ᠲᠦᠷᠦᠭᠦᠭᠡᠨ᠂ 2026 ᠣᠨ ᠤ ᠣᠯᠠᠨ ᠤᠯᠤᠰ ᠤᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ᠎ᠤ ᠬᠠᠮᠲᠤᠷᠠᠯᠴᠠᠭᠠᠨ ᠤ ᠬᠤᠷᠠᠯ (ᠥᠪᠥᠷ ᠮᠣᠩᠭᠣᠯ) ᠦ᠋ᠨ ᠨᠤᠲᠤᠭ ᠪᠡᠯᠴᠢᠭᠡᠷ ᠠᠮᠢ ᠠᠬᠤᠶ ᠶᠢᠨ ᠬᠠᠮᠠᠭᠠᠯᠠᠯᠲᠠ ᠶᠢᠨ ᠬᠤᠪᠢᠶᠠᠷᠢ ᠬᠤᠷᠠᠯᠬᠥᠬᠡᠬᠣᠲᠠ ᠳᠤ ᠬᠤᠷᠠᠯᠳᠤᠪᠠ᠃ ᠬᠤᠷᠠᠯ ᠳᠡᠭᠡᠷ᠎ᠡ᠂ 《ᠥᠪᠥᠷ ᠮᠣᠩᠭᠣᠯ ᠤᠨ ᠲᠠᠷᠢᠶᠠᠯᠠᠩ᠎ᠤᠨ ᠶᠡᠬᠡ ᠰᠤᠷᠭᠠᠭᠤᠯᠢ ᠵᠢᠨ ᠮᠣᠽᠠᠮᠪᠢᠺᠲᠡᠬᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ》᠂ 《ᠥᠪᠥᠷ ᠮᠣᠩᠭᠣᠯ᠎ᠤᠨ ᠲᠠᠷᠢᠶᠠᠯᠠᠩ ᠤᠨ ᠶᠡᠬᠡ ᠰᠤᠷᠭᠠᠭᠤᠯᠢ ᠵᠢᠨ ᠮᠣᠩᠭᠣᠯ ᠤᠯᠤᠰ ᠲᠡᠬᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠵᠢᠵᠢᠭ ᠬᠦᠷᠢᠶᠡᠯᠡᠩ》᠂ 《ᠥᠪᠥᠷ ᠮᠣᠩᠭᠣᠯ ᠤᠨ ᠲᠠᠷᠢᠶᠠᠯᠠᠩ ᠤᠨ ᠶᠡᠬᠡ ᠰᠤᠷᠭᠠᠭᠤᠯᠢ ᠵᠢᠨ ᠨᠠᠮᠢᠪᠢᠶ᠎ᠠ ᠳ᠋ᠡᠬᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠵᠢᠵᠢᠭ ᠬᠦᠷᠢᠶᠡᠯᠡᠩ》ᠵᠢᠩᠬᠢᠨᠢ᠎ᠪᠡᠷ ᠪᠠᠶ᠋ᠢᠭᠤᠯᠤᠭᠳᠠᠪᠠ᠃ ᠭᠠᠳᠠᠭᠠᠳᠤ ᠳ᠋ᠤ ᠪᠠᠢᠭᠤᠯᠤᠭᠰᠠᠨ ᠡᠳᠡᠭᠡᠷ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠵᠢᠵᠢᠭ ᠬᠦᠷᠢᠶᠡᠯᠡᠩ ᠢ ᠲᠥᠪᠯᠡᠷᠡᠬᠦᠯᠦᠨ ᠫᠠᠶ᠋ᠢᠰᠠ ᠰᠡᠬᠦᠭᠰᠡᠨ ᠨᠢ ᠥᠪᠥᠷ ᠮᠣᠩᠭᠣᠯ ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠬᠢᠨ᠎ᠤ ᠰᠢᠨ᠎ᠡ ᠴᠠᠭ ᠦᠶ᠎ᠡ᠎ᠶᠢᠨ ᠰᠤᠷᠭᠠᠨ ᠬᠥᠮᠦᠵᠢᠯ ᠦᠨ ᠭᠠᠳᠠᠭᠠᠳᠤ ᠨᠡᠭᠡᠭᠡᠯᠲᠡ᠎ᠶᠢ ᠨᠠᠶ᠋ᠢᠳᠠᠪᠤᠷᠢᠵᠢᠭᠤᠯᠵᠤ᠂ 《ᠨᠢᠭᠡ ᠪᠦᠰᠡ ᠨᠢᠭᠡ ᠵᠠᠮ》 ᠲᠠᠭᠠᠤ ᠤᠯᠤᠰ᠎ᠤᠳ᠎ᠤᠨ ᠲᠠᠷᠢᠶᠠᠯᠠᠩ ᠤᠨ ᠴᠢᠨᠠᠷ ᠰᠠᠶ᠋ᠢᠲᠠᠶ ᠬᠥᠭᠵᠢᠯᠲᠡ᠎ᠳᠦ ᠦᠢᠯᠡᠴᠢᠯᠡᠬᠦ᠌ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ᠌ ᠥᠪᠥᠷ ᠮᠣᠩᠭᠣᠯ ᠤᠨ ᠶᠡᠬᠡ ᠳᠡᠭᠡᠳᠦ ᠰᠤᠷᠭᠠᠭᠤᠯᠢ᠎ᠶᠢᠨ ᠣᠯᠠᠨ ᠤᠯᠤᠰ᠎ᠯᠤᠭ᠎ᠠ ᠵᠢᠨ ᠲᠠᠷᠢᠶᠠᠯᠠᠩ ᠤᠨ ᠰᠢᠨᠵᠢᠯᠡᠬᠦ᠌ ᠤᠬᠠᠭᠠᠨ᠎ᠤ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠵᠦ᠍᠂ ᠲᠡᠷᠢᠭᠦᠨ ᠦ ᠲᠠᠷᠢᠶᠠᠯᠠᠩ ᠤᠨ ᠮᠡᠷᠭᠡᠵᠢᠯ ᠢ ᠭᠠᠳᠠᠭᠰᠢ ᠭᠠᠷᠭᠠᠵᠤ᠂ ᠳᠡᠯᠡᠬᠡᠶ᠋ᠢᠴᠢᠯᠡᠭᠰᠡᠨ ᠲᠠᠷᠢᠶᠠᠯᠠᠩ ᠤᠨ ᠴᠢᠳᠠᠪᠤᠷᠢᠲᠠᠨ ᠢ ᠬᠦᠮᠦᠵᠢᠬᠦᠯᠬᠦ ᠴᠢᠬᠤᠯᠠ ᠦᠷ᠎ᠡ ᠪᠦᠲᠦᠭᠡᠯ ᠪᠣᠯᠤᠨ᠎ᠠ᠃
ᠥᠪᠥᠷ ᠮᠣᠩᠭᠣᠯ ᠤᠨ ᠲᠠᠷᠢᠶᠠᠯᠠᠩ ᠤᠨ ᠶᠡᠬᠡ ᠰᠤᠷᠭᠠᠭᠤᠯᠢ ᠵᠢᠨ ᠮᠣᠽᠠᠮᠪᠢᠺᠲᠡᠬᠢ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠵᠢᠵᠢᠭ ᠬᠦᠷᠢᠶᠡᠯᠡᠩ ᠨᠢ ᠳᠤᠮᠳᠠᠳᠤ ᠮᠣᠽᠠᠮᠪᠢᠺ ᠤᠨ ᠰᠢᠨᠵᠢᠯᠡᠬᠦ᠌ ᠤᠬᠠᠭᠠᠨ᠎ᠤ ᠰᠤᠳᠤᠯᠭᠠᠨ ᠤ ᠬᠠᠮᠲᠤᠷᠠᠯᠴᠠᠭᠠᠨ ᠤ ᠰᠠᠭᠤᠷᠢ᠎ᠳᠤ ᠲᠦᠰᠢᠭᠯᠡᠨ᠂ ᠬᠠᠯᠠᠭᠤᠨ ᠪᠦᠰᠨ ᠵᠢᠨ ᠲᠠᠷᠢᠮᠠᠯ᠂ ᠲᠠᠷᠢᠶᠠᠨ ᠭᠠᠵᠠᠷ᠎ᠤᠨ ᠶᠠᠰᠤ ᠴᠢᠨᠠᠷ ᠢ ᠳᠡᠭᠡᠭᠰᠢᠯᠡᠭᠦᠯᠬᠦ᠌ ᠂ ᠡᠪᠡᠳᠴᠢᠨ ᠬᠣᠷᠣᠬᠠᠢ ᠵᠢᠨ ᠬᠥᠨᠥᠭᠡᠯ ᠢ ᠪᠣᠬᠢᠷᠲᠤᠯ ᠦᠭᠡᠢ ᠰᠡᠷᠭᠡᠶ᠋ᠢᠯᠡᠨ ᠡᠵᠡᠮᠳᠡᠬᠦ᠌᠂ ᠲᠠᠷᠢᠶᠠᠯᠠᠩ᠎ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠵᠠᠩᠭᠢᠯᠠᠭ᠎ᠠ᠎ᠶᠢᠨ ᠬᠦᠷᠢᠶᠡᠨ᠎ᠳᠦ ᠮᠡᠷᠭᠡᠵᠢᠯ ᠦᠨ ᠰᠤᠳᠤᠯᠭᠠᠨ ᠪᠠ ᠵᠢᠱ᠌ᠢᠢ᠎ᠡ ᠦᠵᠡᠭᠦᠯᠦᠨ ᠳᠡᠯᠭᠡᠷᠡᠭᠦᠯᠬᠦ᠌ ᠠᠵᠢᠯ᠎ᠢ ᠥᠷᠨᠢᠭᠦᠯᠵᠦ᠍᠂ ᠲᠡᠷᠢᠭᠦᠨ ᠦ ᠲᠠᠷᠢᠶᠠᠯᠠᠩ ᠤᠨ ᠮᠡᠷᠭᠡᠵᠢᠯ ᠢ ᠲᠤᠬᠠᠢ᠎ᠶᠢᠨ ᠭᠠᠵᠠᠷ᠎ᠲᠤᠨᠢ ᠬᠡᠷᠡᠭᠯᠡᠬᠦ᠌᠎ᠶᠢ ᠠᠬᠢᠭᠤᠯᠵᠤ᠂ ᠲᠤᠬᠠᠢ ᠶᠢᠨ ᠭᠠᠵᠠᠷ ᠤᠨ ᠲᠠᠷᠢᠶᠠᠯᠠᠩ ᠦᠢᠯᠡᠳᠪᠦᠷᠢᠯᠡᠯ᠎ᠦᠨ ᠲᠦᠪᠰᠢᠨ᠎ᠢ ᠳᠡᠭᠡᠭᠰᠢᠯᠡᠭᠦᠯᠬᠦ᠌᠎ᠳᠦ ᠬᠦᠴᠦᠨ ᠨᠡᠮᠡᠷᠢᠯᠡᠵᠦ᠍᠂ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠵᠤ᠂ ᠲᠠᠷᠢᠶᠠᠯᠠᠩ᠎ᠤᠨ ᠠᠵᠤ ᠦᠢᠯᠡᠰ᠎ᠦᠨ ᠰᠠᠭᠤᠷᠢ᠎ᠶᠢ ᠪᠡᠬᠢᠵᠢᠭᠦᠯᠦᠨ᠎ᠠ᠃
ᠥᠪᠥᠷ ᠮᠣᠩᠭᠣᠯ ᠤᠨ ᠲᠠᠷᠢᠶᠠᠯᠠᠩ᠎ᠤᠨ ᠶᠡᠬᠡ ᠰᠤᠷᠭᠠᠭᠤᠯᠢ ᠵᠢᠨ ᠮᠣᠩᠭᠣᠯ ᠤᠯᠤᠰᠲᠡᠬᠢ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠨᠢ ᠳᠤᠮᠳᠠᠳᠤ ᠮᠣᠩᠭᠣᠯ ᠤᠨ ᠭᠠᠵᠠᠷ ᠣᠷᠣᠨ ᠪᠠ ᠠᠵᠤ ᠦᠢᠯᠡᠰ᠎ᠦᠨ ᠳᠠᠪᠠᠭᠤᠯᠢᠭ᠎ᠲᠤ᠌ ᠰᠠᠭᠤᠷᠢᠯᠠᠨ᠂ ᠲᠠᠯ᠎ᠠ ᠨᠤᠲᠤᠭ ᠤᠨ ᠠᠮᠢ ᠠᠬᠤᠶ ᠶᠢ ᠬᠠᠮᠠᠭᠠᠯᠠᠬᠤ᠂ ᠮᠠᠯ ᠠᠵᠤ ᠠᠬᠤᠶ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠌᠂ ᠬᠠᠭᠤᠷᠠᠶ ᠭᠠᠵᠠᠷ᠎ᠤᠨ ᠲᠠᠷᠢᠮᠠᠯ ᠤᠨ ᠡᠬᠦᠯᠳᠡᠷ ᠢ ᠰᠠᠶ᠋ᠢᠵᠢᠷᠠᠭᠤᠯᠬᠤ᠂ ᠬᠢᠯᠢ ᠠᠯᠤᠰᠯᠠᠭᠰᠠᠨ ᠲᠠᠷᠢᠶᠠᠯᠠᠩ ᠮᠠᠯ ᠠᠵᠤ ᠠᠬᠤᠶ᠎ᠶᠢ ᠬᠠᠮᠵᠢᠯᠴᠠᠨ ᠬᠥᠭᠵᠢᠭᠦᠯᠬᠦ᠌ ᠵᠡᠷᠭᠡ ᠭᠤᠤᠯᠳᠠᠯᠭ᠎ᠠ ᠲᠠᠶ ᠠᠵᠢᠯ ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠢᠨᠵᠢᠯᠡᠬᠦ᠌ ᠤᠬᠠᠭᠠᠨ᠎ᠤ ᠰᠤᠳᠤᠯᠭᠠᠨ᠂ ᠮᠡᠷᠭᠡᠵᠢᠯ᠎ᠦᠨ ᠵᠢᠱ᠌ᠢᠶ᠎ᠡ ᠦᠵᠡᠭᠦᠯᠬᠦ᠌ ᠪᠠ ᠲᠠᠷᠢᠶᠠᠯᠠᠩ᠎ᠤᠨ ᠮᠡᠷᠭᠡᠵᠢᠯ᠎ᠦᠨ ᠪᠣᠯᠪᠠᠰᠤᠷᠠᠯ ᠢ ᠬᠠᠮᠲᠤᠷᠠᠨ ᠥᠷᠨᠢᠭᠦᠯᠵᠦ᠍᠂ ᠮᠣᠩᠭᠣᠯ ᠤᠯᠤᠰ᠎ᠤᠨ ᠮᠠᠯ ᠠᠵᠤ ᠠᠬᠤᠶ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦᠯᠬᠦ᠎ᠳᠦ ᠬᠦᠴᠦᠨ ᠨᠡᠮᠡᠷᠢᠯᠡᠵᠦ᠍᠂ ᠬᠢᠯᠢ ᠠᠯᠤᠰᠯᠠᠭᠰᠠᠨ ᠲᠠᠷᠢᠶᠠᠯᠠᠩ᠎ᠤᠨ ᠬᠠᠮᠲᠤᠷᠠᠯᠴᠠᠭ᠎ᠠ ᠪᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠦᠨ᠎ᠡ᠃
ᠥᠪᠥᠷ ᠮᠣᠩᠭᠣᠯ ᠤᠨ ᠲᠠᠷᠢᠶᠠᠯᠠᠩ᠎ᠤᠨ ᠶᠡᠬᠡ ᠰᠤᠷᠭᠠᠭᠤᠯᠢ ᠵᠢᠨ ᠨᠠᠮᠢᠪᠢᠶ᠎ᠠ ᠳ᠋ᠡᠬᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠨᠢ ᠲᠤᠬᠠᠢ᠎ᠶᠢᠨ ᠭᠠᠵᠠᠷ᠎ᠤᠨ ᠭᠠᠩ ᠬᠠᠭᠤᠷᠠᠢ ᠪᠠ ᠬᠠᠭᠠᠰ ᠭᠠᠩ ᠬᠠᠭᠤᠷᠠᠢ ᠤᠷᠤᠨ᠎ᠤ ᠲᠠᠷᠢᠶᠠᠯᠠᠩ᠎ᠤᠨ ᠬᠦᠭᠵᠢᠯᠳᠡ ᠵᠢᠨ ᠤᠳᠤᠬᠢ ᠪᠠᠢᠳᠠᠯ ᠳ᠋ᠤ ᠴᠢᠭᠯᠡᠬᠦᠯᠦᠨ᠂ ᠤᠰᠤ ᠠᠷᠪᠢᠯᠠᠬᠤ ᠲᠠᠷᠢᠶᠠᠯᠠᠩ᠂ ᠭᠠᠩ᠎ᠳᠤ ᠲᠡᠰᠪᠦᠷᠢᠲᠡᠢ ᠡᠭᠦᠯᠳᠡᠷ ᠢ ᠰᠣᠩᠭᠣᠨ ᠪᠣᠶ᠋ᠢᠵᠢᠭᠤᠯᠬᠤ᠂ ᠴᠦᠯᠯᠡᠷᠬᠡᠭᠵᠢᠯ᠎ᠢ ᠵᠠᠰᠠᠬᠤ᠂ ᠠᠮᠢ ᠠᠬᠤᠢ᠎ᠶᠢᠨ ᠲᠠᠷᠢᠶᠠᠯᠠᠩ ᠢ ᠬᠦᠭᠵᠢᠬᠦᠯᠬᠦ ᠵᠡᠷᠭᠡ ᠮᠡᠷᠭᠡᠵᠢᠯ᠎ᠦᠨ ᠰᠤᠳᠤᠯᠭᠠᠨ ᠪᠠ ᠳᠡᠯᠭᠡᠷᠡᠭᠦᠯᠦᠯᠲᠡ᠎ᠶᠢ ᠭᠣᠣᠯᠳᠠᠯᠭ᠎ᠠ᠎ᠲᠠᠶ ᠥᠷᠨᠢᠭᠦᠯᠵᠦ᠍᠂ ᠠᠹᠷᠢᠺᠠ ᠲᠢᠪ᠎ᠦᠨ ᠭᠠᠩ ᠬᠠᠭᠤᠷᠠᠢ ᠭᠠᠵᠠᠷ ᠣᠷᠣᠨ᠎ᠳᠤ ᠳᠤᠬᠢᠷᠠᠭᠰᠠᠨ ᠤᠳᠤ ᠦᠶ᠎ᠡ᠎ᠶᠢᠨ ᠲᠠᠷᠢᠶᠠᠯᠠᠩ᠎ᠤᠨ ᠬᠥᠭᠵᠢᠯᠲᠡ᠎ᠶᠢᠨ ᠵᠠᠭᠪᠤᠷ᠎ᠢ ᠪᠤᠢ ᠪᠣᠯᠭᠠᠵᠤ᠂ ᠣᠷᠣᠨ ᠪᠦᠰᠡ᠎ᠶᠢᠨ ᠠᠮᠢ ᠠᠬᠤᠢ᠎ᠶᠢᠨ ᠵᠠᠰᠠᠯᠲᠠ ᠪᠠ ᠥᠨᠳᠥᠷ ᠪᠦᠲᠦᠮᠵᠢᠲᠡᠢ ᠲᠠᠷᠢᠶᠠᠯᠠᠩ᠎ᠤᠨ ᠬᠥᠭᠵᠢᠯᠲᠡ᠎ᠳᠦ ᠲᠠᠷᠢᠶᠠᠯᠠᠩ᠎ᠤᠨ ᠰᠢᠨᠵᠢᠯᠡᠬᠦ᠌ ᠤᠬᠠᠭᠠᠨ᠎ᠤ ᠲᠤᠯᠭᠠᠭᠤᠷᠢᠯᠠᠯ ᠬᠠᠩᠭᠠᠨ᠎ᠠ᠃
ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ《ᠬᠢᠯᠢ ᠬᠢᠵᠠᠭᠠᠷᠲᠤ᠌ ᠦᠨᠳᠦᠰᠦᠯᠡᠵᠦ᠍᠂ ᠬᠥᠳᠡᠭᠡ ᠠᠵᠤ ᠠᠬᠤᠶ ᠬᠥᠳᠡᠭᠡ ᠲᠣᠰᠬᠣᠨ ᠮᠠᠯᠴᠢᠨ ᠲᠠᠷᠢᠶᠠᠴᠢᠨ᠎ᠳᠤ ᠦᠢᠯᠡᠴᠢᠯᠡᠨ᠂ ᠪᠥᠬᠥ᠌ ᠤᠯᠤᠰ᠎ᠲᠤ᠌ ᠬᠠᠨᠳᠤᠵᠤ ᠳᠡᠯᠡᠬᠡᠶ ᠳ᠋ᠠᠬᠢᠨ᠎ᠢ ᠪᠠᠷᠠᠯᠠᠬᠤ》ᠰᠤᠷᠭᠠᠭᠤᠯᠢ ᠡᠷᠭᠢᠯᠡᠬᠦ᠌ ᠪᠠᠶ᠋ᠢᠷᠢ ᠲᠣᠭᠲᠠᠭᠠᠯᠲᠠ ᠶᠢ ᠢᠮᠠᠭᠲᠠ ᠪᠠᠷᠢᠮᠲᠠᠯᠠᠵᠤ᠂ ᠰᠤᠷᠭᠠᠨ ᠬᠥᠮᠦᠵᠢᠯ᠎ᠦᠨ ᠭᠠᠳᠠᠭᠠᠳᠤ ᠨᠡᠭᠡᠭᠡᠯᠲᠡ᠎ᠶᠢ ᠦᠷᠭᠦᠯᠵᠢᠯᠡᠨ ᠠᠬᠢᠭᠤᠯᠵᠤ᠂ ᠭᠠᠳᠠᠭᠠᠳᠤ᠎ᠳ᠋ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠢ ᠪᠠᠢᠭᠤᠯᠬᠤ ᠪᠡᠷ ᠭᠠᠷᠳᠠᠴᠠ ᠪᠣᠯᠭᠠᠨ᠂《ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠢᠨ᠎ᠡ᠎ᠶᠢ ᠡᠭᠦᠳᠬᠦ᠌᠂ ᠮᠡᠷᠭᠡᠵᠢᠯ᠎ᠢ ᠳᠡᠯᠭᠡᠷᠡᠭᠦᠯᠬᠦ᠌᠂ ᠴᠢᠳᠠᠪᠤᠷᠢᠲᠠᠨ ᠢ ᠬᠥᠮᠦᠵᠢᠭᠦᠯᠬᠦ᠌᠂ ᠠᠵᠤ ᠦᠢᠯᠡᠰ᠎ᠲᠦ᠍ ᠬᠦᠴᠦᠨ ᠣᠯᠭᠣᠬᠤ》ᠨᠢᠭᠡ ᠴᠤᠬᠴᠠᠵᠢᠬᠰᠠᠨ ᠤᠯᠠᠨ ᠤᠯᠤᠰ ᠤᠨ ᠬᠠᠮᠲᠤᠷᠠᠯᠴᠠᠭᠠᠨ᠎ᠤ ᠰᠢᠰᠲ᠋ᠧᠮ ᠢ ᠪᠠᠶ᠋ᠢᠭᠤᠯᠵᠤ᠂ ᠲᠤᠬᠠᠢ ᠵᠢᠨ ᠭᠠᠵᠠᠷ ᠲᠤᠨᠢ ᠨᠠᠢᠳᠠᠪᠤᠷᠢᠵᠢᠭᠤᠯᠬᠤ᠂ ᠨᠠᠷᠢᠯᠢᠭ ᠣᠨᠣᠴᠠᠳᠠᠢ ᠬᠡᠷᠡᠭᠵᠢᠬᠦᠯᠬᠦ᠂ ᠤᠷᠳᠤ ᠬᠤᠭᠤᠴᠠᠭ᠎ᠠ ᠪᠦᠲᠦᠮᠵᠢᠲᠡᠶ ᠬᠠᠮᠲᠤᠷᠠᠯᠴᠠᠭ᠎ᠠ ᠬᠢᠬᠦ ᠵᠢ ᠪᠠᠷᠢᠮᠲᠠᠯᠠᠵᠤ᠂ ᠳᠤᠮᠳᠠᠳᠤ ᠭᠠᠳᠠᠭᠠᠳᠤ᠎ᠶᠢᠨ ᠬᠦᠳᠡᠭᠡ ᠠᠵᠤ ᠠᠬᠤᠢ ᠵᠢᠨ ᠡᠬᠢ ᠪᠠᠶᠠᠯᠢᠭ᠎ᠤᠨ ᠬᠠᠷᠢᠯᠴᠠᠨ ᠨᠥᠬᠥᠪᠥᠷᠢᠯᠡᠬᠦ᠌᠂ ᠮᠡᠷᠭᠡᠵᠢᠯ᠎ᠦᠨ ᠬᠠᠷᠢᠯᠴᠠᠨ ᠨᠡᠪᠲᠡᠷᠡᠯᠴᠡᠬᠦ᠌᠂ ᠴᠢᠳᠠᠪᠤᠷᠢᠲᠠᠨ᠎ᠢ ᠬᠠᠮᠲᠤ᠎ᠪᠠᠷ ᠬᠥᠮᠦᠵᠢᠭᠦᠯᠬᠦ᠌᠎ᠶᠢ ᠠᠬᠢᠭᠤᠯᠵᠤ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠣᠯᠠᠨ ᠤᠯᠤᠰᠴᠢᠯᠠᠭᠰᠠᠨ ᠰᠤᠷᠭᠠᠭᠤᠯᠢ ᠡᠷᠬᠢᠯᠡᠬᠦ᠌ ᠪᠠᠢᠷᠢᠰᠢᠯ᠎ᠢ ᠴᠢᠨᠠᠭᠰᠢᠳᠠ ᠥᠷᠭᠡᠳᠬᠡᠵᠦ᠍ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠨᠤᠭᠤᠳ᠎ᠤᠨ ᠭᠠᠳᠠᠭᠠᠳᠤ ᠰᠣᠯᠢᠯᠴᠠᠭ᠎ᠠ ᠬᠠᠮᠳᠤᠷᠠᠯᠴᠠᠭᠠᠨ᠎ᠤ ᠲᠠᠪᠴᠠᠩ ᠢ ᠪᠠᠶᠠᠯᠢᠭᠵᠢᠭᠤᠯᠵᠤ᠂ ᠥᠪᠥᠷ ᠮᠣᠩᠭᠣᠯ᠎ᠤᠨ ᠲᠠᠷᠢᠶᠠᠯᠠᠩ ᠤᠨ ᠳᠡᠭᠡᠳᠦ ᠵᠡᠷᠭᠡ᠎ᠶᠢᠨ ᠰᠤᠷᠭᠠᠨ ᠬᠦᠮᠦᠵᠢᠯ᠎ᠤᠨ ᠳᠡᠯᠡᠬᠡᠢ᠎ᠳᠡᠬᠢ ᠨᠥᠯᠥᠭᠡᠯᠡᠬᠦ᠌ ᠬᠦᠴᠦᠨ᠎ᠢ ᠡᠷᠴᠢᠮᠲᠡᠢ ᠳᠡᠭᠡᠭᠰᠢᠯᠡᠭᠦᠯᠬᠦ ᠪᠤᠯᠤᠨ᠎ᠠ ᠬᠡᠵᠦ ᠦᠪᠦᠷ ᠮᠤᠩᠭᠤᠯ᠎ᠤᠨ ᠲᠠᠷᠢᠶᠠᠯᠠᠩ ᠤᠨ ᠶᠡᠭᠡ ᠰᠤᠷᠭᠠᠭᠤᠯᠢ ᠵᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠲᠠᠨᠢᠯᠴᠠᠭᠤᠯᠪᠠ᠃
ᠲᠠᠨᠢᠯᠴᠠᠭᠤᠯᠤᠭᠰᠠᠨ᠎ᠢᠶᠠᠷ᠂ ᠣᠳᠣᠬᠠᠨ᠎ᠳᠤ ᠡᠯ᠎ᠡ ᠵᠢᠵᠢᠭ ᠬᠦᠷᠢᠶᠡᠯᠡᠩ ᠳ᠋ᠤ ᠲᠣᠮᠢᠯᠠᠨ ᠰᠠᠭᠤᠯᠭᠠᠬᠤ ᠵᠠᠯᠠᠭᠤ ᠪᠠᠭᠰᠢ ᠵᠢᠴᠢ ᠠᠰᠫᠢᠷᠠᠨᠲ᠎ᠢ ᠵᠤᠬᠢᠶᠠᠨ ᠪᠠᠢᠭᠤᠯᠵᠤ᠂ ᠬᠢᠯᠢ᠎ᠡᠴᠡ ᠭᠠᠷᠬᠤ ᠭᠠᠷᠳᠠᠮ ᠭᠦᠢᠴᠡᠳᠬᠡᠬᠦ᠌᠂ ᠶᠠᠪᠤᠬᠤ᠎ᠠᠴᠠ ᠡᠮᠦᠨᠡᠬᠢ ᠪᠣᠯᠪᠠᠰᠤᠷᠠᠯ ᠬᠦᠷᠳᠡᠭᠡᠬᠦ ᠵᠡᠷᠭᠡ ᠠᠵᠢᠯ᠎ᠢ ᠬᠦᠢᠴᠡᠳᠭᠡᠵᠤ ᠪᠠᠶ᠋ᠢᠨ᠎ᠠ᠃ ᠤᠢᠯᠠᠭᠠᠭᠰᠠᠨ ᠵᠢᠡᠷ᠂ ᠭᠠᠳᠠᠭᠠᠳᠤ᠎ᠳᠠᠬᠢ ᠲᠤᠷᠰᠢᠯᠲᠠ᠎ᠶᠢᠨ ᠰᠠᠭᠤᠷᠢᠨ ᠤ ᠡᠮᠦᠨᠡᠬᠢ ᠬᠤᠭᠤᠴᠠᠭᠠᠨ ᠤ ᠪᠦᠲᠦᠭᠡᠨ ᠪᠠᠶ᠋ᠢᠭᠤᠯᠤᠯᠲᠠ ᠦᠨᠳᠦᠰᠦᠨ᠎ᠳᠡᠭᠡᠨ ᠳᠠᠭᠤᠰᠴᠤ᠂ ᠣᠷᠣᠵᠤ ᠰᠠᠭᠤᠬᠤ ᠪᠠᠭᠰᠢ ᠰᠤᠷᠤᠭᠴᠢᠳ᠎ᠲᠤ᠌ ᠦᠨᠳᠦᠰᠦᠨ ᠠᠵᠢᠯ ᠠᠮᠢᠳᠤᠷᠠᠯ᠎ᠤᠨ ᠨᠥᠬᠥᠴᠡᠯ ᠪᠠ ᠠᠮᠤᠷ ᠲᠦᠪᠰᠢᠨ᠎ᠦ ᠪᠠᠲᠤᠯᠠᠭ᠎ᠠ ᠬᠠᠩᠭᠠᠵᠤ ᠴᠢᠳᠠᠨ᠎ᠠ᠃ ᠮᠣᠽᠠᠮᠪᠢᠺᠲᠸ᠋ ᠲᠣᠮᠢᠯᠠᠨ ᠰᠠᠭᠤᠯᠭᠠᠬᠤ ᠠᠩᠬᠠᠨ᠎ᠤ ᠪᠦᠯᠦᠭ ᠬᠥᠮᠦᠰ 7 ᠰᠠᠷ᠎ᠠ᠎ᠶᠢᠨ ᠰᠡᠭᠦᠯᠴᠢ᠎ᠪᠡᠷ ᠮᠣᠷᠳᠠᠵᠤ᠂ ᠮᠣᠽᠠᠮᠪᠢᠺᠢ ᠲᠤᠰᠠᠯᠠᠬᠤ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠳᠡᠭᠡᠳᠦ ᠵᠡᠷᠭᠡ᠎ᠶᠢᠨ ᠬᠥᠳᠡᠭᠡ ᠠᠵᠤ ᠠᠬᠤᠢ ᠵᠢᠨ ᠲᠤᠰᠬᠠᠢ ᠮᠡᠷᠭᠡᠵᠢᠯᠲᠡᠨ᠎ᠦ ᠳᠤᠭᠤᠶ᠋ᠢᠯᠠᠩ᠎ᠲᠠᠶ ᠬᠠᠮᠲᠤ᠎ᠪᠠᠷ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠤᠷᠰᠢᠯᠲᠠ ᠪᠣᠯᠤᠨ ᠮᠡᠷᠭᠡᠵᠢᠯ᠎ᠦᠨ ᠦᠢᠯᠡᠴᠢᠯᠡᠭᠡ ᠵᠡᠷᠭᠡ ᠠᠵᠢᠯ᠎ᠢ ᠥᠷᠨᠢᠭᠦᠯᠬᠦ᠌ ᠪᠣᠯᠤᠨ᠎ᠠ; ᠪᠤᠰᠤᠳ ᠵᠢᠵᠢᠭ ᠬᠦᠷᠢᠶᠡᠯᠡᠩ᠎ᠳᠦ ᠲᠣᠮᠢᠯᠠᠨ ᠰᠠᠭᠤᠯᠭᠠᠬᠤ ᠬᠥᠮᠦᠰ 8 ᠰᠠᠷ᠎ᠠ᠎ᠶᠢᠨ ᠳᠤᠮᠳᠠᠴᠢ᠎ᠪᠠᠷ ᠬᠦᠷᠴᠦ᠍ ᠠᠵᠢᠯ᠎ᠢᠶᠠᠨ ᠦᠷᠨᠢᠬᠦᠯᠦᠨ᠎ᠡ ᠃
ᠭᠠᠳᠠᠭᠠᠳᠤ ᠳ᠋ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠢ ᠪᠠᠢᠭᠤᠯᠤᠭᠰᠠᠨ ᠨᠢ ᠮᠠᠨ᠎ᠤ ᠤᠷᠤᠨ᠎ᠤ ᠶᠡᠬᠡ ᠳᠡᠭᠡᠳᠦ ᠰᠤᠷᠭᠠᠭᠤᠯᠢ᠎ᠶᠢᠨ ᠬᠢᠯᠢ᠎ᠶᠢᠨ ᠭᠠᠳᠠᠨ᠎ᠠ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠢᠨ᠎ᠡ᠎ᠶᠢ ᠡᠭᠦᠳᠬᠦ᠌᠂ ᠮᠡᠷᠭᠡᠵᠢᠯ᠎ᠢ ᠳᠡᠯᠭᠡᠷᠡᠭᠦᠯᠬᠦ᠌ ᠪᠠ ᠴᠢᠳᠠᠪᠤᠷᠢᠲᠠᠨ᠎ᠢ ᠬᠥᠮᠦᠵᠢᠭᠦᠯᠬᠦ᠌ ᠴᠢᠬᠤᠯᠠ ᠠᠴᠢᠶᠠᠯᠠᠪᠤᠷᠢ ᠪᠣᠯᠤᠨ᠎ᠠ᠃ ᠲᠣᠰ ᠤᠳᠠᠭ᠎ᠠ ᠮᠣᠽᠠᠮᠪᠢᠺ᠂ ᠮᠣᠩᠭᠣᠯ ᠤᠯᠤᠰ᠂ ᠨᠠᠮᠢᠪᠢᠶ᠎ᠠ ᠭᠤᠷᠪᠠᠨ ᠤᠯᠤᠰ ᠲᠸ᠋ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠢ ᠣᠨᠤᠴᠠᠳᠠᠢ ᠪᠠᠶ᠋ᠢᠷᠢᠯᠠᠭᠤᠯᠤᠭᠰᠠᠨ ᠨᠢ ᠡᠯ᠎ᠡ ᠤᠯᠤᠰ᠎ᠤᠨ ᠲᠠᠷᠢᠶᠠᠯᠠᠩ᠎ᠤᠨ ᠡᠬᠢ ᠪᠠᠶᠠᠯᠢᠭ᠎ᠤᠨ ᠣᠨᠴᠠᠯᠢᠭ ᠬᠢᠭᠡᠳ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠲᠡᠶ ᠤᠶᠠᠯᠳᠤᠭᠤᠯᠤᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠲᠠᠷᠢᠶᠠᠯᠠᠩ ᠣᠶ ᠰᠢᠭᠤᠶ ᠮᠠᠯ ᠠᠵᠤ ᠠᠬᠤᠶ᠎ᠶᠢᠨ ᠰᠢᠨᠵᠢᠯᠡᠭᠡᠨ᠎ᠦ ᠣᠨᠴᠠᠯᠢᠭ ᠬᠢᠭᠡᠳ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠴᠢᠳᠠᠪᠤᠷᠢᠲᠠᠨ᠎ᠤ ᠳᠠᠪᠠᠭᠤᠯᠢᠭ᠎ᠢ ᠪᠠᠳᠠᠷᠠᠭᠤᠯᠤᠨ᠂ ᠳᠤᠮᠳᠠᠳᠤ ᠭᠠᠳᠠᠭᠠᠳᠤ᠎ᠶᠢᠨ ᠲᠠᠷᠢᠶᠠᠯᠠᠩ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠣᠯᠢᠯᠴᠠᠭ᠎ᠠ᠂ ᠬᠠᠮᠲᠤᠷᠠᠨ ᠪᠣᠭᠣᠮᠲᠠ ᠰᠢᠪᠲᠤᠯᠬᠤ᠂ ᠦᠷ᠎ᠡ ᠪᠦᠲᠦᠭᠡᠯ᠎ᠢ ᠤᠨᠳᠤᠤᠰᠢᠭᠤᠯᠬᠤ ᠪᠠ ᠴᠢᠳᠠᠪᠤᠷᠢᠲᠠᠨ᠎ᠢ ᠬᠠᠮᠲᠤ᠎ᠪᠠᠷ ᠬᠥᠮᠦᠵᠢᠭᠦᠯᠬᠦ᠌ ᠳ᠋ᠤ ᠪᠠᠶ᠋ᠢᠩᠭᠤᠵᠢᠭᠰᠠᠨ ᠬᠠᠮᠲᠤᠷᠠᠯᠴᠠᠭᠠᠨ᠎ᠤ ᠲᠠᠪᠴᠠᠩ᠎ᠢ ᠪᠠᠶ᠋ᠢᠭᠤᠯᠵᠤ ᠦᠭᠴᠡᠢ᠃
ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠲᠤᠷᠠᠯᠴᠠᠭ᠎ᠠ ᠰᠣᠯᠢᠯᠴᠠᠭᠠᠨ ᠤ ᠭᠠᠵᠠᠷ ᠤᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ᠂ ᠥᠪᠥᠷ ᠮᠣᠩᠭᠣᠯ ᠭᠠᠳᠠᠭᠠᠳᠤᠳ᠋ᠡᠬᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠦᠨ ᠪᠥᠲᠥᠭᠡᠨ ᠪᠠᠶ᠋ᠢᠭᠤᠯᠤᠯᠲᠠ ᠶᠢ ᠦᠷᠭᠦᠯᠵᠢᠯᠡᠨ ᠪᠣᠳᠠᠲᠠᠶ᠋ᠢᠵᠢᠭᠤᠯᠵᠤ᠂ ᠣᠯᠠᠨ ᠤᠯᠤᠰ᠎ᠤᠨ ᠲᠠᠷᠢᠶᠠᠯᠠᠩ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠠᠮᠲᠤᠷᠠᠯᠴᠠᠭ᠎ᠠ᠎ᠶᠢ ᠭᠦᠨᠵᠡᠭᠡᠶ ᠥᠷᠨᠢᠭᠦᠯᠵᠦ᠍᠂ ᠰᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠦᠨ ᠴᠢᠨᠠᠷ ᠰᠠᠶ᠋ᠢᠲᠠᠶ ᠡᠬᠢ ᠪᠠᠶᠠᠯᠢᠭ᠎ᠢ ᠭᠠᠳᠠᠭᠰᠢ ᠭᠠᠷᠭᠠᠵᠤ᠂ ᠳᠤᠮᠳᠠᠳᠤ ᠮᠣᠩᠭᠣᠯ᠂ ᠳᠤᠮᠳᠠᠳᠤ ᠠᠹᠷᠢᠺᠠ᠎ᠶᠢᠨ ᠲᠠᠷᠢᠶᠠᠯᠠᠩ᠎ᠤᠨ ᠬᠦᠭᠵᠢᠯᠳᠡ ᠵᠢᠨ ᠬᠠᠮᠵᠢᠯᠴᠠᠭ᠎ᠠ ᠳᠦ ᠬᠦᠴᠦᠨ ᠨᠡᠮᠡᠷᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠦᠨ ᠭᠠᠳᠠᠭᠰᠢ ᠨᠡᠭᠡᠭᠡᠯᠲᠡ ᠪᠠ ᠣᠲᠣ ᠦᠶ᠎ᠡ᠎ᠶᠢᠨ ᠲᠠᠷᠢᠶᠠᠯᠠᠩ᠎ᠤᠨ ᠳᠡᠯᠡᠬᠡᠶ᠋ᠢᠴᠢᠯᠡᠬᠦ ᠬᠥᠭᠵᠢᠯᠲᠡ ᠳᠦ ᠰᠢᠨ᠎ᠡ ᠬᠥᠳᠡᠯᠭᠡᠬᠦ᠌ ᠬᠦᠴᠦᠨ ᠨᠡᠮᠡᠷᠢᠯᠡᠨ᠎ᠡ ᠭᠡᠵᠡᠶ᠃