ᠡᠨᠡ ᠵᠢᠯ᠎ᠠᠴᠠ ᠠᠷᠤ ᠬᠣᠷᠴᠢᠨ ᠬᠣᠰᠢᠭᠤ 《ᠤᠷᠢᠳᠴᠢᠯᠠᠨ ᠰᠡᠷᠭᠡᠢᠯᠡᠬᠦ᠎ᠪᠠᠷ ᠭᠣᠣᠯ ᠪᠤᠯᠭᠠᠵᠤ᠂ ᠨᠠᠷᠢᠯᠢᠭ ᠣᠨᠣᠪᠴᠢᠳᠠᠢ ᠠᠷᠭ᠎ᠠ ᠪᠣᠳᠣᠯᠭ᠎ᠠ ᠬᠡᠷᠡᠭᠵᠢᠭᠦᠯᠬᠦ》 ᠠᠵᠢᠯ᠎ᠤᠨ ᠰᠡᠳᠬᠢᠮᠵᠢ᠎ᠶᠢ ᠪᠠᠷᠢᠮᠲᠠᠯᠠᠨ᠂ ᠠᠮᠢ ᠠᠬᠤᠢ᠎ᠵᠢ ᠬᠠᠮᠠᠭᠠᠯᠠᠬᠤ ᠴᠢᠨᠠᠷᠲᠠᠢ ᠰᠡᠷᠭᠡᠢᠯᠡᠨ ᠵᠠᠰᠠᠬᠤ ᠮᠡᠷᠭᠡᠵᠢᠯ᠎ᠢ ᠬᠡᠷᠡᠭᠵᠢᠭᠦᠯᠵᠦ᠂ ᠣᠢ ᠰᠢᠭᠤᠢ ᠨᠤᠲᠤᠭ ᠪᠡᠯᠴᠢᠭᠡᠷ᠎ᠤᠨ ᠬᠥᠨᠥᠭᠡᠯᠳᠦ ᠠᠮᠢᠳᠤ ᠪᠣᠳᠠᠰᠢ᠋ ᠲᠤᠰᠬᠠᠢ ᠰᠡᠷᠭᠡᠢᠯᠡᠨ ᠵᠠᠰᠠᠬᠤ ᠠᠵᠢᠯ᠎ᠢ ᠨᠠᠷᠢᠯᠢᠭ᠋ ᠤᠨᠤᠪᠴᠢᠲᠠᠢ ᠡᠮᠬᠢ ᠵᠢᠷᠤᠮ᠎ᠲᠠᠢ ᠠᠬᠢᠭᠤᠯᠪᠠ᠃ ᠣᠳᠣᠬᠠᠨ ᠪᠤᠯᠲᠠᠯ᠎ᠠ 9.34 ᠲᠦᠮᠡᠨ ᠮᠦ᠍ ᠣᠢ ᠰᠢᠭᠤᠢ᠎ᠶᠢᠨ ᠬᠥᠨᠦᠭᠡᠯᠲᠦ ᠠᠮᠢᠳᠤ ᠪᠣᠳᠠᠰ᠎ᠢ ᠰᠡᠷᠭᠡᠢᠯᠡᠨ ᠵᠠᠰᠠᠬᠤ ᠠᠵᠢᠯ ᠢ᠋ ᠪᠡᠶᠡᠯᠡᠭᠦᠯᠵᠦ᠂ ᠡᠭᠦᠨ᠎ᠳᠤ ᠰᠠᠬᠤᠯᠠᠭ ᠬᠣᠷᠣᠬᠠᠢ᠎ᠶᠢᠨ ᠬᠥᠨᠥᠭᠡᠯ᠎ᠢ 7.74 ᠲᠦᠮᠡᠨ ᠮᠦ᠍ ᠰᠡᠷᠭᠡᠢᠯᠡᠨ ᠵᠠᠰᠠᠵᠤ᠂ ᠭᠦᠢᠯᠡᠰᠦᠨ ᠤ᠋ ᠬᠤᠷᠤᠬᠠᠢ᠎ᠵᠢᠨ ᠬᠥᠨᠦᠭᠡᠯ ᠢ᠋ 1.6 ᠲᠦᠮᠡᠨ ᠮᠦ᠍ ᠰᠡᠷᠭᠡᠢᠯᠡᠨ ᠵᠠᠰᠠᠵᠤ᠂ ᠬᠣᠷᠣᠬᠠᠢ᠎ᠶᠢᠨ ᠭᠠᠮᠰᠢᠭ᠋᠎ᠤᠨ ᠣᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠋᠎ᠲᠤ ᠦᠵᠡᠭᠦᠯᠭᠦ ᠬᠣᠬᠢᠷᠠᠯ᠎ᠢ ᠪᠦᠲᠥᠮᠵᠢᠲᠡᠢ ᠪᠠᠭᠠᠰᠬᠠᠪᠠ᠃
ᠠᠷᠤ ᠬᠣᠷᠴᠢᠨ ᠬᠣᠰᠢᠭᠤ ᠰᠡᠷᠭᠡᠢᠯᠡᠨ ᠵᠠᠰᠠᠬᠤ ᠠᠵᠢᠯ᠎ᠢ ᠠᠬᠢᠭᠤᠯᠬᠤ ᠶᠠᠪᠤᠴᠠ᠎ᠳᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ᠎ᠶᠢ ᠪᠠᠷᠢᠮᠲᠠᠯᠠᠨ᠂ ᠨᠠᠷᠢᠯᠢᠭ᠋ ᠤᠨᠤᠪᠴᠢᠲᠠᠢ᠎ᠪᠠᠷ ᠬᠦᠴᠦᠯᠡᠵᠦ᠂ ᠬᠠᠷᠢᠶᠠᠲᠤ ᠭᠠᠵᠠᠷ ᠤ᠋ᠨ ᠵᠢᠡᠨ ᠣᠢ ᠰᠢᠭᠤᠢ ᠨᠤᠲᠤᠭ ᠪᠡᠯᠴᠢᠭᠡᠷ᠎ᠤᠨ ᠬᠥᠨᠥᠭᠡᠯᠳᠦ ᠠᠮᠢᠳᠤ ᠪᠣᠳᠠᠰ᠎ᠤᠨ ᠠᠳᠠᠯᠢ ᠪᠤᠰᠤ ᠭᠠᠮᠰᠢᠭ᠋᠎ᠤᠨ ᠴᠡᠭ᠂ ᠠᠳᠠᠯᠢ ᠪᠤᠰᠤ ᠬᠥᠨᠥᠭᠡᠯ᠎ᠲᠠᠢ ᠣᠷᠣᠨ ᠪᠦᠰᠡ᠎ᠳᠤ ᠴᠢᠭᠯᠡᠭᠦᠯᠦᠨ᠂ ᠬᠣᠷᠣᠬᠠᠢ᠎ᠶᠢᠨ ᠬᠥᠨᠥᠭᠡᠯ ᠤ᠋ᠨ ᠪᠠᠢᠳᠠᠯ᠎ᠢ ᠰᠢᠨᠵᠢᠯᠡᠬᠦ ᠤᠬᠠᠭᠠᠨᠴᠢ᠎ᠪᠠᠷ ᠰᠤᠳᠤᠯᠤᠨ ᠮᠠᠭᠠᠳᠯᠠᠵᠤ᠂ ᠵᠦᠷᠢᠶᠡᠴᠢᠯᠡᠭᠰᠡᠨ᠂ ᠲᠤᠰᠬᠠᠢᠵᠢᠭᠰᠠᠨ ᠰᠡᠷᠭᠡᠢᠯᠡᠨ ᠡᠵᠡᠮᠳᠡᠬᠦ ᠲᠥᠰᠥᠯ᠎ᠢ ᠤᠨᠴᠠᠯᠢᠭ ᠲᠤᠨᠢ ᠲᠣᠬᠢᠷᠠᠭᠤᠯᠤᠨ ᠲᠣᠭᠲᠠᠭᠠᠵᠤ᠂ ᠲᠥᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠦᠨ᠂ ᠬᠠᠨᠳᠤᠯᠭᠠᠲᠤ ᠴᠢᠨᠠᠷᠲᠠᠢ ᠪᠡᠷ ᠵᠠᠰᠠᠯᠲᠠᠬᠢᠵᠦ᠂ ᠪᠦᠳᠦᠭᠦᠯᠢᠭ ᠮᠠᠶᠢᠭ᠎ᠢᠶᠠᠷ ᠰᠡᠷᠭᠡᠢᠯᠡᠨ ᠡᠵᠡᠮᠳᠡᠬᠦ ᠠᠵᠢᠯ᠎ᠢ ᠲᠠᠰᠤ ᠵᠣᠭᠰᠣᠭᠠᠵᠤ᠂ ᠬᠣᠷᠣᠬᠠᠢ᠎ᠶᠢᠨ ᠬᠥᠨᠦᠭᠡᠯ ᠢ᠋ ᠪᠦᠲᠦᠮᠵᠢᠲᠡᠢ ᠵᠠᠰᠠᠵᠤ ᠬᠢᠵᠠᠭᠠᠷᠯᠠᠬᠤ᠎ᠶᠢᠨ ᠬᠠᠮᠲᠤ ᠣᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠋᠎ᠤᠨ ᠠᠮᠤᠷ ᠲᠦᠪᠰᠢᠨ᠎ᠢ ᠬᠠᠮᠠᠭᠠᠯᠠᠪᠠ᠃
ᠰᠡᠷᠭᠡᠢᠯᠡᠨ ᠵᠠᠰᠠᠬᠤ ᠠᠵᠢᠯ᠎ᠤᠨ ᠳᠤᠮᠳᠠ ᠬᠣᠷᠣᠬᠠᠢ᠎ᠶᠢᠨ ᠭᠠᠮᠰᠢᠭ᠋᠎ᠤᠨ ᠣᠨᠴᠠᠯᠢᠭ᠋᠎ᠲᠠᠢ ᠤᠶᠠᠯᠳᠤᠭᠤᠯᠤᠨ ᠠᠭᠠᠷ᠎ᠤᠨ ᠰᠡᠷᠭᠡᠢᠯᠡᠯᠲᠡ᠎ᠶᠢᠨ ᠮᠡᠷᠭᠡᠵᠢᠯ᠎ᠤᠨ ᠳᠠᠪᠠᠭᠤᠯᠢᠭ᠋᠎ᠲᠤ ᠭᠦᠢᠴᠡᠳ ᠲᠦᠰᠢᠭᠯᠡᠨ᠂ ᠡᠭᠴᠡ ᠨᠢᠰᠬᠡᠯᠵᠢᠡᠷ ᠰᠦᠷᠴᠢᠬᠦ ᠠᠵᠢᠯᠯᠠᠭᠠᠨ᠎ᠤ ᠵᠠᠭᠪᠤᠷ᠎ᠢ ᠬᠡᠷᠡᠭᠯᠡᠨ᠂ ᠰᠢᠨᠵᠢᠯᠡᠬᠦ ᠤᠬᠠᠭᠠᠨᠴᠢᠯᠠᠭᠰᠠᠨ ᠬᠢᠮᠢ᠎ᠶᠢᠨ ᠠᠷᠭ᠎ᠠ ᠪᠡᠷ ᠰᠡᠷᠭᠡᠢᠯᠡᠨ ᠵᠠᠰᠠᠬᠤ ᠠᠵᠢᠯ᠎ᠢ ᠥᠷᠨᠢᠭᠦᠯᠵᠦ᠂ ᠰᠡᠷᠭᠡᠢᠯᠡᠨ ᠡᠵᠡᠮᠳᠡᠬᠦ ᠦᠷ᠎ᠡ ᠪᠦᠲᠦᠮᠵᠢ᠎ᠵᠢ ᠳᠡᠭᠡᠭᠰᠢᠯᠡᠭᠦᠯᠬᠦ ᠪᠠ ᠠᠮᠢ ᠠᠬᠤᠢ᠎ᠶᠢᠨ ᠠᠮᠤᠷ ᠲᠦᠪᠰᠢᠨ᠎ᠢ᠋ ᠬᠠᠮᠠᠭᠠᠯᠠᠬᠤ ᠵᠢ ᠬᠠᠮᠲᠤ ᠳ᠋ᠤᠨᠢ ᠠᠬᠢᠭᠤᠯᠵᠠᠢ᠃ ᠡᠭᠦᠨ᠎ᠦ ᠬᠠᠮᠲᠤ ᠨᠢᠰᠦᠭᠦᠷ᠎ᠦᠨ ᠠᠭᠠᠷ᠎ᠤᠨ ᠰᠡᠷᠭᠡᠢᠯᠡᠯᠲᠡ᠎ᠶᠢᠨ ᠪᠦᠷᠬᠦᠴᠡ ᠥᠷᠭᠡᠨ᠂ ᠦᠷ᠎ᠡ ᠪᠦᠲᠥᠮᠵᠢ ᠥᠨᠳᠥᠷ ᠪᠠᠢᠳᠠᠭ ᠳᠠᠪᠠᠭᠤᠯᠢᠭ᠋᠎ᠢ ᠠᠰᠢᠭ᠍ᠯᠠᠨ ᠬᠣᠷᠣᠬᠠᠢ᠎ᠶᠢᠨ ᠰᠠᠭᠤᠷᠢ ᠲᠣᠭ᠎ᠠ᠎ᠶᠢ ᠲᠦᠷᠭᠡᠨ ᠪᠠᠭᠠᠰᠬᠠᠵᠤ᠂ ᠬᠣᠷᠣᠬᠠᠢ᠎ᠶᠢᠨ ᠲᠠᠷᠬᠠᠯᠲᠠ᠎ᠶᠢᠨ ᠵᠠᠮ᠎ᠢ ᠪᠦᠲᠥᠮᠵᠢᠲᠡᠢ ᠬᠤᠷᠢᠭᠯᠠᠪᠠ᠃
ᠠᠷᠤ ᠬᠣᠷᠴᠢᠨ ᠬᠣᠰᠢᠭᠤ ᠣᠢ ᠰᠢᠭᠤᠢ ᠨᠤᠲᠤᠭ ᠪᠡᠯᠴᠢᠭᠡᠷ᠎ᠤᠨ ᠰᠡᠷᠭᠡᠢᠯᠡᠨ ᠡᠵᠡᠮᠳᠡᠬᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠦᠷᠭᠦᠯᠵᠢᠯᠡᠨ ᠪᠣᠳᠠᠲᠠᠢᠵᠢᠭᠤᠯᠵᠤ᠂ ᠬᠥᠨᠥᠭᠡᠯᠳᠦ ᠠᠮᠢᠳᠤ ᠪᠣᠳᠠᠰ᠎ᠤᠨ ᠡᠭᠦᠰᠬᠦ ᠵᠢᠮ᠎ᠡ ᠶᠣᠰᠣᠨ᠎ᠳᠤ ᠰᠠᠭᠤᠷᠢᠯᠠᠨ᠂ ᠵᠠᠩᠭᠢᠯᠠᠭ᠎ᠠ᠎ᠶᠢᠨ ᠴᠠᠭ᠎ᠢ ᠴᠢᠩᠭ᠎ᠠ ᠠᠩᠬᠠᠷᠴᠤ᠂ ᠭᠣᠣᠯᠳᠠᠯᠭ᠎ᠠ᠎ᠲᠠᠢ ᠰᠢᠭᠤᠢᠲᠤ ᠣᠷᠣᠨ᠂ ᠨᠤᠲᠤᠭ ᠪᠡᠯᠴᠢᠭᠡᠷ᠎ᠤᠨ ᠬᠢᠨᠠᠨ ᠬᠡᠮᠵᠢᠵᠦ ᠲᠣᠭᠣᠷᠢᠨ ᠪᠠᠢᠴᠠᠭᠠᠬᠤ ᠤᠳᠠᠭ᠎ᠠ᠎ᠶᠢ ᠨᠡᠮᠡᠭᠳᠡᠭᠦᠯᠵᠦ᠂ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠦᠨ᠂ ᠰᠡᠷᠭᠡᠢᠯᠡᠨ ᠡᠵᠡᠮᠳᠡᠬᠦ ᠲᠣᠭᠲᠠᠴᠠ᠎ᠶᠢ ᠨᠠᠷᠢᠯᠢᠭ᠍ᠵᠢᠭᠤᠯᠵᠠᠢ᠃ ᠳᠠᠯᠳᠠ ᠭᠡᠮ᠎ᠢ ᠵᠢᠭ᠍ᠰᠠᠭᠠᠨ ᠪᠠᠢᠴᠠᠭᠠᠬᠤ ᠪᠠ ᠶᠡᠷᠦᠩᠭᠡᠶ᠋ᠢᠯᠡᠨ ᠵᠠᠰᠠᠬᠤ᠎ᠶᠢ ᠪᠠᠢᠩᠭᠤᠵᠢᠭᠤᠯᠤᠨ ᠥᠷᠨᠢᠭᠦᠯᠵᠦ᠂ ᠭᠢᠯᠪᠠᠷ ᠪᠤᠰᠤ᠎ᠪᠠᠷ ᠣᠯᠣᠭᠰᠠᠨ ᠰᠡᠷᠭᠡᠢᠯᠡᠨ ᠵᠠᠰᠠᠬ᠍ᠰᠠᠨ ᠦᠷ᠎ᠡ ᠪᠦᠲᠦᠮᠵᠢ ᠵᠢ ᠦᠷᠭᠦᠯᠵᠢᠯᠡᠨ ᠪᠡᠬᠢᠵᠢᠭᠦᠯᠵᠦ᠂ ᠪᠠᠢᠩᠭᠤᠵᠢᠭ᠍ᠰᠠᠨ᠂ ᠨᠠᠷᠢᠯᠢᠭ᠍ᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠪᠠᠷ ᠣᠢ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ᠎ᠶᠢᠨ ᠠᠮᠤᠷ ᠲᠦᠪᠰᠢᠨ᠎ᠢ ᠪᠦᠭᠦ ᠬᠦᠴᠦᠨ᠎ᠢᠶᠠᠷ᠎ᠢᠶᠠᠨ ᠰᠠᠬᠢᠨ ᠬᠠᠮᠠᠭᠠᠯᠠᠵᠤ ᠪᠤᠢ᠃