ᠤᠯᠤᠰ᠎ᠤᠨ ᠳᠣᠲᠣᠭᠠᠳᠤ ᠭᠠᠳᠠᠭᠠᠳᠤ᠎ᠶᠢᠨ ᠲᠤᠰᠬᠠᠢ ᠮᠡᠷᠭᠡᠵᠢᠯᠲᠡᠨ ᠡᠷᠳᠡᠮᠲᠡᠨ ᠦᠪᠦᠷ ᠮᠤᠩᠭᠤᠯ ᠳ᠋ᠡᠬᠢ ᠳᠤᠭᠠᠨ᠎ᠤ ᠤᠬᠠᠭᠠᠨ ᠪᠠ ᠵᠤᠬᠢᠶᠠᠮᠠᠯ ᠤᠶᠤᠨ ᠴᠢᠳᠠᠪᠤᠷᠢ ᠵᠢᠨ ᠡᠷᠳᠡᠮ ᠰᠢᠨᠵᠢᠯᠡᠭᠡᠨ᠎ᠤ ᠠᠶᠠᠯᠠᠯ ᠵᠢᠡᠨ ᠡᠬᠢᠯᠡᠬᠦᠯᠪᠡ
2026-08-03 11:16:42
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ 2026 ᠣᠨ᠎ᠤ ᠲᠣᠭᠠᠨ᠎ᠤ ᠤᠬᠠᠭᠠᠨ ᠪᠠ ᠵᠣᠬᠢᠶᠠᠮᠠᠯ ᠣᠶᠤᠨ᠎ᠴᠢᠳᠠᠪᠤᠷᠢ ᠵᠢᠨ ᠬᠣᠰᠢᠭᠤᠷᠠᠯ ᠮᠡᠷᠭᠡᠵᠢᠯ᠎ᠤᠨ ᠣᠯᠠᠨ ᠤᠯᠤᠰ᠎ᠤᠨ ᠵᠣᠨ᠎ᠤ ᠠᠮᠠᠷᠠᠯᠲᠠ᠎ᠶᠢᠨ ᠰᠤᠷᠭᠠᠭᠤᠯᠢ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠳᠤ ᠰᠤᠷᠤᠯᠭ᠎ᠠ ᠡᠬᠢᠯᠡᠪᠡ᠃ ᠺᠠᠨᠠᠳᠠ᠂ ᠤᠷᠤᠰ᠂ ᠮᠣᠩᠭᠣᠯ ᠤᠯᠤᠰ ᠵᠡᠷᠭᠡ ᠤᠯᠤᠰ᠎ᠡᠴᠡ ᠢᠷᠡᠭᠰᠡᠨ ᠭᠠᠳᠠᠭᠠᠳᠤ᠎ᠶᠢᠨ ᠠᠺᠠᠳᠧᠮᠢᠴᠢ ᠵᠢᠴᠢ ᠨᠡᠷᠡᠳᠦ ᠲᠤᠰᠬᠠᠢ ᠮᠡᠷᠭᠡᠵᠢᠯᠲᠡᠨ ᠡᠷᠳᠡᠮᠲᠡᠳ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠶᠡᠬᠡ ᠰᠤᠷᠭᠠᠭᠤᠯᠢ᠂ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠲᠠᠯᠠᠢ ᠲᠠᠩᠭᠢᠰ᠎ᠤᠨ ᠶᠡᠬᠡ ᠰᠤᠷᠭᠠᠭᠤᠯᠢ ᠵᠡᠷᠭᠡ ᠤᠯᠠᠨ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠲᠠᠢ ᠨᠢᠭᠡ ᠲᠠᠩᠬᠢᠮ᠎ᠳᠤ ᠴᠤᠭᠯᠠᠷᠠᠵᠤ᠂ 7 ᠡᠳᠦᠷ᠎ᠦᠨ ᠬᠤᠭᠤᠴᠠᠭ᠎ᠠ᠎ᠲᠠᠢ ᠡᠷᠳᠡᠮ ᠰᠢᠨᠵᠢᠯᠡᠭᠡᠨ᠎ᠦ ᠠᠶᠠᠯᠠᠯ᠎ᠢᠶᠠᠨ ᠡᠬᠢᠯᠡᠭᠦᠯᠵᠡᠢ᠃

ᠲᠤᠰ ᠬᠤᠭᠤᠴᠠᠭᠠᠨ᠎ᠤ ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ ᠰᠤᠷᠭᠠᠭᠤᠯᠢ᠎ᠶᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠲᠤᠰᠠᠯᠠᠵᠤ᠂ ᠥᠪᠥᠷ ᠮᠤᠩᠭᠤᠯ᠎ᠤᠨ ᠪᠠᠭᠰᠢ ᠵᠢᠨ ᠶᠡᠬᠡ ᠰᠤᠷᠭᠠᠭᠤᠯᠢ ᠡᠴᠡ ᠭᠤᠤᠯᠯᠠᠨ ᠡᠷᠬᠢᠯᠡᠵᠦ᠂ 《ᠲᠣᠭᠠᠨ᠎ᠤ ᠤᠬᠠᠭᠠᠨ᠎ᠤ ᠰᠠᠭᠤᠷᠢ᠎ᠶᠢ ᠪᠡᠬᠢᠵᠢᠭᠦᠯᠵᠦ᠂ ᠬᠣᠰᠢᠭᠤᠷᠠᠯ ᠮᠡᠷᠭᠡᠵᠢᠯ᠎ᠤᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠦᠢᠯᠡᠳᠦᠯᠭᠡ᠎ᠶᠢᠨ ᠬᠡᠷᠡᠭᠯᠡᠯᠲᠡ᠎ᠶᠢ ᠴᠢᠩᠭᠠᠳᠬᠠᠬᠤ》 ᠪᠠᠷ ᠭᠣᠣᠯ ᠰᠢᠵᠢᠮ ᠪᠣᠯᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠠᠷᠪᠠ ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠬᠠᠮᠲᠤᠷᠠᠨ ᠬᠢᠴᠢᠶᠡᠯ ᠤᠷᠤᠵᠤ᠂ ᠲᠤᠰᠬᠠᠢ ᠰᠡᠳᠦᠪᠲᠦ ᠲᠠᠢᠯᠤᠮᠵᠢ᠂ ᠦᠢᠯᠡᠳᠦᠯᠭᠡ᠎ᠶᠢᠨ ᠠᠵᠢᠯᠯᠠᠭ᠎ᠠ ᠪᠣᠯᠣᠨ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ᠎ᠶᠢ ᠤᠶᠠᠯᠳᠤᠭᠤᠯᠤᠭᠰᠠᠨ ᠵᠢᠭᠠᠨ ᠰᠤᠷᠭᠠᠯᠲᠠ᠎ᠶᠢᠨ ᠵᠠᠭᠪᠤᠷ᠎ᠢ ᠬᠡᠷᠡᠭᠯᠡᠵᠦ᠂ ᠳᠡᠯᠡᠬᠡᠢ᠎ᠶᠢᠨ ᠬᠠᠷᠠᠭᠠᠰᠤ ᠲᠠᠢ ᠬᠠᠮ ᠬᠡᠯᠪᠡᠷᠢ᠎ᠶᠢᠨ ᠣᠷᠣᠢᠯᠠᠭᠰᠠᠨ ᠰᠢᠨ᠎ᠡ᠎ᠶᠢ ᠡᠭᠦᠳᠬᠦ ᠴᠢᠳᠠᠪᠤᠷᠢᠲᠠᠨ᠎ᠢ ᠬᠥᠮᠥᠵᠢᠭᠦᠯᠬᠦ ᠲᠠᠯ᠎ᠠ ᠪᠡᠷ ᠰᠦᠪᠡᠭᠴᠢᠯᠡᠯᠳᠡ ᠬᠢᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号