ᠨᠤᠮ᠎ᠤᠨ ᠦᠨᠦᠷ ᠬᠠᠩᠬᠤᠯᠤᠬᠰᠠᠨ ᠰᠤᠶᠤᠯ᠎ᠤᠨ ᠦᠪᠡᠲᠡᠭᠰᠢ ᠴᠤᠬᠯᠠᠭᠠᠨ
2026-08-20 10:00:59
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

— 2026 ᠤᠮᠠᠷᠠᠲᠤ ᠬᠢᠯᠢ ᠢ᠋ᠢᠨ ᠨᠤᠮ᠎ᠤᠨ ᠦᠵᠡᠰᠭᠦᠯᠡᠩ᠎ᠤᠨ ᠳᠤᠬᠠᠢ ᠬᠦᠤᠷᠨᠢᠯ

 

ᠨᠠᠢ᠍ᠮᠠᠨ ᠰᠠᠷ᠎ᠠ ᠢ᠋ᠢᠨ ᠬᠦᠬᠡᠬᠤᠲᠠ᠎ᠳᠤ ᠨᠤᠮ᠎ᠤᠨ ᠦᠨᠦᠷ ᠬᠠᠩᠬᠤᠯᠤᠨ᠎ᠠ᠃ 8 ᠰᠠᠷ᠎ᠠ᠎ᠶᠢᠨ 13 ᠡᠴᠡ 17 ᠤ᠋ ᠡᠳᠦᠷ ᠪᠤᠯᠳᠠᠯ᠎ᠠ 2026 ᠤᠮᠠᠷᠠᠲᠤ ᠬᠢᠯᠢ ᠢ᠋ᠢᠨ ᠨᠤᠮ᠎ᠤᠨ ᠦᠵᠡᠰᠭᠦᠯᠡᠩ ᠥᠪᠥᠷ ᠮᠣᠩᠭᠣᠯ᠎ᠤᠨ ᠤᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠠᠮᠵᠢᠯᠲᠠ᠎ᠲᠠᠢ ᠶᠠᠪᠤᠭᠳᠠᠪᠠ᠃ ᠲᠠᠪᠤᠨ ᠡᠲᠦᠷ᠎ᠤᠨ ᠬᠤᠭᠤᠴᠠᠭᠠᠨ᠎ᠳᠤ ᠦᠵᠡᠰᠭᠦᠯᠡᠩ᠎ᠤᠨ ᠬᠦᠬᠡᠬᠤᠲᠠ᠎ᠳᠡᠬᠢ ᠭᠣᠣᠯ ᠬᠤᠷᠠᠯ᠎ᠤᠨ ᠲᠠᠯᠠᠪᠠᠶ ᠨᠢ ᠨᠡᠶ᠋ᠢᠲᠡ 7 ᠲᠦᠮᠡ ᠭᠠᠷᠤᠢ ᠬᠥᠮᠥᠨ᠎ᠢ ᠭᠥᠯᠢᠶᠡᠨ ᠠᠪᠴᠤ᠂ ᠪᠥᠬᠥ ᠣᠷᠣᠨ᠎ᠳᠤ ᠨᠡᠶ᠋ᠢᠲᠡ 1700 ᠭᠠᠷᠤᠢ ᠲᠦᠮᠡᠨ ᠲᠥᠭᠥᠷᠢᠭ᠎ᠤᠨ ᠦᠷᠳᠡᠭ ᠪᠦᠬᠦᠢ ᠨᠤᠮ ᠪᠣᠷᠣᠯᠠᠭᠤᠯᠵᠦ᠂ ᠳᠡᠭᠡᠷ᠎ᠡ ᠤᠳᠠᠭ᠎ᠠ ᠵᠢᠨ ᠨᠣᠮ᠎ᠤᠨ ᠦᠵᠡᠰᠬᠦᠯᠡᠩ᠎ᠡᠴᠡ 13% ᠪᠡᠷ ᠨᠡᠮᠡᠭᠳᠡᠵᠦ ᠂ ᠬᠥᠮᠥᠨ᠎ᠦ ᠲᠤᠭ᠎ᠠ᠂ ᠪᠣᠷᠤᠯᠠᠭᠤᠯᠭ᠎ᠠ᠎ᠶᠢᠨ ᠬᠡᠮᠵᠢᠶ᠎ᠡ ᠢ᠋ᠢᠨ ᠬᠣᠣᠰ ᠨᠡᠮᠡᠭᠳᠡᠯ᠎ᠢ ᠪᠡᠶᠡᠯᠡᠭᠦᠯᠵᠦ᠂ ᠦᠪᠦᠷ ᠮᠤᠩᠭᠤᠯ᠎ᠤᠨ ᠪᠦᠬᠦ ᠠᠷᠠᠳ᠎ᠤᠨ ᠤᠩᠰᠢᠯᠭ᠎ᠠ᠎ᠶᠢᠨ ᠠᠭᠤᠷ ᠠᠮᠢᠰᠬᠤᠯ ᠪᠣᠯᠣᠨ ᠤᠮᠠᠷᠠᠲᠤ ᠬᠢᠯᠢ᠎ᠶᠢᠨ ᠨᠣᠮ᠎ᠤᠨ ᠦᠵᠡᠰᠬᠦᠯᠡᠩ᠎ᠦᠨ ᠡᠳᠦᠷ ᠢᠷᠡᠬᠦᠶ᠎ᠡ ᠥᠷᠭᠡᠳᠴᠦ ᠪᠠᠢᠭ᠎ᠠ ᠲᠦᠷᠦᠯ ᠲᠡᠮᠳᠡᠭ᠎ᠦᠨ ᠨᠥᠯᠥᠭᠡᠯᠡᠬᠦ ᠬᠦᠴᠦᠨ ᠢ᠋ ᠬᠦᠢᠴᠡᠳ ᠬᠠᠷᠠᠭᠤᠯᠪᠠ᠃

ᠨᠤᠮ᠎ᠤᠨ ᠦᠵᠡᠰᠭᠦᠯᠡᠩ ᠨᠢ 《1+2+N》 ᠵᠠᠭᠪᠤᠷ᠎ᠤᠨ ᠰᠢᠨ᠎ᠡ᠎ᠶᠢ ᠡᠭᠦᠳᠴᠦ᠂ ᠬᠥᠬᠡᠬᠣᠲᠠ᠎ᠶᠢᠨ ᠭᠣᠣᠯ ᠬᠤᠷᠠᠯ᠎ᠤᠨ ᠲᠠᠯᠠᠪᠠᠶ᠂ ᠣᠷᠳᠣᠰ ᠬᠤᠲᠠ᠂ ᠬᠢᠩᠭᠠᠨ ᠠᠢᠮᠠᠭ ᠲᠸ᠋ ᠬᠤᠪᠢᠶᠠᠷᠢ ᠲᠠᠯᠠᠪᠠᠢ ᠲᠤᠬᠢᠷᠠᠭᠤᠯᠤᠨ᠂ ᠪᠥᠬᠥ ᠣᠷᠣᠨ᠎ᠤ ᠡᠯ᠎ᠡ ᠠᠢᠮᠠᠭ ᠬᠣᠲᠠ᠎ᠶᠢᠨ ᠰᠢᠨᠬᠤᠸᠠ ᠨᠣᠮ᠎ᠤᠨ ᠳᠡᠯᠭᠡᠭᠦᠷ᠎ᠲᠠᠢ ᠬᠣᠯᠪᠤᠭᠠᠯᠠᠨ ᠬᠥᠳᠡᠯᠦᠯᠴᠡᠬᠦ᠎ᠶᠢᠨ ᠬᠠᠮᠲᠤ ᠰᠦᠯᠵᠢᠶᠡᠨ ᠳᠡᠭᠡᠷᠡᠬᠢ ᠲᠠᠪᠴᠠᠩ ᠲᠠᠢ ᠬᠤᠯᠪᠤᠭᠠᠯᠠᠨ ᠪᠦᠬᠦ ᠤᠷᠤᠨ ᠪᠦᠰᠡ ᠵᠢ ᠬᠠᠮᠤᠷᠤᠬᠰᠠᠨ ᠪᠤᠰᠤᠭ᠎ᠠ ᠴᠤᠬᠴᠠᠲᠦ ᠤᠩᠰᠢᠯᠭ᠎ᠠ ᠲᠠᠮᠵᠢᠭᠤᠯᠭ᠎ᠠ ᠢ᠋ᠢᠨ ᠲᠤᠤᠷ ᠢ᠋ ᠪᠦᠷᠢᠯᠲᠦᠭᠦᠯᠪᠡ᠃

1.8 ᠲᠦᠮᠡᠨ ᠲᠡᠭᠰᠢ ᠳᠥᠷᠪᠡᠯᠵᠢᠨ ᠮᠧᠲᠷ ᠪᠦᠬᠦᠢ ᠬᠦᠬᠡᠬᠤᠲᠠ᠎ᠳᠡᠬᠢ ᠭᠤᠤᠯ ᠬᠤᠷᠠᠯ᠎ᠤᠨ ᠲᠠᠯᠠᠪᠠᠢ᠎ᠳᠤ ᠪᠦᠬᠦ ᠤᠯᠤᠰ᠎ᠤᠨ 300 ᠭᠠᠷᠤᠢ ᠬᠡᠪᠯᠡᠯ᠎ᠦᠨ ᠪᠠᠢᠭᠤᠯᠤᠮᠵᠢ ᠢ᠋ᠢᠨ ᠬᠢᠨ10 ᠲᠦᠮᠡ ᠭᠠᠷᠤᠢ ᠲᠦᠷᠦᠯ᠂ 100 ᠲᠦᠮᠡ ᠭᠠᠷᠤᠢ ᠳᠡᠪᠲᠡᠷ ᠰᠣᠳᠣᠨ ᠨᠣᠮ ᠪᠣᠯᠣᠨ ᠣᠨᠴᠠᠯᠢᠭ᠍ᠲᠤ ᠰᠣᠶᠣᠯ᠎ᠤᠨ ᠪᠦᠲᠦᠭᠡᠭᠳᠡᠬᠦᠨ᠎ᠢ᠋ᠢᠡᠨ ᠲᠥᠪᠯᠡᠷᠡᠭᠦᠯᠦᠨ ᠳᠡᠯᠭᠡᠨ ᠦᠵᠡᠭᠦᠯᠪᠡ᠃ ᠵᠢᠷᠭᠤᠭᠠᠨ ᠶᠡᠬᠡ ᠭᠤᠤᠯ ᠰᠡᠲᠦᠪᠲᠦ ᠦᠵᠡᠭᠦᠯᠭᠡ ᠢ᠋ᠢᠨ ᠲᠤᠭᠤᠷᠢᠭ ᠨᠢ ᠦᠪᠡᠷᠮᠢᠴᠡ ᠤᠨᠴᠠᠯᠢᠬ ᠢ᠋ᠢᠡᠷ ᠢ᠋ᠢᠡᠨ ᠤᠩᠰᠢᠬᠴᠢᠳ᠎ᠤᠨ ᠠᠩᠬᠠᠷᠤᠯ ᠢ᠋ ᠲᠠᠲᠠᠪᠠ᠃ 《ᠦᠨᠡᠨ ᠶᠣᠰᠣᠨ᠎ᠤ ᠭᠡᠷᠡᠯ ᠭᠢᠯᠪᠠᠭ᠎ᠠ》 ᠦᠵᠡᠭᠦᠯᠭᠡ᠎ᠶᠢᠨ ᠲᠣᠭᠣᠷᠢᠭ᠋ ᠨᠢ ᠨᠠᠮ᠎ᠤᠨ ᠰᠢᠨ᠎ᠡ ᠡᠭᠦᠲᠦᠯᠲᠡ ᠢ᠋ᠢᠨ ᠤᠨᠤᠯ᠎ᠤᠨ ᠦᠷ᠎ᠡ ᠪᠦᠲᠦᠭᠡᠯ ᠢ᠋ ᠳᠡᠯᠭᠡᠨ ᠦᠵᠡᠭᠦᠯᠵᠦ᠂ 《ᠥᠪᠥᠷ ᠮᠣᠩᠭᠣᠯ᠎ᠢ ᠤᠩᠰᠢᠨ ᠤᠢᠯᠠᠭᠠᠬᠤᠢ》 ᠦᠵᠡᠭᠦᠯᠭᠡ᠎ᠶᠢᠨ ᠲᠣᠭᠣᠷᠢᠭ᠋᠎ᠲᠤ ᠮᠤᠨᠢ ᠠᠭᠤᠯᠠ ᠢ᠋ᠢᠨ ᠬᠠᠲᠠᠨ ᠵᠢᠷᠤᠭ᠂ ᠡᠷᠲᠡᠨ᠎ᠤ ᠨᠤᠮ ᠰᠤᠳᠤᠷ᠂ 《ᠦᠪᠦᠷ ᠮᠤᠩᠭᠤᠯ᠎ᠤᠨ ᠰᠤᠶᠤᠯ ᠤ᠋ᠨ ᠬᠦᠮᠦᠷᠭᠡ》 ᠵᠡᠷᠭᠡ ᠰᠤᠶᠤᠯ᠎ᠤᠨ ᠪᠦᠲᠦᠭᠡᠯ ᠢ᠋ ᠲᠡᠯᠭᠡᠨ ᠦᠵᠡᠭᠦᠯᠵᠦ᠂ ᠤᠯᠠᠨ ᠨᠡᠢᠲᠡ ᠢ᠋ᠢᠨ ᠬᠡᠪᠯᠡᠯ᠎ᠤᠨ ᠬᠤᠷᠢᠶ᠎ᠠ ᠢ᠋ᠢᠨ ᠦᠵᠡᠭᠦᠯᠭᠡ ᠢ᠋ᠢᠨ ᠲᠤᠭᠤᠷᠢᠭ ᠪᠠ ᠪᠠᠭᠠᠴᠤᠳ ᠬᠡᠦᠬᠡᠳ᠎ᠦᠨ ᠦᠵᠡᠭᠦᠯᠭᠡ᠎ᠶᠢᠨ ᠲᠣᠭᠣᠷᠢᠭ᠋᠎ᠲᠤ ᠲᠤᠰ ᠲᠤᠰ ᠤᠯᠤᠰ᠎ᠤᠨ ᠳᠣᠲᠣᠭᠠᠳᠤ᠎ᠶᠢᠨ ᠲᠣᠯᠣᠭᠠᠢᠯᠠᠬᠴᠢ ᠬᠡᠪᠯᠡᠯ᠎ᠦᠨ ᠪᠦᠯᠦᠭᠯᠡᠯ᠎ᠦᠨ ᠰᠣᠳᠣᠨ ᠪᠦᠲᠦᠭᠡᠯ ᠪᠠ ᠪᠠᠭᠠᠴᠤᠳ ᠬᠡᠦᠬᠡᠳ᠎ᠤᠨ ᠨᠤᠮ ᠪᠢᠴᠢᠭ ᠢ᠋ ᠬᠠᠩᠭᠠᠯᠳᠠᠳᠠᠢ ᠳᠡᠯᠭᠡᠨ ᠪᠤᠷᠤᠯᠠᠭᠤᠯᠪᠠ᠃ ᠲᠣᠰ ᠬᠤᠭᠤᠴᠠᠭᠠᠨ᠎ᠤ ᠨᠤᠮ᠎ᠤᠨ ᠦᠵᠡᠰᠭᠦᠯᠡᠩ᠎ᠳᠤ ᠤᠯᠠᠮᠵᠢᠯᠠᠯ᠎ᠤᠨ ᠲᠤᠮᠲᠠ ᠰᠢᠪᠲᠤᠯᠤᠯᠲᠠ ᠭᠠᠷᠭᠠᠬᠤ ᠵᠢ ᠵᠤᠷᠢᠵᠦ᠂ ᠰᠢᠨ᠎ᠡ ᠵᠢ ᠡᠭᠦᠲᠦᠨ ᠲᠡᠰ ᠲᠡᠪᠰᠢᠭᠦᠯᠵᠦ᠂ ᠣᠶᠤᠨᠳᠤ ᠰᠤᠷᠭᠠᠨ ᠬᠥᠮᠦᠵᠢᠯ᠎ᠦᠨ ᠦᠢᠯᠡᠴᠢᠯᠡᠭᠡᠨ᠎ᠦ ᠦᠵᠡᠭᠦᠯᠭᠡ᠎ᠶᠢᠨ ᠲᠣᠭᠣᠷᠢᠭ᠋ ᠪᠠ ᠰᠣᠶᠣᠯ ᠵᠢᠭᠤᠯᠴᠢᠯᠠᠯ ᠰᠣᠶᠣᠯ᠎ᠤᠨ ᠡᠭᠦᠳᠦᠯᠲᠡ᠎ᠶᠢᠨ ᠠᠭᠤᠰᠤᠯᠴᠠᠯ᠎ᠤᠨ ᠦᠵᠡᠭᠦᠯᠭᠡ᠎ᠶᠢᠨ ᠲᠣᠭᠣᠷᠢᠭ᠋᠎ᠢ ᠰᠢᠨ᠎ᠡ᠎ᠪᠡᠷ ᠨᠡᠮᠡᠵᠦ᠂ ᠬᠡᠪᠯᠡᠯ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠤᠨ᠂ ᠨᠤᠮ ᠤᠩᠰᠢᠯᠭ᠎ᠠ᠎ᠶᠢᠨ ᠠᠵᠤ ᠦᠢᠯᠡᠰ᠎ᠦᠨ ᠬᠢᠵᠠᠭᠠᠷ᠎ᠢ ᠥᠷᠭᠡᠳᠬᠡᠪᠡ᠃

ᠨᠤᠮ᠎ᠤᠨ ᠦᠵᠡᠰᠭᠦᠯᠡᠩ᠎ᠤᠨ ᠬᠤᠭᠤᠴᠠᠭᠠᠨ᠎ᠳᠤ ᠰᠤᠶᠤᠯ᠎ᠤᠨ ᠠᠵᠢᠯᠯᠠᠭ᠎ᠠ ᠡᠯᠪᠡᠭ ᠪᠠᠶᠠᠯᠢᠭ᠋ ᠪᠠᠢᠵᠦ᠂ ᠤᠯᠤᠰ᠎ᠤᠨ ᠳᠣᠲᠣᠭᠠᠳᠤ᠎ᠶᠢᠨ 30 ᠭᠠᠷᠤᠢ ᠨᠡᠷᠡᠳᠦ ᠵᠣᠬᠢᠶᠠᠯᠴᠢ᠂ ᠡᠷᠳᠡᠮᠲᠡᠨ᠂ ᠰᠣᠶᠣᠯ᠎ᠤᠨ ᠨᠡᠷᠡᠳᠦ ᠬᠥᠮᠥᠰ ᠬᠦᠷᠦᠯᠴᠡᠨ ᠢᠷᠡᠵᠦ᠂ ᠰᠢᠨ᠎ᠡ ᠨᠣᠮ ᠲᠠᠷᠬᠠᠭᠠᠬᠤ᠂ ᠭᠣᠣᠯ ᠰᠡᠳᠦᠪ᠎ᠢ ᠬᠤᠪᠢᠶᠠᠯᠴᠠᠬᠤ᠂ ᠭᠠᠷ᠎ᠤᠨ ᠦᠰᠦᠭ ᠵᠢᠷᠤᠵᠤ ᠬᠤᠳᠠᠯᠳᠤᠬᠤ᠂ ᠡᠷᠳᠡᠮ ᠰᠢᠨᠵᠢᠯᠡᠭᠡᠨ᠎ᠦ ᠶᠠᠷᠢᠯᠴᠠᠭ᠎ᠠ ᠬᠢᠬᠦ ᠵᠡᠷᠭᠡ ᠠᠵᠢᠯᠯᠠᠭ᠎ᠠ ᠥᠷᠨᠢᠭᠦᠯᠵᠦ᠂ ᠨᠡᠢ᠍ᠢᠳᠡ 200 ᠭᠠᠷᠤᠢ ᠲᠠᠯᠠᠪᠠᠢ ᠰᠦᠯᠵᠢᠶᠡᠨ ᠳᠡᠭᠡᠷᠡᠬᠢ ᠪᠠ ᠪᠤᠳᠠᠳᠦ ᠴᠤᠬᠴᠠ ᠢ᠋ᠢᠨ ᠰᠤᠶᠤᠯ᠎ᠤᠨ ᠠᠵᠢᠯᠯᠠᠭ᠎ᠠ ᠶᠠᠪᠤᠬᠲᠠᠪᠠ᠃ 8 - 12 ᠨᠠᠰᠤᠨ᠎ᠤ ᠬᠡᠦᠬᠡᠳ᠎ᠤᠨ ᠲᠠᠰ ᠬᠤᠪᠢᠶᠠᠨ ᠤᠩᠰᠢᠬᠤ ᠲᠦᠷᠦᠭᠦᠦ ᠪᠦᠯᠦᠭ᠎ᠤᠨ ᠲᠠᠨᠢᠯᠴᠠᠭᠤᠯᠭ᠎ᠠ ᠢ᠋ᠢᠨ ᠨᠣᠮ᠎ᠤᠨ ᠭᠠᠷᠴᠠᠭ᠎ᠢ ᠨᠡᠢᠲᠡᠯᠡᠵᠦ᠂ ᠮᠣᠣ ᠳ᠋ᠦᠨ ᠤᠳᠬ᠎ᠠ ᠵᠣᠬᠢᠶᠠᠯ᠎ᠤᠨ ᠱᠠᠩᠨᠠᠯ ᠬᠦᠷᠲᠡᠭᠴᠢ ᠯᠢᠦ ᠵᠧᠨ ᠶᠦᠨ ᠢ᠋ ᠥᠪᠥᠷ ᠮᠣᠩᠭᠣᠯ᠎ᠤᠨ ᠪᠥᠬᠥ ᠠᠷᠠᠳ᠎ᠤᠨ ᠨᠤᠮ ᠤᠩᠰᠢᠯᠭ᠎ᠠ ᠵᠢ ᠲᠡᠯᠭᠡᠷᠡᠭᠦᠯᠦᠭᠴᠢ ᠡᠯᠴᠢᠨ ᠢ᠋ᠢᠡᠷ ᠤᠷᠢᠵᠦ᠂ 《ᠴᠢᠩ ᠤᠯᠤᠰ᠎ᠤᠨ ᠦᠶ᠎ᠡ᠎ᠶᠢᠨ ᠥᠪᠥᠷ ᠮᠣᠩᠭᠣᠯ᠎ᠤᠨ ᠬᠢᠯᠢ ᠬᠢᠵᠠᠭᠠᠷ᠎ᠤᠨ ᠵᠠᠰᠠᠯᠲᠠ᠎ᠶᠢᠨ ᠣᠯᠠᠨ ᠬᠡᠯᠡᠨ᠎ᠦ ᠲᠠᠩᠰᠠ ᠡᠪᠬᠡᠮᠡᠯ᠎ᠦᠨ ᠡᠮᠬᠢᠳᠬᠡᠯ》 ᠵᠡᠷᠭᠡ ᠤᠯᠠᠨ ᠰᠢᠨ᠎ᠡ ᠨᠣᠮ ᠤ᠋ᠳ ᠣᠯᠠᠨ᠎ᠤ ᠡᠮᠦᠨ᠎ᠡ ᠳᠡᠯᠭᠡᠭᠳᠡᠪᠠ ᠁ ᠠᠵᠢᠯᠯᠠᠭ᠎ᠠ ᠨᠤᠭᠤᠳ ᠨᠢ ᠪᠥᠬᠥ ᠨᠠᠰᠤᠨ᠎ᠤ ᠱᠠᠲᠤ᠂ ᠡᠯ᠎ᠡ ᠠᠵᠢᠯ ᠮᠡᠷᠭᠡᠵᠢᠯ ᠢ᠋ ᠬᠠᠮᠤᠷᠴᠤ᠂ ᠡᠯ᠎ᠡ ᠡᠲᠡᠭᠡᠳ᠎ᠤᠨ ᠰᠠᠢᠨ ᠦᠨᠡᠯᠡᠯᠲᠡ ᠵᠢ ᠤᠯᠵᠠᠢ᠃

ᠦᠪᠦᠷ ᠮᠤᠩᠭᠤᠯ᠎ᠤᠨ ᠪᠠᠬᠰᠢ ᠢ᠋ᠢᠨ ᠶᠡᠬᠡ ᠰᠤᠷᠭᠠᠭᠤᠯᠢ ᠢ᠋ᠢᠨ ᠬᠠᠷᠢᠶᠠᠲᠦ ᠭᠤᠷᠪᠠᠳᠤᠭᠠᠷ ᠰᠤᠷᠭᠠᠭᠤᠯᠢ ᠢ᠋ᠢᠨ ᠪᠠᠭ᠎ᠠ ᠰᠤᠷᠭᠠᠭᠤᠯᠢ ᠢ᠋ᠢᠨ ᠬᠡᠯᠲᠡᠰ᠎ᠤᠨ ᠲᠠᠪᠤᠳᠤᠭᠠᠷ ᠤᠨ᠎ᠤ ᠨᠠᠷᠠᠨᠲ᠋ᠤᠤᠯᠢ 《ᠪᠠᠶᠠᠰᠬᠤᠯᠠᠩᠲᠦ ᠲᠠᠯ᠎ᠠ ᠨᠤᠳᠤᠭ》 ᠬᠡᠦᠬᠡᠳ᠎ᠤᠨ ᠵᠢᠷᠤᠬᠯᠠᠯ ᠲᠡᠪᠲᠡᠷ᠎ᠤᠨ ᠲᠠᠷᠬᠠᠭᠠᠯᠲᠠ ᠢ᠋ᠢᠨ ᠶᠤᠰᠤᠯᠠᠯ᠎ᠳᠤ ᠤᠷᠤᠯᠴᠠᠵᠦ᠂ ᠲᠤᠰ ᠢᠵᠢ ᠨᠤᠮ᠎ᠳᠡᠬᠢ 《ᠴᠢᠪᠠᠭᠠᠨ ᠤᠯᠠᠭᠠᠨ ᠪᠢᠲᠡ ᠬᠤᠶᠠᠭᠤᠯᠠ ᠢ᠋ᠢᠨ ᠨᠠᠮᠤᠷ》 ᠬᠡᠬᠦ ᠨᠤᠮ ᠢ᠋ ᠦᠵᠡᠭᠡᠳ ᠨᠢᠲᠦ ᠨᠢ ᠵᠠᠢᠷᠲᠤᠨ᠎ᠠ᠃ 《ᠲᠤᠰ ᠨᠤᠮ᠎ᠳᠤ ᠨᠢᠭᠡ ᠦᠨᠦᠴᠢᠨ ᠤᠨᠠᠭ᠎ᠠ ᠢ᠋ᠢᠨ ᠦᠯᠢᠭᠡᠷ ᠢ᠋ ᠶᠠᠷᠢᠵᠦ᠂ ᠡᠬᠡ ᠪᠠᠢᠭᠠᠯᠢ ᠪᠠᠨ ᠬᠠᠢᠷᠠᠯᠠᠬᠤ᠂ ᠠᠮᠢᠲᠠᠨ ᠭᠤᠤᠯᠲᠠᠨ ᠢ᠋ ᠬᠠᠢᠷᠠᠯᠠᠬᠤ ᠰᠡᠳᠬᠢᠯᠭᠡ ᠵᠢ ᠲᠠᠮᠵᠢᠭᠤᠯᠤᠬᠰᠠᠨ ᠪᠠᠢᠨ᠎ᠠ᠃ ᠲᠤᠰ ᠢᠵᠢ ᠨᠤᠮ᠎ᠤᠨ ᠠᠭᠤᠯᠭ᠎ᠠ ᠨᠢ ᠠᠪᠰᠠᠷᠬᠠᠨ᠂ ᠵᠢᠷᠤᠭ ᠨᠢ ᠠᠮᠢᠳᠤᠯᠢᠬ᠂ ᠤᠳᠬ᠎ᠠ ᠨᠢ ᠬᠦᠨᠵᠡᠭᠡᠢ ᠰᠠᠢᠬᠠᠨ ᠨᠤᠮ ᠪᠤᠯᠤᠨ᠎ᠠ》 ᠬᠡᠵᠦ ᠨᠠᠷᠠᠨᠲ᠋ᠤᠤᠯᠢ ᠶᠠᠷᠢᠨ᠎ᠠ᠃

ᠲᠤᠰᠬᠠᠢᠯᠠᠨ ᠪᠤᠭᠤᠲᠦ ᠬᠤᠲᠠ ᠡᠴᠡ ᠬᠡᠦᠬᠡᠳ᠎ᠢᠶᠡᠨ ᠳᠠᠭᠠᠭᠤᠯᠤᠨ ᠨᠤᠮ᠎ᠤᠨ ᠦᠵᠡᠰᠭᠦᠯᠡᠩ᠎ᠳᠤ ᠢᠷᠡᠭᠰᠡᠨ ᠰᠢᠤᠸᠠᠢ ᠺᠠᠢ ᠮᠢᠨ᠄ 《ᠨᠤᠮ᠎ᠤᠨ ᠦᠵᠡᠰᠭᠦᠯᠡᠩ᠎ᠤᠨ ᠨᠤᠮ᠎ᠤᠨ ᠲᠦᠷᠦᠯ ᠵᠦᠢᠯ ᠨᠢ ᠤᠯᠠᠨ᠂ ᠠᠵᠢᠯᠯᠠᠭ᠎ᠠ ᠨᠢ ᠡᠯᠪᠡᠭ ᠪᠠᠶᠠᠯᠢᠬ᠂ ᠬᠡᠦᠬᠡᠳ ᠢ᠋ᠢᠡᠨ ᠲᠠᠭᠠᠭᠤᠯᠤᠨ ᠨᠤᠮ᠎ᠤᠨ ᠦᠵᠡᠰᠭᠦᠯᠡᠩ ᠢ᠋ᠢᠡᠷ ᠲᠤᠭᠤᠷᠢᠵᠦ ᠪᠡᠶᠡᠴᠢᠯᠡᠨ ᠤᠢᠯᠠᠭᠠᠭᠤᠯᠬᠤ ᠨᠢ ᠮᠠᠰᠢ ᠤᠳᠬ᠎ᠠ ᠠᠭᠤᠯᠭ᠎ᠠ᠎ᠲᠠᠢ ᠪᠠᠢᠵᠦ᠂ ᠬᠡᠦᠬᠡᠳ᠎ᠦᠨ ᠦᠰᠦᠨ ᠪᠣᠶ᠋ᠢᠵᠢᠯᠲᠠ᠎ᠶᠢᠨ ᠨᠢᠭᠡᠨ ᠰᠠᠢᠬᠠᠨ ᠥᠩᠭᠡᠷᠡᠯᠲᠡ ᠪᠣᠯᠣᠨ᠎ᠠ》 ᠬᠡᠵᠦ ᠬᠡᠯᠡᠪᠡ᠃

ᠠᠷᠠᠳ᠎ᠲᠤ ᠠᠰᠢᠭ᠋ ᠬᠦᠷᠲᠡᠭᠡᠬᠦ ᠪᠣᠯ ᠲᠤᠰ ᠬᠤᠭᠤᠴᠠᠭᠠᠨ᠎ᠤ ᠨᠣᠮ᠎ᠤᠨ ᠦᠵᠡᠰᠬᠦᠯᠡᠩ᠎ᠦᠨ ᠨᠢᠭᠡᠨ ᠢᠯᠡ ᠲᠣᠳᠣ᠌ ᠤᠨᠴᠠᠯᠢᠬ ᠪᠤᠯᠤᠨ᠎ᠠ᠃ ᠭᠤᠤᠯᠯᠠᠨ ᠡᠷᠬᠢᠯᠡᠭᠰᠡᠨ ᠨᠢᠭᠡᠴᠢ ᠢ᠋ᠢᠨ ᠬᠢᠨ ᠵᠠᠭᠤᠨ ᠲᠦᠮᠡᠨ ᠲᠥᠭᠥᠷᠢᠭ᠎ᠦᠨ ᠠᠷᠠᠳ᠎ᠲᠤ ᠠᠰᠢᠭ᠋ ᠬᠦᠷᠲᠡᠭᠡᠬᠦ ᠨᠣᠮ ᠪᠢᠴᠢᠭ᠎ᠦᠨ ᠬᠡᠷᠡᠭᠯᠡᠭᠡᠨ᠎ᠤ ᠲᠡᠮᠲᠡᠭᠲᠦ ᠵᠢ ᠲᠠᠷᠬᠠᠭᠠᠵᠦ᠂ ᠪᠠᠷᠤᠭ ᠪᠦᠬᠦ ᠲᠠᠯᠠᠪᠠᠶ᠎ᠶᠢᠨ ᠵᠢᠩᠬᠢᠨᠢ ᠬᠡᠪᠯᠡᠯ᠎ᠦᠨ ᠨᠣᠮ ᠪᠢᠴᠢᠭ᠎ᠢ ᠬᠠᠭᠠᠰ ᠦᠨ᠎ᠡ᠎ᠪᠡᠷ ᠬᠤᠳᠠᠯᠳᠤᠨ ᠠᠪᠤᠭᠰᠠᠨ᠎ᠲᠠᠢ ᠠᠳᠠᠯᠢᠬᠠᠨ ᠪᠠᠢᠵᠦ᠂ ᠰᠣᠶᠣᠯ᠎ᠤᠨ ᠠᠰᠢᠭ᠋ ᠲᠤᠰᠠ᠎ᠶᠢ ᠲᠦᠭ ᠲᠦᠮᠡᠨ ᠠᠢᠯ ᠡᠷᠦᠬᠡ᠎ᠳᠦ ᠦᠨᠡᠨ ᠬᠦ᠌ ᠬᠦᠷᠲᠡᠭᠡᠪᠡ᠃ ᠠᠷᠠᠳ᠎ᠲᠤ ᠠᠰᠢᠭ᠋ ᠬᠦᠷᠲᠡᠭᠡᠬᠦ ᠦᠨᠡᠨ ᠪᠣᠳᠠᠲᠠᠢ ᠠᠷᠭ᠎ᠠ ᠬᠡᠮᠵᠢᠶ᠎ᠡ ᠨᠢ ᠪᠥᠬᠥ ᠠᠷᠠᠳ᠎ᠤᠨ ᠤᠩᠰᠢᠯᠭ᠎ᠠ᠎ᠶᠢᠨ ᠬᠡᠷᠡᠭᠯᠡᠭᠡᠨ᠎ᠦ ᠬᠠᠯᠠᠭᠤᠨ ᠰᠡᠳᠬᠢᠯᠭᠡ᠎ᠶᠢ ᠲᠤᠢᠯ᠎ᠤᠨ ᠶᠡᠬᠡ᠎ᠪᠡᠷ ᠬᠥᠭᠵᠢᠭᠡᠵᠦ᠂ ᠲᠤᠬᠠᠢ᠎ᠶᠢᠨ ᠲᠠᠯᠠᠪᠤᠷ᠎ᠲᠤ ᠶᠡᠬᠡ ᠬᠡᠮᠵᠢᠶᠡᠨ᠎ᠦ ᠨᠣᠮ ᠬᠤᠳᠠᠯᠳᠤᠨ ᠠᠪᠬᠤ ᠵᠠᠬᠢᠶᠠᠯᠠᠭ᠎ᠠ᠎ᠶᠢᠨ ᠬᠠᠭᠤᠳᠠᠰᠤ ᠪᠠᠢᠨ ᠳᠠᠬᠢᠨ ᠢᠯᠡᠷᠡᠵᠦ᠂ 1038 ᠲᠡᠪᠲᠡᠷ ᠨᠤᠮ ᠬᠤᠳᠠᠯᠳᠤᠨ ᠠᠪᠤᠬᠰᠠᠨ ᠤᠩᠰᠢᠬᠴᠢ ᠴᠸ᠋ ᠪᠠᠢᠬᠰᠠᠨ ᠪᠢᠯᠡ᠃ ᠰᠦᠯᠵᠢᠶᠡᠨ ᠳᠡᠭᠡᠷᠡᠬᠢ ᠡᠭᠦᠯᠡᠨ ᠦᠵᠡᠰᠭᠦᠯᠡᠩ᠎ᠤᠨ ᠰᠢᠭᠤᠳ ᠨᠡᠪᠲᠡᠷᠡᠭᠦᠯᠭᠡ ᠵᠢ ᠴᠸ᠋ ᠵᠡᠷᠬᠡ ᠪᠡᠷ ᠦᠷᠨᠢᠭᠦᠯᠵᠦ᠂ ᠪᠥᠬᠥ ᠣᠷᠣᠨ᠎ᠤ ᠡᠯ᠎ᠡ ᠭᠠᠵᠠᠷ᠎ᠤᠨ ᠣᠯᠠᠨ ᠲᠦᠮᠡᠨ᠎ᠢ ᠭᠡᠷ᠎ᠡᠴᠡ᠎ᠪᠡᠨ ᠭᠠᠷᠬᠤ ᠦᠭᠡᠢ᠎ᠪᠡᠷ ᠨᠣᠮ᠎ᠤᠨ ᠲᠠᠩᠰᠤᠭ ᠨᠠᠢᠷ᠎ᠢ ᠡᠳ᠋ᠯᠡᠭᠦᠯᠵᠡᠢ᠃

ᠨᠣᠮ᠎ᠤᠨ ᠦᠵᠡᠰᠬᠦᠯᠡᠩ ᠨᠢ ᠤᠷᠤᠨ᠎ᠤ ᠲᠤᠲᠤᠨ᠎ᠠ ᠭᠠᠲᠠᠨᠠᠬᠢ ᠬᠡᠪᠯᠡᠯ᠎ᠦᠨ ᠡᠲᠡᠭᠡᠳ᠎ᠤᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠲᠣᠯᠢ ᠪᠣᠯᠭᠠᠬᠤ ᠰᠢᠯᠢᠳᠡᠭ ᠲᠠᠪᠴᠠᠩ᠎ᠢ ᠪᠠᠢᠭᠤᠯᠵᠤ᠂ ᠳᠤᠮᠳᠠᠳᠤ ᠤᠯᠤᠰ᠎ᠤᠨ ᠬᠡᠪᠯᠡᠯ᠎ᠦᠨ ᠪᠦᠯᠦᠭᠯᠡᠯ᠂ ᠠᠨᠾᠦ᠋ᠢ ᠢ᠋ᠢᠨ ᠰᠢᠨᠬᠤᠸᠠ ᠲᠠᠷᠬᠠᠭᠠᠯᠲᠠ ᠢ᠋ᠢᠨ ᠪᠦᠯᠦᠭᠯᠡᠯ᠂ ᠯᠢᠶᠣᠤᠨᠢᠩ᠎ᠤᠨ ᠬᠡᠪᠯᠡᠯ᠎ᠦᠨ ᠪᠦᠯᠦᠭᠯᠡᠯ ᠵᠡᠷᠭᠡ ᠤᠯᠤᠰ᠎ᠤᠨ ᠳᠣᠲᠣᠭᠠᠳᠤ᠎ᠶᠢᠨ ᠤᠯᠠᠨ ᠨᠡᠷᠡᠳᠦ ᠬᠡᠪᠯᠡᠯ᠎ᠦᠨ ᠪᠠᠢᠭᠤᠯᠤᠮᠵᠢ ᠶᠡᠬᠡ ᠬᠡᠮᠵᠢᠶᠡᠨ᠎ᠦ ᠰᠣᠳᠣᠨ ᠨᠣᠮ ᠪᠢᠴᠢᠭ᠂ ᠬᠣᠰᠢᠭᠤᠷᠠᠯ ᠬᠡᠪᠯᠡᠯ᠎ᠦᠨ ᠦᠷ᠎ᠡ ᠪᠦᠲᠦᠭᠡᠯ ᠢ᠋ᠢᠡᠷ ᠢ᠋ᠢᠡᠨ ᠦᠵᠡᠰᠭᠦᠯᠡᠩ᠎ᠳᠤ ᠤᠷᠤᠯᠴᠠᠵᠦ᠂ ᠤᠩᠰᠢᠭ᠍ᠴᠢᠳ᠎ᠲᠤ ᠪᠦᠬᠦ ᠤᠯᠤᠰ᠎ᠤᠨ ᠡᠯ᠎ᠡ ᠭᠠᠵᠠᠷ᠎ᠤᠨ ᠰᠢᠯᠢᠳᠡᠭ ᠰᠣᠶᠣᠯ᠎ᠤᠨ ᠡᠬᠢ ᠪᠠᠶᠠᠯᠢᠭ᠋᠎ᠢ ᠠᠪᠴᠢᠷᠠᠭᠰᠠᠨ ᠪᠠᠢᠨ᠎ᠠ᠃ ᠵᠦᠩ ᠰᠢᠨ ᠬᠡᠪᠯᠡᠯ᠎ᠤᠨ ᠪᠦᠯᠦᠭᠯᠡᠯ᠎ᠤᠨ ᠶᠡᠬᠡ ᠲᠤᠭᠤᠷᠢᠭ᠎ᠤᠨ ᠪᠤᠷᠤᠯᠠᠭᠤᠯᠭ᠎ᠠ ᠢ᠋ᠢᠨ ᠲᠠᠭᠠᠭᠠᠮᠠᠯ ᠴᠢᠶᠤᠤ ᠵᠢᠩ᠄ 《ᠦᠵᠡᠰᠭᠦᠯᠡᠩ᠎ᠤᠨ ᠠᠩᠬᠠᠨ᠎ᠤ ᠡᠲᠦᠷ ᠲᠸ᠋ 2000 ᠲᠡᠪᠲᠡᠷ ᠨᠤᠮ ᠪᠤᠷᠤᠯᠠᠭᠤᠯᠵᠦ᠂ ᠪᠤᠷᠤᠯᠠᠭᠤᠯᠭ᠎ᠠ ᠢ᠋ᠢᠨ ᠬᠡᠮᠵᠢᠶ᠎ᠡ 15 ᠲᠦᠮᠡᠨ ᠲᠦᠭᠦᠷᠢᠭ ᠲᠸ᠋ ᠬᠦᠷᠴᠦ᠂ ᠨᠢᠲᠦᠨᠦᠨ᠎ᠤ ᠬᠤᠶᠠᠷ ᠲᠠᠬᠢᠨ᠎ᠳᠤ ᠬᠦᠷᠴᠡᠢ᠃ ᠬᠡᠰᠡᠭ ᠨᠤᠮ ᠢ᠋ ᠨᠢᠭᠡᠯᠬᠡᠨ ᠡᠲᠦᠷ ᠲᠸ᠋ ᠪᠤᠷᠤᠯᠠᠭᠤᠯᠵᠦ ᠲᠠᠭᠤᠰᠤᠬᠰᠠᠨ ᠪᠤᠯᠬᠤᠷ ᠲᠤᠬᠠᠢ ᠢ᠋ᠢᠨ ᠡᠲᠦᠷ ᠳᠤᠨᠢ ᠪᠠᠴᠢᠮ ᠨᠦᠬᠦᠪᠦᠷᠢᠯᠡᠵᠡᠢ》 ᠬᠡᠰᠡᠨ ᠪᠠᠢᠨ᠎ᠠ᠃ ᠦᠪᠤᠷ ᠮᠤᠩᠭᠤᠯ᠎ᠤᠨ ᠬᠡᠪᠯᠡᠯ᠎ᠤᠨ ᠪᠦᠯᠦᠭᠯᠡᠯ᠎ᠤᠨ ᠬᠢᠨ ᠴᠸ᠋ 10 ᠲᠠᠯᠠᠪᠠᠢ ᠠᠳᠠᠯᠢ ᠪᠤᠰᠤ ᠲᠦᠷᠦᠯ ᠵᠦᠢᠯ᠂ ᠤᠯᠠᠨ ᠵᠦᠢᠯ᠎ᠦᠨ ᠬᠡᠯᠪᠡᠷᠢ᠎ᠶᠢᠨ ᠰᠣᠶᠣᠯ᠎ᠤᠨ ᠠᠵᠢᠯᠯᠠᠭ᠎ᠠ ᠥᠷᠨᠢᠭᠦᠯᠵᠦ᠂ ᠲᠡᠦᠬᠡ᠎ᠶᠢᠨ ᠳᠠᠨᠭᠰᠠ ᠡᠪᠬᠡᠮᠡᠯ᠂ ᠪᠤᠲᠠᠰ᠎ᠤᠨ ᠪᠤᠰᠤ ᠰᠣᠶᠣᠯ᠎ᠤᠨ ᠥᠪ᠎ᠦᠨ ᠰᠣᠶᠣᠯ᠂ ᠤᠯᠠᠨ ᠲᠦᠮᠡᠨᠴᠢ ᠤᠳᠬ᠎ᠠ ᠵᠣᠬᠢᠶᠠᠯ᠂ ᠪᠠᠭᠠᠴᠤᠳ ᠬᠡᠦᠬᠡᠳ᠎ᠦᠨ ᠰᠡᠬᠡᠭᠡᠷᠡᠭᠦᠯᠦᠯ᠂ ᠰᠣᠩᠭᠣᠳᠠᠭ ᠣᠷᠴᠢᠭᠤᠯᠭ᠎ᠠ ᠢ᠋ᠢᠨ ᠪᠦᠲᠦᠭᠡᠯ᠂ ᠤᠷᠤᠨ ᠨᠤᠲᠤᠭ᠎ᠤᠨ ᠤᠳᠬ᠎ᠠ ᠵᠣᠬᠢᠶᠠᠯ ᠵᠡᠷᠭᠡ ᠬᠦᠷᠢᠶ᠎ᠡ᠎ᠶᠢ ᠬᠠᠮᠤᠷᠴᠤ᠂ ᠡᠯᠪᠡᠭ ᠪᠠᠶᠠᠯᠢᠭ᠋ ᠤᠯᠠᠨ ᠡᠰᠢᠲᠦ ᠤᠩᠰᠢᠯᠭ᠎ᠠ᠎ᠶᠢᠨ ᠠᠵᠢᠯᠯᠠᠭ᠎ᠠ ᠵᠢ ᠪᠦᠬᠦ ᠨᠠᠰᠤᠨ᠎ᠤ ᠤᠩᠰᠢᠭ᠍ᠴᠢᠳ᠎ᠲᠤ ᠬᠦᠷᠬᠡᠵᠡᠢ᠃ ᠦᠵᠡᠰᠭᠦᠯᠡᠩ᠎ᠤᠨ ᠬᠤᠭᠤᠴᠠᠭᠠᠨ᠎ᠳᠤ ᠡᠯ᠎ᠡ ᠬᠡᠪᠯᠡᠯ᠎ᠦᠨ ᠠᠵᠢᠯ ᠡᠷᠬᠢᠯᠡᠭᠰᠡᠳ ᠬᠡᠪᠯᠡᠯ᠎ᠦᠨ ᠡᠷᠬᠡ᠎ᠶᠢᠨ ᠰᠣᠯᠢᠯᠴᠠᠭ᠎ᠠ᠂ ᠨᠣᠮ᠎ᠤᠨ ᠰᠠᠩ᠎ᠤᠨ ᠲᠣᠬᠢᠷᠠᠭᠤᠯᠭ᠎ᠠ ᠨᠤᠮ ᠬᠤᠳᠠᠯᠳᠤᠨ ᠠᠪᠬᠤ᠂ ᠲᠦᠷᠦᠯ ᠵᠦᠢᠯ᠎ᠢ ᠵᠣᠯᠭᠠᠭᠤᠯᠬᠤ ᠵᠡᠷᠭᠡ ᠬᠠᠮᠲᠤᠷᠠᠯᠴᠠᠭ᠎ᠠ᠎ᠶᠢ ᠢᠳᠡᠪᠬᠢᠲᠡᠢ ᠥᠷᠨᠢᠭᠦᠯᠵᠦ᠂ ᠤᠷᠤᠨ᠎ᠤ ᠲᠤᠲᠤᠨ᠎ᠠ ᠭᠠᠲᠠᠨᠠᠬᠢ ᠬᠡᠪᠯᠡᠯ᠎ᠦᠨ ᠡᠬᠢ ᠪᠠᠶᠠᠯᠢᠭ᠋᠎ᠢ ᠬᠠᠮᠲᠤ ᠪᠠᠷ ᠡᠳ᠋ᠯᠡᠬᠦ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠎ᠶᠢ ᠠᠬᠢᠭᠤᠯᠪᠠ᠃

2026 ᠤᠮᠠᠷᠠᠲᠤ ᠬᠢᠯᠢ᠎ᠶᠢᠨ ᠨᠣᠮ᠎ᠤᠨ ᠦᠵᠡᠰᠬᠦᠯᠡᠩ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠪᠥᠬᠥ ᠠᠷᠠᠳ᠎ᠤᠨ ᠤᠩᠰᠢᠯᠭ᠎ᠠ᠎ᠶᠢ ᠠᠬᠢᠭᠤᠯᠬᠤ ᠳᠦᠷᠢᠮ》 ᠢ᠋ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠣᠶᠣᠯ᠎ᠤᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ ᠠᠷᠠᠳ᠎ᠲᠤ ᠠᠰᠢᠭ᠋ ᠬᠦᠷᠲᠡᠭᠡᠬᠦ ᠴᠢᠬᠤᠯᠠ ᠠᠵᠢᠯᠯᠠᠭ᠎ᠠ ᠪᠣᠯᠣᠨ᠎ᠠ᠃ ᠲᠤᠰ ᠲᠦᠷᠢᠮ ᠢ᠋ ᠨᠠᠢᠳᠠᠪᠤᠷᠢᠵᠢᠭᠤᠯᠤᠨ ᠬᠡᠷᠡᠭᠵᠢᠭᠦᠯᠦᠭᠰᠡᠨ᠎ᠡᠴᠡ ᠨᠠᠭᠠᠰᠢ ᠥᠪᠥᠷ ᠮᠣᠩᠭᠣᠯ ᠤᠩᠰᠢᠯᠭ᠎ᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠴᠣᠭᠴᠠ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠯᠠᠨ ᠱᠠᠲᠤ ᠳᠠᠪᠬᠤᠷᠭ᠎ᠠ ᠶ᠋ᠢᠨ ᠤᠩᠰᠢᠯᠭ᠎ᠠ ᠶ᠋ᠢᠨ ᠲᠠᠪᠴᠠᠩ ᠢ᠋ ᠪᠠᠢᠭᠤᠯᠵᠤ᠂ ᠤᠩᠰᠢᠯᠭ᠎ᠠ ᠶ᠋ᠢᠨ ᠬᠡᠪ ᠰᠤᠷᠲᠠᠯ ᠢ᠋ ᠲᠦᠭ ᠲᠦᠮᠡᠨ ᠠᠢᠯ ᠡᠷᠦᠬᠡ᠎ᠳᠦ ᠬᠦᠷᠭᠡᠬᠦ ᠶ᠋ᠢ ᠠᠬᠢᠭᠤᠯᠵᠠᠢ᠃

ᠨᠣᠮ᠎ᠤᠨ ᠦᠵᠡᠰᠬᠦᠯᠡᠩ ᠨᠢ ᠨᠢᠭᠡ ᠤᠳᠠᠭᠠᠨ᠎ᠤ ᠨᠣᠮ ᠪᠢᠴᠢᠭ᠎ᠦᠨ ᠳᠡᠯᠭᠡᠨ ᠪᠣᠷᠤᠯᠠᠭᠤᠯᠭ᠎ᠠ᠎ᠶᠢᠨ ᠦᠪᠡᠳᠡᠭᠰᠢ ᠴᠤᠭᠯᠠᠭᠠᠨ ᠪᠣᠯᠬᠤ᠎ᠪᠠᠷ ᠪᠠᠷᠠᠬᠤ ᠦᠭᠡᠢ ᠨᠡᠩ ᠴᠤ᠌ ᠨᠢᠭᠡ ᠤᠳᠠᠭᠠᠨ᠎ᠤ ᠪᠦᠬᠦ ᠠᠷᠠᠳ᠎ᠤᠨ ᠤᠩᠰᠢᠯᠭ᠎ᠠ᠎ᠶᠢᠨ ᠠᠮᠢᠳᠤᠯᠢᠭ᠋ ᠦᠢᠯᠡᠳᠦᠯᠭᠡ ᠪᠣᠯᠬᠤ ᠶᠤᠮ᠃ ᠲᠤᠰ ᠤᠳᠠᠭᠠᠨ᠎ᠤ ᠨᠤᠮ᠎ᠤᠨ ᠦᠵᠡᠰᠭᠦᠯᠡᠩ ᠨᠢ ᠨᠤᠮ ᠪᠢᠴᠢᠭ ᠢ᠋ᠢᠡᠷ ᠬᠤᠯᠪᠤᠭᠠᠰᠤ ᠪᠤᠯᠭᠠᠨ᠂ ᠤᠷᠤᠨ᠎ᠤ ᠲᠤᠳᠤᠨ᠎ᠡ ᠭᠠᠲᠠᠨᠠᠬᠢ ᠰᠤᠶᠤᠯ᠎ᠤᠨ ᠡᠬᠢ ᠪᠠᠶᠠᠯᠢᠬ ᠢ᠋ ᠬᠤᠯᠪᠤᠯᠳᠤᠭᠤᠯᠵᠦ᠂ ᠰᠤᠩᠭᠤᠲᠠᠭ ᠪᠦᠲᠦᠭᠡᠯ ᠢ᠋ ᠠᠮᠲᠠᠷᠬᠠᠨ ᠤᠩᠰᠢᠬᠤ᠂ ᠰᠤᠳᠤᠯᠤᠨ ᠶᠠᠷᠢᠯᠴᠠᠵᠦ ᠰᠠᠨᠠᠯ ᠢ᠋ᠢᠡᠨ ᠰᠤᠯᠢᠯᠴᠠᠬᠤ ᠲᠤᠮᠲᠠ ᠰᠤᠶᠤᠯ᠎ᠤᠨ ᠠᠭᠤᠯᠤᠬᠳᠠᠬᠤᠨ ᠢ᠋ ᠵᠤᠵᠠᠭᠠᠳᠬᠠᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠦᠵᠡᠯ ᠰᠠᠨᠠᠭᠠᠨ᠎ᠤ ᠬᠠᠮᠲᠤ ᠶ᠋ᠢᠨ ᠲᠠᠨᠢᠯᠲᠠ ᠵᠢ ᠨᠢᠬᠲᠠᠷᠠᠭᠤᠯᠵᠦ᠂ ᠪᠢᠴᠢᠭ᠎ᠦᠨ ᠰᠤᠷᠪᠤᠯᠵᠢ᠎ᠪᠠᠷ ᠦᠪᠦᠷ ᠮᠤᠩᠭᠤᠯ᠎ᠤᠨ ᠰᠣᠶᠣᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠪᠡ᠃ ᠲᠠᠪᠤᠨ ᠡᠳᠦᠷ᠎ᠦᠨ ᠭᠣᠢᠳᠠ ᠰᠠᠢᠬᠠᠨ ᠦᠪᠡᠳᠡᠭᠰᠢ ᠴᠤᠭᠯᠠᠭᠠᠨ ᠲᠡᠭᠦᠰ ᠠᠮᠵᠢᠯᠲᠠ᠎ᠲᠠᠢ ᠥᠨᠳᠥᠷᠯᠡᠭᠰᠡᠨ ᠪᠣᠯᠪᠠᠴᠤ ᠲᠠᠯ᠎ᠠ ᠨᠤᠲᠤᠭ ᠲᠸ᠋ ᠨᠤᠮ᠎ᠤᠨ ᠦᠨᠦᠷ ᠦᠷᠭᠦᠯᠵᠢᠯᠡᠨ ᠬᠠᠩᠬᠤᠯᠵᠦ᠂ ᠬᠥᠮᠥᠰ᠎ᠦᠨ ᠰᠡᠳᠬᠢᠯ ᠢ᠋ ᠰᠢᠮᠡᠵᠢᠭᠦᠯᠬᠦ ᠰᠣᠶᠣᠯ᠎ᠤᠨ ᠬᠦᠴᠦᠨ ᠥᠨᠢ ᠤᠳᠠᠭᠠᠨ ᠦᠷᠭᠦᠯᠵᠢᠯᠡᠭᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号