠤᠯᠵᠤ᠂ ᠤᠶᠤᠨᠳᠤ ᠬᠤᠷᠭᠤ᠂ ᠭᠠᠷ ᠦᠵᠦᠭᠦᠷ ᠬᠡᠷᠡᠭᠯᠡᠬᠦ PDA ᠵᠡᠷᠭᠡ ᠬᠠᠳᠠᠭᠤ ᠲᠤᠨᠤᠭᠯᠠᠯ ᠢ᠋ ᠢᠵᠢ ᠪᠦᠷᠢᠳᠦᠭᠦᠯᠦᠨ᠂ ᠤᠶᠤᠨᠳᠤ ᠤᠷᠴᠢᠨ ᠨᠦᠬᠦᠴᠡᠯ ᠤ᠋ᠨ ᠬᠢᠨᠠᠨ ᠡᠵᠡᠮᠳᠡᠯ᠂ ᠪᠠᠭᠠᠵᠢ ᠬᠡᠮᠵᠢᠭᠦᠷᠯᠢᠭ ᠤ᠋ᠨ ᠪᠦᠬᠦ ᠠᠮᠢ ᠨᠠᠰᠤᠨ ᠤ᠋ ᠦᠶᠡᠯᠡᠯ ᠤ᠋ᠨ ᠬᠤᠭᠤᠴᠠᠭᠠᠨ ᠤ᠋ ᠬᠠᠮᠢᠶᠠᠷᠤᠯᠳᠠ᠂ ᠦᠯᠢᠭᠡᠷ ᠪᠤᠳᠠᠰ ᠤ᠋ᠨ ᠪᠦᠬᠦ ᠶᠠᠪᠤᠴᠠ ᠶ᠋ᠢᠨ ᠮᠦᠷᠳᠡᠯᠳᠡ᠂ ᠰᠠᠭᠤᠷᠢ ᠲᠡᠵᠢᠭᠡᠯ ᠤ᠋ᠨ ᠪᠢᠳᠡᠭᠦᠦ ᠬᠡᠯᠬᠢᠶᠡᠳᠦ ᠬᠠᠮᠢᠶᠠᠷᠤᠯᠳᠠ ᠡᠵᠡᠮᠳᠡᠯ᠂ ᠠᠶᠤᠯᠳᠦ ᠬᠢᠮᠢ ᠶ᠋ᠢᠨ ᠪᠤᠳᠠᠰ᠂ ᠪᠠᠺᠲ᠋ᠧᠷᠢ ᠶ᠋ᠢᠨ ᠲᠦᠷᠦᠯ ᠵᠦᠢᠯ ᠲᠤᠭ᠎ᠠ ᠬᠡᠮᠵᠢᠶ᠎ᠠ ᠶ᠋ᠢᠨ ᠲᠤᠭᠠᠴᠢᠯᠠᠭᠰᠠᠨ ᠬᠢᠨᠠᠯᠳᠠ ᠬᠠᠮᠢᠶᠠᠷᠤᠯᠳᠠ ᠵᠡᠷᠭᠡ 5 ᠲᠠᠯ᠎ᠠ ᠶ᠋ᠢᠨ ᠭᠤᠤᠯ ᠲᠤᠬᠠᠢᠯᠠᠭᠰᠠᠨ ᠠᠵᠢᠯ ᠢ᠋ ᠪᠡᠶᠡᠯᠡᠭᠦᠯᠵᠦ ᠳᠡᠢᠯᠦᠨ᠎ᠠ᠃

ᠲᠤᠰ ᠲᠤᠷᠰᠢᠯᠳᠠ ᠶ᠋ᠢᠨ ᠲᠠᠰᠤᠭ ᠠᠰᠢᠭᠯᠠᠯᠳᠠ ᠳ᠋ᠤ ᠤᠷᠤᠭᠰᠠᠨ ᠨᠢ ᠤᠤᠯ ᠤ᠋ᠨ ᠬᠦᠮᠦᠨ ᠤ᠋ ᠬᠦᠴᠦ ᠪᠡᠷ ᠴᠠᠭᠳᠠᠨ ᠪᠠᠢᠴᠠᠭᠠᠬᠤ᠂ ᠡᠬᠡ ᠳᠠᠩᠰᠠ ᠪᠠᠢᠭᠤᠯᠤᠨ ᠲᠡᠮᠳᠡᠭᠯᠡᠬᠦ ᠵᠡᠷᠭᠡ ᠠᠵᠢᠯ ᠢ᠋ ᠶᠡᠬᠡ ᠪᠡᠷ ᠪᠠᠭᠠᠰᠬᠠᠵᠤ᠂ ᠦᠯᠢᠭᠡᠷ ᠪᠤᠳᠠᠰ᠂ ᠰᠠᠭᠤᠷᠢ ᠲᠡᠵᠢᠭᠡᠯ ᠤ᠋ᠨ ᠬᠠᠮᠢᠶᠠᠷᠤᠯᠳᠠ ᠳ᠋ᠤ ᠠᠯᠳᠠᠭ᠎ᠠ ᠭᠠᠷᠬᠤ ᠨᠤᠷᠮ᠎ᠠ ᠶ᠋ᠢ ᠢᠯᠡᠳᠳᠡ ᠪᠠᠭᠤᠷᠠᠭᠤᠯᠬᠤ ᠶ᠋ᠢᠨ ᠬᠠᠮᠳᠤ ᠦᠯᠢᠭᠡᠷ ᠪᠤᠳᠠᠰ ᠢ᠋ ᠬᠤᠳᠬᠤᠯᠳᠤᠭᠤᠯᠬᠤ᠂ ᠤᠷᠴᠢᠨ ᠨᠦᠬᠦᠴᠡᠯ ᠪᠠᠷᠢᠮᠵᠢᠶ᠎ᠠ ᠡᠴᠡ ᠬᠡᠳᠦᠷᠡᠬᠦ᠂ ᠠᠶᠤᠯᠳᠦ ᠬᠢᠮᠢ ᠶ᠋ᠢᠨ ᠪᠤᠳᠠᠰ ᠢ᠋ ᠳᠦᠷᠢᠮᠵᠢᠭᠦᠨ ᠪᠤᠰᠤ ᠪᠡᠷ ᠬᠠᠮᠢᠶᠠᠷᠤᠨ ᠡᠵᠡᠮᠳᠡᠬᠦ ᠵᠡᠷᠭᠡ ᠲᠦᠭᠰᠢᠭᠦᠷᠢ ᠡᠴᠡ ᠪᠦᠲᠦᠮᠵᠢᠳᠠᠢ ᠵᠠᠢᠯᠠᠰᠬᠢᠪᠡ᠃ ᠡᠭᠦᠨ ᠤ᠋ ᠵᠡᠷᠭᠡ ᠪᠡᠷ ᠬᠤᠷᠤᠭᠳᠠᠯ ᠮᠠᠲᠧᠷᠢᠶᠠᠯ ᠤ᠋ᠨ ᠦᠢᠯᠡᠳᠦᠯ ᠪᠦᠬᠦᠢ ᠬᠤᠭᠤᠴᠠᠭ᠎ᠠ ᠶ᠋ᠢ ᠰᠡᠷᠡᠮᠵᠢᠯᠡᠭᠦᠯᠬᠦ᠂ ᠲᠤᠨᠤᠭ ᠲᠦᠬᠦᠭᠡᠷᠦᠮᠵᠢ ᠳ᠋ᠤ ᠤᠷᠢᠳᠴᠢᠯᠡᠨ ᠰᠡᠷᠡᠮᠵᠢᠯᠡᠬᠦ ᠴᠢᠨᠠᠷᠳᠠᠢ ᠪᠡᠷ ᠠᠷᠠᠴᠢᠯᠠᠯᠳᠠ ᠬᠠᠮᠠᠭᠠᠯᠠᠯᠳᠠ ᠬᠢᠬᠦ ᠵᠡᠷᠭᠡ ᠪᠡᠷ ᠦᠪᠡᠷ ᠤ᠋ᠨ ᠦᠷᠳᠡᠭ ᠢ᠋ ᠪᠠᠭᠤᠷᠠᠭᠤᠯᠤᠨ᠂ ᠲᠦᠭᠰᠢᠭᠦᠷᠢ ᠶ᠋ᠢ ᠪᠦᠬᠦᠯᠢ ᠡᠳᠦᠷ ᠶ᠋ᠢᠡᠷ ᠰᠡᠷᠡᠮᠵᠢᠯᠡᠭᠦᠯᠵᠤ ᠤᠷᠢᠳᠴᠢᠯᠡᠨ ᠰᠢᠢᠳᠪᠤᠷᠢᠯᠡᠬᠦ ᠶ᠋ᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号