ᠦᠯᠡᠳᠡᠭᠳᠡᠯ ᠪᠣᠳᠠᠰ ᠤ᠋ᠨ ᠠᠰᠢᠬᠯᠠᠯᠳᠡ
2026-08-03 12:06:57
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠤᠢ᠌ᠷ᠎ᠠ ᠳ᠋ᠤ᠂ ᠪᠦᠬᠦ᠌ ᠤᠯᠤᠰ ᠤ᠋ᠨ ᠤᠢ ᠰᠢᠭᠤᠢ ᠵᠢᠨ ᠠᠵᠢᠯ ᠲᠦᠷᠦᠯ ᠤ᠋ᠨ ᠠᠩᠬᠠᠳᠠᠭᠴᠢ ᠪᠦᠬᠦ ᠬᠡᠯᠬᠢᠶ᠎ᠠ ᠵᠢᠨ ᠪᠢᠲᠡᠭᠦᠦ ᠬᠡᠯᠪᠡᠷᠢ ᠵᠢᠨ ᠤᠢ ᠰᠢᠭᠤᠢ ᠵᠢᠨ ᠭᠠᠷᠤᠯᠲᠠ ᠵᠢᠨ ᠠᠵᠤ ᠦᠢᠯᠡᠳᠪᠦᠷᠢ ᠵᠢᠨ ᠵᠢᠱ᠌ᠢᠢ᠎ᠡ ᠦᠵᠡᠭᠦᠯᠬᠦ᠌ ᠲᠦᠷᠦᠯ ᠵᠦᠢᠯ — ᠤᠢ ᠰᠢᠭᠤᠢ ᠵᠢᠨ ᠦᠯᠡᠳᠡᠭᠳᠡᠯ ᠪᠣᠳᠠᠰ ᠢ᠋ ᠦᠷᠭᠦᠯᠵᠢᠯᠡᠨ ᠶᠡᠷᠦᠩᠬᠡᠶ᠋ᠢᠯᠡᠨ ᠠᠰᠢᠭᠯᠠᠬᠤ ᠵᠢᠱ᠌ᠢᠢ᠎ᠡ ᠦᠵᠡᠭᠦᠯᠬᠦ᠌ ᠲᠦᠷᠦᠯ ᠵᠦᠢᠯ ᠢ᠋ ᠥᠪᠥᠷ ᠮᠣᠩᠭᠣᠯ ᠤ᠋ᠨ ᠤᠢ ᠰᠢᠭᠤᠢ ᠵᠢᠨ ᠠᠵᠤ ᠦᠢᠯᠡᠳᠪᠦᠷᠢ ᠵᠢᠨ ᠪᠦᠯᠦᠭᠯᠡᠯ ᠤ᠋ᠨ ᠲᠤᠯᠢ ᠭᠤᠤᠯ ᠤᠢ ᠰᠢᠭᠤᠢ ᠵᠢᠨ ᠠᠵᠤ ᠦᠢᠯᠡᠳᠪᠦᠷᠢ ᠵᠢᠨ ᠺᠣᠮᠫᠠᠨᠢ ᠳ᠋ᠤ ᠡᠬᠢᠯᠡᠭᠦᠯᠵᠠᠢ᠃ ᠲᠤᠰ ᠲᠦᠷᠦᠯ ᠵᠦᠢᠯ ᠢ᠋ ᠨᠠᠶ᠋ᠢᠳᠠᠪᠤᠷᠢᠵᠢᠭᠤᠯᠤᠨ ᠬᠡᠷᠡᠭᠵᠢᠭᠦᠯᠦᠭᠰᠡᠨ ᠨᠢ ᠪᠦᠬᠦ᠌ ᠤᠯᠤᠰ ᠤ᠋ᠨ ᠤᠯᠤᠰ ᠤ᠋ᠨ ᠥᠮᠴᠢᠯᠡᠯᠳᠤ ᠰᠢᠭᠤᠶ᠋ᠢᠲᠤ᠌ ᠣᠷᠣᠨ ᠤ᠋ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠡᠷᠬᠢᠯᠳᠡᠳᠤ ᠠᠵᠤ ᠦᠢᠯᠡᠰ ᠤ᠋ᠨ ᠬᠦᠷᠢᠶᠡᠨ ᠳ᠋ᠡᠬᠢ ᠬᠣᠭᠣᠰᠣᠨ ᠢ᠋ ᠨᠥᠬᠥᠪᠥᠷᠢᠯᠡᠵᠡᠢ᠃

ᠲᠣᠰ ᠲᠥᠷᠥᠯ ᠵᠦᠢᠯ ᠳ᠋ᠤ᠂ ᠣᠶ ᠰᠢᠭᠤᠶ ᠵᠢᠨ ᠡᠳ᠋ᠰᠢᠭᠦᠯᠵᠦ᠍ ᠭᠠᠷᠭᠠᠭᠰᠠᠨ ᠦᠯᠡᠳᠡᠭᠳᠡᠯ ᠪᠣᠳᠠᠰ ᠢ᠋ ᠠᠮᠢᠳᠤ ᠪᠣᠳᠠᠰ ᠤ᠋ᠨ ᠲᠦᠯᠡᠰᠢ ᠵᠢᠨ ᠮᠥᠬᠥᠯᠢᠭ᠂ ᠮᠠᠰᠢᠨ ᠵᠢᠡᠷ ᠦᠢᠯᠡᠳᠦᠭᠰᠡᠨ ᠨᠡᠭᠦᠷᠡᠰᠦ᠂ ᠢᠳᠡᠪᠬᠢᠵᠢᠭᠦᠯᠦᠭᠰᠡᠨ ᠨᠡᠭᠦᠷᠡᠰᠦ ᠵᠡᠷᠭᠡ ᠦᠢᠯᠡᠳᠬᠦᠨ ᠪᠣᠯᠭᠠᠨ ᠬᠣᠶᠠᠳᠠᠬᠢ ᠤᠳᠠᠭ᠎ᠠ ᠡᠳ᠋ᠰᠢᠭᠦᠯᠵᠦ᠍ ᠪᠣᠯᠤᠨ᠎ᠠ᠃ ᠲᠥᠷᠥᠯ ᠵᠦᠢᠯ ᠨᠢ 5 ᠰᠠᠶ᠎ᠠ ᠸᠠᠲ ᠠᠮᠢᠳᠤ ᠪᠣᠳᠠᠰ ᠤ᠋ᠨ ᠮᠠᠰ ᠤ᠋ᠨ ᠬᠡᠶ᠋ᠢᠵᠢᠭᠦᠯᠦᠭᠰᠡᠨ ᠢᠯᠴᠢ ᠴᠠᠬᠢᠯᠭᠠᠨ ᠤ᠋ ᠰᠢᠰᠲ᠋ᠧᠮ ᠢ᠋ ᠲᠥᠬᠥᠷᠵᠢᠭᠦᠯᠵᠦ᠍᠂ ᠵᠢᠯ ᠳ᠋ᠦ 2800 ᠲᠦᠮᠡᠨ ᠭᠷᠠᠳᠦ᠋ᠰ ᠤ᠋ᠨ ᠴᠠᠬᠢᠯᠭᠠᠨ ᠭᠠᠷᠭᠠᠵᠤ᠂ 10.8 ᠲᠦᠮᠡᠨ ᠲᠣᠨ ᠠᠭᠤᠷ ᠢ᠋ ᠦᠢᠯᠡᠳᠪᠦᠷᠢᠯᠡᠵᠦ᠂ ᠤᠯᠤᠰ ᠤ᠋ᠨ ᠳᠣᠲᠣᠭᠠᠳᠤ ᠵᠢᠨ ᠠᠩᠬᠠᠳᠠᠭᠴᠢ ᠠᠮᠢᠳᠤ ᠪᠣᠳᠠᠰ ᠤ᠋ᠨ ᠮᠠᠰ ᠤ᠋ᠨ ᠪᠣᠬᠢᠷᠲᠤᠯ ᠥᠬᠡᠶ ᠴᠠᠬᠢᠯᠭᠠᠨ ᠢ᠋ ᠰᠢᠭᠤᠳ ᠵᠠᠯᠭᠠᠨ ᠪᠦᠷᠢᠨ ᠪᠢᠲᠡᠭᠦᠦ ᠬᠡᠯᠬᠢᠶᠡᠳᠤ ᠣᠶ ᠰᠢᠭᠤᠶ ᠵᠢᠨ ᠵᠢᠱ᠌ᠢᠶ᠎ᠡ ᠦᠵᠡᠭᠦᠯᠬᠦ᠌ ᠲᠥᠷᠥᠯ ᠵᠦᠢᠯ ᠪᠣᠯᠤᠨ᠎ᠠ᠃ ᠲᠣᠰ ᠲᠥᠷᠥᠯ ᠵᠦᠢᠯ ᠤ᠋ᠨ ᠶᠡᠷᠦᠩᠬᠡᠶ ᠪᠠᠯᠠ ᠣᠷᠣᠭᠤᠯᠤᠯᠲᠠ 2.5 ᠳ᠋ᠦᠩᠰᠢᠭᠤᠷ ᠲᠥᠭᠥᠷᠢᠭ ᠲᠦ᠍ ᠬᠦᠷᠴᠦ᠍᠂ ᠪᠥᠲᠥᠭᠡᠨ ᠪᠠᠶ᠋ᠢᠭᠤᠯᠤᠯᠲᠠ ᠵᠢᠨ ᠬᠤᠭᠤᠴᠠᠭ᠎ᠠ 21 ᠰᠠᠷ᠎ᠠ ᠪᠠᠶ᠋ᠢᠵᠤ᠂ ᠣᠳᠣᠬᠠᠨ ᠳ᠋ᠤ ᠨᠢᠭᠡᠨᠳᠡ ᠪᠡᠯᠡᠳᠭᠡᠯ ᠬᠤᠭᠤᠴᠠᠭᠠᠨ ᠤ᠋ ᠠᠵᠢᠯ ᠢ᠋ ᠳᠠᠭᠤᠰᠬᠠᠪᠠ᠃ ᠲᠦᠷᠦᠯ ᠵᠦᠢᠯ ᠬᠡᠷᠡᠭᠵᠢᠬᠦᠯᠦᠭᠳᠡᠭᠰᠡᠨ ᠤ᠋ ᠲᠠᠷᠠᠭ᠎ᠠ᠂ ᠵᠢᠯ ᠳ᠋ᠦ 65 ᠲᠦᠮᠡᠨ ᠲᠣᠨ ᠤᠢ ᠰᠢᠭᠤᠢ ᠵᠢᠨ ᠦᠯᠡᠳᠡᠭᠳᠡᠯ ᠪᠣᠳᠠᠰ ᠢ᠋ ᠰᠢ᠌ᠳᠪᠦᠷᠢᠯᠡᠵᠦ᠍᠂ ᠵᠢᠯ ᠤ᠋ᠨ ᠡᠵᠡᠩᠨᠡᠯᠲᠡ ᠵᠢᠨ ᠣᠷᠣᠯᠭ᠎ᠠ ᠨᠢ 3.38 ᠳ᠋ᠦᠩᠰᠢᠭᠤᠷ ᠲᠥᠭᠥᠷᠢᠭ ᠲᠦ᠍ ᠬᠦᠷᠤᠨ᠎ᠠ ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号