7 ᠰᠠᠷ᠎ᠠ᠎ᠳᠤ ᠮᠠᠨ᠎ᠤ ᠤᠯᠤᠰ᠎ᠤᠨ ᠪᠠᠩᠬᠢ᠎ᠶᠢᠨ ᠪᠤᠰᠤ ᠰᠠᠯᠠᠭ᠎ᠠ ᠮᠥᠴᠢᠷ᠎ᠦᠨ ᠬᠢᠯᠢ ᠠᠯᠤᠰᠯᠠᠭᠰᠠᠨ ᠣᠷᠣᠯᠭ᠎ᠠ ᠵᠠᠷᠤᠯᠭ᠎ᠠ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ 20% ᠪᠡᠷ ᠨᠡᠮᠡᠭᠳᠡᠪᠡ
2026-08-20 11:24:13
ᠵᠣᠬᠢᠶᠠᠭ᠍ᠴᠢ᠄
ᠯᠢᠦ ᠺᠠᠶ ᠰᠢᠶᠦ᠋ᠩ
ᠣᠩᠱᠢᠭ᠍ᠰᠠᠨ ᠣᠳᠠᠭ᠎ᠠ᠄
★★★☆☆

ᠤᠯᠤᠰ᠎ᠤᠨ ᠭᠠᠳᠠᠭᠠᠳᠤ ᠭᠤᠪᠢᠭᠤᠯᠭ᠎ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ 8 ᠰᠠᠷ᠎ᠠ᠎ᠶᠢᠨ 17᠎ᠤ᠋ ᠡᠳᠦᠷ ᠨᠡᠶ᠋ᠢᠲᠡᠯᠡᠭᠰᠡᠨ ᠲᠣᠭ᠎ᠠ ᠪᠠᠷᠢᠮᠲᠠ᠎ᠳᠤ ᠬᠠᠷᠠᠭᠤᠯᠤᠬᠰᠡᠨ᠎ᠢᠶᠡᠷ᠂ 7 ᠰᠠᠷ᠎ᠠ᠎ᠳᠤ᠂ ᠠᠵᠤ ᠠᠬᠤᠶ᠋ᠢᠯᠠᠯ᠂ ᠬᠤᠪᠢ ᠬᠥᠮᠦᠨ ᠵᠡᠷᠭᠡ ᠪᠠᠩᠬᠢ᠎ᠶᠢᠨ ᠪᠤᠰᠤ ᠰᠠᠯᠠᠭ᠎ᠠ ᠮᠥᠴᠢᠷ᠎ᠦᠨ ᠬᠢᠯᠢ ᠠᠯᠤᠰᠯᠠᠭᠰᠠᠨ ᠣᠷᠣᠯᠭ᠎ᠠ ᠵᠠᠷᠤᠯᠭ᠎ᠠ ᠨᠡᠶ᠋ᠢᠲᠡ 1.7 ᠲᠦᠮᠡᠨ ᠳ᠋ᠦᠩᠰᠢᠭᠤᠷ ᠳ᠋ᠣᠯᠯᠠᠷ᠎ᠲᠤ᠌ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ 20% ᠪᠡᠷ ᠨᠡᠮᠡᠭᠳᠡᠪᠡ; ᠭᠠᠳᠠᠭᠠᠳᠤ ᠭᠤᠪᠢᠭᠤᠯᠭ᠎ᠠ᠎ᠶᠢᠨ ᠵᠠᠬ᠎ᠠ ᠳᠡᠯᠭᠡᠭᠦᠷ᠎ᠦᠨ ᠠᠷᠠᠯᠵᠢᠶᠠᠨ᠎ᠤ ᠬᠡᠮᠵᠢᠶ᠎ᠡ 4.3 ᠲᠦᠮᠡᠨ ᠳ᠋ᠦᠩᠰᠢᠭᠤᠷ ᠳ᠋ᠣᠯᠯᠠᠷ᠎ᠲᠤ᠌ ᠬᠦᠷᠴᠦ᠍᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ 8% ᠪᠡᠷ ᠨᠡᠮᠡᠭᠳᠡᠵᠦ᠍᠂ ᠴᠥᠮ ᠨᠡᠯᠢᠶᠡᠳ ᠥᠨᠳᠥᠷ ᠬᠡᠪᠴᠢᠶ᠎ᠡ ᠪᠡᠨ ᠪᠠᠳᠤᠯᠠᠪᠠ᠃

ᠤᠯᠤᠰ᠎ᠤᠨ ᠭᠠᠳᠠᠭᠠᠳᠤ ᠭᠤᠪᠢᠭᠤᠯᠭ᠎ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ ᠵᠢᠨ ᠳᠡᠳ᠋ ᠳᠠᠷᠤᠭ᠎ᠠ᠂ ᠰᠣᠨᠢᠨ ᠮᠡᠳᠡᠭᠡᠨ᠎ᠦ ᠥᠭᠦᠯᠡᠭᠴᠢ ᠯᠢ ᠪᠢᠨ᠂ 7 ᠰᠠᠷ᠎ᠠ᠎ᠳᠤ᠂ ᠮᠠᠨ᠎ᠤ ᠤᠯᠤᠰ᠎ᠤᠨ ᠭᠠᠳᠠᠭᠠᠳᠤ ᠭᠤᠪᠢᠭᠤᠯᠭ᠎ᠠ᠎ᠶᠢᠨ ᠵᠠᠬ᠎ᠠ ᠳᠡᠯᠭᠡᠭᠦᠷ ᠲᠣᠭᠲᠠᠭᠤᠨ᠎ᠢᠶᠠᠷ ᠠᠵᠢᠯᠯᠠᠵᠤ᠂ ᠭᠠᠳᠠᠭᠠᠳᠤ᠎ᠳᠤ ᠬᠣᠯᠪᠣᠭᠳᠠᠬᠤ ᠣᠷᠣᠯᠭ᠎ᠠ ᠵᠠᠷᠤᠯᠭ᠎ᠠ᠎ᠶᠢᠨ ᠬᠡᠪᠴᠢᠶ᠎ᠡ ᠲᠣᠭᠲᠠᠭᠤᠨ᠎ᠢᠶᠠᠷ ᠥᠷᠭᠡᠳᠴᠦ᠍᠂ ᠵᠠᠬ᠎ᠠ ᠳᠡᠯᠭᠡᠭᠦᠷ᠎ᠦᠨ ᠵᠢᠱ᠌ᠢᠯᠲᠡ ᠶᠡᠷᠦᠩᠬᠡᠶ᠎ᠳᠡᠭᠡᠨ ᠲᠣᠭᠲᠠᠭᠤᠨ ᠪᠠᠶ᠋ᠢᠵᠤ᠂ ᠭᠠᠳᠠᠭᠠᠳᠤ ᠭᠤᠪᠢᠭᠤᠯᠭ᠎ᠠ᠎ᠶᠢᠨ ᠠᠷᠠᠯᠵᠢᠶ᠎ᠠ ᠣᠶᠤᠨᠴᠢ ᠪᠥᠭᠡᠳ ᠡᠮᠬᠢ ᠵᠢᠷᠤᠮ᠎ᠲᠠᠶ ᠶᠠᠪᠤᠭᠳᠠᠪᠠ ᠭᠡᠵᠦ ᠲᠠᠨᠢᠯᠴᠠᠭᠤᠯᠪᠠ᠃

ᠲᠣᠭ᠎ᠠ ᠪᠠᠷᠢᠮᠲᠠ᠎ᠳᠤ ᠪᠠᠰᠠ ᠬᠠᠷᠠᠭᠤᠯᠤᠬᠰᠡᠨ᠎ᠢᠶᠡᠷ᠂ ᠬᠢᠯᠢ ᠠᠯᠤᠰᠯᠠᠭᠰᠠᠨ ᠪᠠᠯᠠ ᠮᠥᠩᠭᠥ᠎ᠶᠢᠨ ᠭᠦᠢᠯᠭᠡᠭᠡ᠎ᠡᠴᠡ ᠦᠵᠡᠪᠡᠯ᠂ 7 ᠰᠠᠷ᠎ᠠ᠎ᠳᠤ᠂ ᠠᠵᠤ ᠠᠬᠤᠶ᠋ᠢᠯᠠᠯ᠂ ᠬᠤᠪᠢ ᠬᠥᠮᠦᠨ ᠵᠡᠷᠭᠡ ᠪᠠᠩᠬᠢ᠎ᠶᠢᠨ ᠪᠤᠰᠤ ᠰᠠᠯᠠᠭ᠎ᠠ ᠮᠥᠴᠢᠷ᠎ᠦᠨ ᠬᠢᠯᠢ ᠠᠯᠤᠰᠯᠠᠭᠰᠠᠨ ᠪᠠᠯᠠ ᠮᠥᠩᠭᠥ᠎ᠶᠢᠨ ᠴᠡᠪᠡᠷ ᠣᠷᠣᠭᠤᠯᠤᠯᠲᠠ 598 ᠳ᠋ᠦᠩᠰᠢᠭᠤᠷ ᠳ᠋ᠣᠯᠯᠠᠷ᠎ᠲᠤ᠌ ᠬᠦᠷᠴᠡᠶ᠃ ᠡᠭᠦᠨ᠎ᠳᠦ᠂ ᠡᠳ᠋ ᠪᠠᠷᠠᠭᠠᠨ᠎ᠤ ᠠᠷᠠᠯᠵᠢᠶᠠᠨ᠎ᠤ ᠵᠦᠢᠯ᠎ᠦᠨ ᠳᠤᠤᠷᠠᠬᠢ ᠪᠠᠯᠠ ᠮᠥᠩᠭᠥ᠎ᠶᠢᠨ ᠴᠡᠪᠡᠷ ᠭᠠᠷᠭᠠᠯᠲᠠ᠎ᠶᠢ ᠳᠡᠭᠡᠳᠦ ᠲᠦᠪᠰᠢᠨ᠎ᠳᠦ ᠪᠠᠶ᠋ᠢᠯᠭᠠᠬᠤ᠎ᠶᠢ ᠪᠠᠲᠤᠯᠠᠵᠤ᠂ ᠦᠢᠯᠡᠴᠢᠯᠡᠭᠡᠨ᠎ᠦ ᠠᠷᠠᠯᠵᠢᠶ᠎ᠠ᠂ ᠭᠠᠳᠠᠭᠠᠳᠤ ᠪᠠᠯᠠ᠎ᠶᠢᠨ ᠠᠵᠤ ᠠᠬᠤᠶ᠋ᠢᠯᠠᠯ᠎ᠤᠨ ᠠᠰᠢᠭ ᠪᠠ ᠬᠦᠦ ᠮᠥᠩᠭᠥ᠎ᠶᠢ ᠬᠤᠪᠢᠶᠠᠷᠢᠯᠠᠬᠤ ᠵᠡᠷᠭᠡ ᠵᠦᠢᠯ᠎ᠦᠨ ᠳᠤᠤᠷᠠᠬᠢ ᠪᠠᠯᠠ ᠮᠥᠩᠭᠥ᠎ᠶᠢᠨ ᠴᠡᠪᠡᠷ ᠭᠠᠷᠭᠠᠯᠲᠠ᠎ᠶᠢ ᠲᠣᠭᠲᠠᠭᠤᠨ ᠪᠠᠶ᠋ᠢᠯᠭᠠᠬᠤ ᠵᠢ ᠪᠠᠳᠤᠯᠠᠪᠠ᠃ ᠭᠠᠳᠠᠭᠠᠳᠤ ᠭᠤᠪᠢᠭᠤᠯᠭ᠎ᠠ᠎ᠶᠢᠨ ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭᠴᠡᠭᠡ᠎ᠡᠴᠡ ᠦᠵᠡᠪᠡᠯ᠂ 7 ᠰᠠᠷ᠎ᠠ᠎ᠳᠤ᠂ ᠪᠠᠩᠬᠢ᠎ᠶᠢᠨ ᠭᠤᠪᠢᠭᠤᠯᠭ᠎ᠠ ᠵᠢᠨ ᠲᠠᠰᠤᠯᠤᠨ ᠪᠤᠳᠤᠵᠤ ᠬᠤᠳᠠᠯᠳᠤᠬᠤ ᠡᠶᠡᠷᠭᠦ᠌ ᠵᠥᠷᠢᠶ᠎ᠡ 183 ᠳ᠋ᠦᠩᠰᠢᠭᠤᠷ ᠳ᠋ᠣᠯᠯᠠᠷ᠎ᠲᠤ᠌ ᠬᠦᠷᠴᠦ᠍᠂ ᠠᠵᠤ ᠠᠬᠤᠶ᠋ᠢᠯᠠᠯ ᠪᠣᠳᠠᠲᠤ᠌ ᠬᠡᠷᠡᠭᠴᠡᠭᠡ ᠪᠠ ᠵᠠᠬ᠎ᠠ ᠳᠡᠯᠭᠡᠭᠦᠷ᠎ᠦᠨ ᠨᠥᠬᠥᠴᠡᠯ᠎ᠦᠨ ᠬᠤᠪᠢᠷᠠᠯᠲᠠ᠎ᠶᠢ ᠦᠨᠳᠦᠰᠦᠯᠡᠨ ᠭᠤᠪᠢᠭᠤᠯᠭ᠎ᠠ ᠵᠢᠨ ᠲᠠᠰᠤᠯᠤᠨ ᠪᠤᠳᠤᠵᠤ ᠬᠤᠳᠠᠯᠳᠤᠬᠤ ᠠᠷᠠᠯᠵᠢᠶ᠎ᠠ᠎ᠶᠢ ᠣᠶᠤᠨᠴᠢ᠎ᠪᠠᠷ ᠥᠷᠨᠢᠭᠦᠯᠵᠦ᠍᠂ ᠭᠠᠳᠠᠭᠠᠳᠤ ᠭᠤᠪᠢᠭᠤᠯᠭ᠎ᠠ᠎ᠶᠢᠨ ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭᠴᠡᠭᠡ ᠦᠨᠳᠦᠰᠦᠨ᠎ᠳᠡᠭᠡᠨ ᠲᠡᠩᠴᠡᠭᠦᠷᠢᠲᠡᠶ ᠪᠠᠢᠪᠠ᠃

︵ᠰᠢᠨᠬᠤᠸᠠ ᠬᠣᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 17 ᠤ᠋ ᠴᠠᠬᠢᠯᠭᠠᠨ ᠮᠡᠳᠡᠭᠡ︶

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号