ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ ᠵᠢ ᠪᠠᠭᠠᠰᠬᠠᠬᠤ ᠤᠷᠳᠤᠰ ᠬᠤᠳᠠ᠎ᠵᠢᠨ ᠰᠢᠨ᠎ᠡ ᠠᠶᠠᠨ
2026-08-03 12:13:51
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠤᠡᠭᠰᠢᠯᠭ᠎ᠠ᠎ᠵᠢᠨ ᠬᠦᠳᠤᠯᠤᠮᠵᠢ

2023 ᠣᠨ ᠤ᠋ ᠰᠡᠭᠦᠯᠴᠢ ᠪᠡᠷ ᠪᠦᠬᠦ ᠤᠯᠤᠰ ᠤ᠋ᠨ ᠳᠦᠷᠦᠬᠦᠦ ᠪᠦᠯᠦᠭ ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ ᠵᠢ ᠪᠠᠭᠠᠰᠬᠠᠬᠤ ᠵᠢ ᠬᠠᠮᠵᠢᠯᠴᠠᠭᠤᠯᠤᠨ ᠰᠢᠨ᠎ᠡ ᠵᠢ ᠡᠭᠦᠳᠬᠦ ᠲᠤᠷᠰᠢᠯᠲᠠ ᠶ᠋ᠢᠨ ᠬᠤᠳᠠ ᠪᠡᠷ ᠰᠣᠩᠭᠣᠭᠳᠠᠭᠰᠠᠨ ᠡᠴᠡ ᠨᠠᠭᠠᠰᠢ᠂ ᠤᠷᠳᠤᠰ ᠬᠤᠳᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠶ᠋ᠢᠡᠷ ᠴᠢᠳᠠᠮᠵᠢ ᠣᠯᠭᠣᠬᠤ᠂ ᠳᠦᠷᠦ  ᠵᠢᠨ ᠪᠣᠳᠣᠯᠭ᠎ᠠ ᠪᠡᠷ ᠬᠥᠲᠥᠯᠥᠨ ᠳᠠᠭᠠᠭᠤᠯᠬᠤ᠂ ᠴᠢᠳᠠᠪᠤᠷᠢᠲᠠᠨ ᠶ᠋ᠢᠡᠷ ᠲᠤᠯᠭᠠᠭᠤᠷᠢᠯᠠᠭᠤᠯᠬᠤ ᠵᠢ ᠬᠠᠮᠵᠢᠯᠴᠠᠭᠤᠯᠤᠨ ᠬᠦᠴᠦᠯᠡᠬᠦ ᠵᠢ ᠪᠠᠷᠢᠮᠲᠠᠯᠠᠵᠤ᠂ ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ ᠵᠢ ᠪᠠᠭᠠᠰᠬᠠᠬᠤ ᠳ᠋ᠤ ᠴᠢᠩᠭ᠎ᠠ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠵᠦ᠂ ᠠᠵᠤ ᠠᠬᠤᠢ ᠵᠢᠨ ᠨᠡᠮᠡᠭᠳᠡᠯ ᠪᠣᠯᠣᠨ ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ ᠵᠢ ᠪᠠᠭᠠᠰᠬᠠᠬᠤ ᠵᠢ ᠵᠡᠷᠭᠡ ᠪᠡᠷ ᠠᠬᠢᠭᠤᠯᠵᠤ ᠪᠤᠢ᠃


ᠤᠷᠳᠤᠰ ᠬᠤᠳᠠ ᠪᠤᠯ ᠦᠪᠦᠷ ᠮᠤᠩᠭᠤᠯ ᠤ᠋ᠨ ᠪᠠᠷᠠᠭᠤᠨ ᠡᠮᠦᠨᠡᠲᠦ ᠬᠡᠰᠡᠭ᠂ ᠬᠠᠲᠤᠨ ᠭᠣᠣᠯ ᠤ᠋ᠨ ᠶᠡᠬᠡ ᠳᠤᠬᠤᠢ ᠶ᠋ᠢᠨ ᠥᠷᠥᠴᠡᠨ ᠳ᠋ᠤ ᠪᠠᠢᠷᠢᠯᠠᠵᠤ᠂ ᠮᠠᠨ ᠤ᠋ ᠤᠯᠤᠰ ᠤ᠋ᠨ ᠴᠢᠬᠤᠯᠠ ᠡᠨᠧᠷᠭᠢ ᠵᠢᠨ ᠰᠠᠭᠤᠷᠢᠨ ᠪᠤᠯᠤᠨ᠎ᠠ᠃ ᠡᠨᠳᠡ ᠨᠡᠭᠦᠷᠡᠰᠦ᠂ ᠪᠠᠢᠭᠠᠯᠢ ᠵᠢᠨ ᠰᠢᠲᠠᠮᠠᠬᠠᠢ ᠬᠡᠢ ᠵᠡᠷᠭᠡ ᠤᠯᠠᠮᠵᠢᠯᠠᠯᠲᠤ ᠡᠨᠧᠷᠭᠢ ᠵᠢᠨ ᠰᠤᠷᠪᠤᠯᠵᠢ ᠡᠯᠪᠡᠭ ᠳᠡᠯᠪᠡᠭ ᠪᠦᠭᠡᠳ ᠰᠠᠯᠬᠢᠨ ᠤ᠋ ᠡᠨᠧᠷᠭᠢ᠂ ᠨᠡᠷᠡᠨ ᠤ᠋ ᠡᠨᠧᠷᠭᠢ ᠵᠡᠷᠭᠡ ᠲᠠᠬᠢᠨ ᠡᠭᠦᠰᠴᠦ ᠪᠣᠯᠬᠤ ᠡᠨᠧᠷᠭᠢ ᠪᠡᠷ ᠪᠠᠶᠠᠯᠢᠭ ᠪᠠᠢᠳᠠᠭ᠃

2023 ᠣᠨ ᠤ᠋ ᠰᠡᠭᠦᠯᠴᠢ ᠪᠡᠷ ᠤᠷᠳᠤᠰ ᠬᠤᠳᠠ ᠪᠦᠬᠦ ᠤᠯᠤᠰ ᠤ᠋ᠨ ᠳᠦᠷᠦᠬᠦᠦ ᠪᠦᠯᠦᠭ ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ᠎ᠵᠢ ᠪᠠᠭᠠᠰᠬᠠᠬᠤ ᠵᠢ ᠬᠠᠮᠵᠢᠯᠴᠠᠭᠤᠯᠤᠨ ᠰᠢᠨ᠎ᠡ ᠵᠢ ᠡᠭᠦᠳᠬᠦ ᠲᠤᠷᠰᠢᠯᠲᠠ ᠶ᠋ᠢᠨ ᠬᠤᠳᠠ ᠪᠡᠷ ᠰᠣᠩᠭᠣᠭᠳᠠᠭᠰᠠᠨ ᠡᠴᠡ ᠨᠠᠭᠠᠰᠢ ᠨᠡᠢᠳᠡ 84 ᠭᠣᠣᠯᠳᠠᠯᠭ᠎ᠠ ᠲᠠᠢ ᠲᠦᠷᠦᠯ ᠵᠦᠢᠯ ᠢ᠋ ᠬᠡᠷᠡᠭᠵᠢᠭᠦᠯᠵᠦ᠂ ᠮᠢᠩᠭᠠᠨ ᠳ᠋ᠦᠩᠰᠢᠭᠤᠷ ᠲᠥᠭᠥᠷᠢᠭ ᠤ᠋ᠨ ᠪᠡᠯᠡ ᠣᠷᠣᠭᠤᠯᠤᠯᠲᠠ ᠵᠢ ᠪᠡᠶᠡᠯᠡᠭᠦᠯᠦᠨ᠂ ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ ᠵᠢ ᠪᠠᠭᠠᠰᠬᠠᠭᠰᠠᠨ ᠬᠡᠮᠵᠢᠶ᠎ᠡ ᠠᠳᠠᠯᠢ ᠬᠤᠭᠤᠴᠠᠭᠠᠨ ᠤ᠋ ᠬᠢ ᠡᠴᠡ 30% ᠰᠢᠬᠠᠮ ᠳᠡᠭᠡᠭᠰᠢᠯᠡᠵᠦ᠂ ᠪᠦᠬᠦ ᠬᠤᠳᠠ ᠵᠢᠨ GDP ᠮᠢᠩᠭᠠᠨ ᠳ᠋ᠦᠩᠰᠢᠭᠤᠷ ᠤ᠋ᠨ ᠳᠡᠰ ᠤ᠋ᠨ ᠳᠠᠪᠠᠯᠲᠠ ᠵᠢ 3 ᠤᠳᠠᠭ᠎ᠠ ᠪᠡᠶᠡᠯᠡᠭᠦᠯᠦᠨ᠂ ᠳᠦᠷᠦ ᠶ᠋ᠢᠨ ᠪᠤᠳᠤᠯᠭ᠎ᠠ ᠪᠠ ᠳᠦᠷᠢᠮ ᠤ᠋ᠨ ᠰᠢᠰᠲᠧᠮ ᠢ᠋ ᠳᠡᠬᠦᠯᠳᠡᠷᠵᠢᠬᠦᠯᠬᠦ᠂ ᠰᠢᠨ᠎ᠡ ᠵᠢ ᠡᠬᠦᠳᠬᠦ ᠪᠠᠢᠷᠢᠰᠢᠯ ᠢ᠋ ᠴᠤᠭᠴᠠᠯᠠᠬᠤ᠂ ᠪᠤᠬᠢᠷᠳᠤᠯ ᠦᠭᠡᠢ ᠪᠡᠷ ᠬᠦᠭᠵᠢᠬᠦ ᠳᠤᠯᠭᠠᠭᠤᠷᠢᠯᠠᠯ ᠪᠠ ᠪᠠᠳᠤᠯᠠᠭ᠎ᠠ ᠵᠢ ᠴᠢᠩᠭᠠᠳᠬᠠᠬᠤ ᠪᠡᠷ ᠳᠠᠮᠵᠢᠨ᠂ 《ᠨᠡᠭᠦᠷᠡᠰᠦ ᠮᠠᠯᠲᠠᠬᠤ》 ᠪᠡᠷ ᠭᠤᠤᠯᠯᠠᠵᠤ ᠪᠠᠢᠭᠰᠠᠨ ᠡᠴᠡ《ᠰᠠᠯᠬᠢᠨ᠎ᠤ ᠬᠦᠴᠦᠨ ᠨᠠᠷᠠᠨ ᠤ᠋ ᠡᠨᠧᠷᠬᠢ》 ᠳ᠋ᠤ ᠳᠦᠰᠢᠭᠯᠡᠬᠦ ᠳᠡᠢᠰᠢ ᠳᠡᠰ ᠳᠠᠪᠰᠢᠨ᠂ 《ᠡᠬᠢ ᠪᠠᠶᠠᠯᠢᠭ᠋》 ᠲᠤ᠌ ᠲᠦᠰᠢᠭᠯᠡᠵᠦ ᠪᠠᠢᠭᠰᠠᠨ ᠡᠴᠡ 《ᠪᠣᠬᠢᠷᠲᠤᠯ ᠦᠭᠡᠢ ᠡᠨᠧᠷᠭᠢ》 ᠪᠡᠷ ᠬᠥᠳᠡᠯᠭᠡᠭᠦᠷ ᠪᠣᠯᠭᠠᠨ ᠬᠦᠭᠵᠢᠬᠦ ᠲᠡᠢᠰᠢ ᠬᠡᠯᠪᠡᠷᠢ ᠪᠡᠨ ᠬᠤᠪᠢᠷᠠᠭᠤᠯᠤᠨ᠂ ᠠᠵᠤ ᠠᠬᠤᠢ ᠵᠢᠨ ᠨᠡᠮᠡᠭᠳᠡᠯ ᠪᠣᠯᠣᠨ ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ ᠵᠢ ᠪᠠᠭᠠᠰᠬᠠᠬᠤ ᠵᠢ ᠵᠡᠷᠭᠡ ᠪᠡᠷ ᠠᠬᠢᠭᠤᠯᠵᠡᠢ᠃

ᠲᠥᠷᠥ ᠶ᠋ᠢᠨ ᠪᠣᠳᠣᠯᠭ᠎ᠠ ᠪᠠ ᠳᠦᠷᠢᠮ ᠤ᠋ᠨ ᠰᠢᠰᠲᠧᠮ ᠢ᠋ ᠳᠡᠬᠦᠯᠳᠡᠷᠵᠢᠬᠦᠯᠪᠡ

ᠤᠷᠳᠤᠰ ᠬᠤᠳᠠ 《ᠬᠤᠳᠠ ᠵᠢᠨ ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ ᠎ᠵᠢ ᠪᠠᠭᠠᠰᠬᠠᠬᠤ ᠵᠢ ᠬᠠᠮᠵᠢᠯᠴᠠᠭᠤᠯᠤᠨ ᠦᠷ᠎ᠡ ᠠᠰᠢᠭ᠋ ᠢ᠋ ᠨᠡᠮᠡᠭᠳᠡᠭᠦᠯᠬᠦ ᠵᠢ ᠦᠨᠡᠯᠡᠬᠦ ᠮᠡᠷᠭᠡᠵᠢᠯ ᠤ᠋ᠨ ᠵᠢᠷᠤᠮᠵᠢᠯ》ᠭᠡᠬᠦ  ᠪᠠᠷᠢᠮᠵᠢᠶ᠎ᠠ ᠵᠢ ᠨᠡᠢᠲᠡᠯᠡᠵᠦ᠂ ᠡᠨᠧᠷᠭᠢ᠂ ᠠᠵᠤ ᠦᠢᠯᠡᠳᠪᠦᠷᠢ᠂ ᠵᠠᠮ ᠬᠠᠷᠢᠯᠴᠠᠭ᠎ᠠ ᠵᠡᠷᠭᠡ ᠭᠣᠣᠯᠳᠠᠯᠭ᠎ᠠ ᠲᠠᠢ ᠬᠦᠷᠢᠶ᠎ᠡ ᠴᠠᠷᠠᠭ᠎ᠠ ᠳ᠋ᠤ ᠪᠦᠬᠦ ᠤᠯᠤᠰ ᠲᠤ᠌ ᠳᠡᠯᠭᠡᠷᠡᠬᠦᠯᠬᠦ ᠨᠡᠢᠲᠡᠯᠢᠭ ᠵᠢᠱ᠌ᠢᠶ᠎ᠡ ᠵᠢ ᠨᠡᠢᠳᠡ 27 ᠪᠠᠢᠭᠤᠯᠤᠨ᠂ ᠢᠵᠢ ᠪᠦᠷᠢᠨ ᠦᠨᠡᠯᠡᠬᠦ ᠭᠦᠢᠴᠡᠳᠬᠡᠯ ᠲᠣᠭ᠎ᠠ ᠵᠢᠨ ᠰᠢᠰᠲᠧᠮ ᠢ᠋ ᠪᠠᠢᠭᠤᠯᠵᠤ᠂《ᠭᠣᠣᠯᠳᠠᠯᠭ᠎ᠠ ᠲᠠᠢ ᠬᠦᠷᠢᠶ᠎ᠡ ᠴᠠᠷᠠᠭ᠎ᠠ ᠳ᠋ᠤ ᠬᠠᠮᠵᠢᠯᠴᠠᠨ ᠵᠠᠰᠠᠬᠤ᠂ ᠭᠣᠣᠯᠳᠠᠯᠭ᠎ᠠ ᠲᠠᠢ ᠠᠵᠢᠯ ᠲᠦᠷᠦᠯ ᠤ᠋ᠨ ᠪᠣᠬᠢᠷᠲᠤᠯ ᠢ᠋ ᠭᠠᠳᠠᠭᠰᠢᠯᠠᠭᠤᠯᠬᠤ ᠵᠢ ᠪᠠᠭᠠᠰᠬᠠᠬᠤ᠂ ᠭᠣᠣᠯᠳᠠᠯᠭ᠎ᠠ ᠲᠠᠢ ᠬᠦᠷᠢᠶᠡᠯᠡᠩ ᠲᠣᠭᠣᠷᠢᠭ᠋ ᠤ᠋ᠨ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ》 ᠠᠵᠢᠯ ᠤ᠋ᠨ ᠪᠠᠢᠷᠢᠰᠢᠯ ᠢ᠋ ᠠᠯᠬᠤᠮ ᠠᠯᠬᠤᠮ ᠶ᠋ᠢᠡᠷ ᠪᠦᠷᠢᠯᠳᠦᠭᠦᠯᠦᠨ᠂ ᠦᠨᠳᠦᠷ ᠳᠦᠪᠰᠢᠨ ᠶ᠋ᠢᠡᠷ ᠠᠬᠢᠭᠤᠯᠬᠤ ᠪᠠ ᠰᠢᠰᠲᠧᠮ ᠳᠠᠢ ᠪᠡᠷ ᠪᠠᠢᠷᠢᠰᠢᠭᠤᠯᠬᠤ ᠵᠢ ᠪᠠᠷᠢᠮᠳᠠᠯᠠᠵᠤ᠂《1 + N》 ᠪᠤᠬᠢᠷᠳᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ᠎ᠵᠢ ᠪᠠᠭᠠᠰᠬᠠᠬᠤ ᠲᠦᠷᠦ ᠵᠢᠨ ᠪᠣᠳᠣᠯᠭ᠎ᠠ ᠵᠢᠨ ᠰᠢᠰᠲᠧᠮ ᠢ᠋ ᠦᠷᠬᠦᠯᠵᠢᠯᠡᠨ ᠲᠡᠭᠦᠯᠳᠡᠷᠵᠢᠭᠦᠯᠪᠡ ᠃

ᠡᠬᠦᠨ ᠤ᠋ ᠬᠠᠮᠳᠤ᠂ ᠤᠤᠯ ᠤ᠋ᠨ ᠪᠠᠢᠭᠰᠠᠨ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠲᠦᠷᠦ ᠵᠢᠨ ᠪᠣᠳᠣᠯᠭ᠎ᠠ 30 ᠵᠤᠷᠪᠤᠰ》ᠤ᠋ᠨ ᠰᠠᠭᠤᠷᠢᠨ ᠳᠡᠭᠡᠷ᠎ᠡ ᠪᠠᠰᠠ《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠲᠦᠷᠦ ᠵᠢᠨ ᠪᠣᠳᠣᠯᠭ᠎ᠠ 30 ᠵᠤᠷᠪᠤᠰ》2.0 ᠬᠡᠪᠯᠡᠯ ᠢ᠋ ᠨᠡᠢᠳᠡᠯᠡᠵᠦ᠂ ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ᠎ᠵᠢ ᠪᠠᠭᠠᠰᠬᠠᠬᠤ ᠵᠠᠩᠭᠢᠯᠠᠭ᠎ᠠ ᠵᠢᠨ ᠮᠡᠷᠭᠡᠵᠢᠯ ᠢ᠋ ᠰᠤᠳᠤᠯᠤᠨ ᠨᠡᠭᠡᠭᠡᠬᠦ ᠵᠢ ᠭᠣᠣᠯᠳᠠᠯᠭ᠎ᠠ ᠲᠠᠢ ᠳᠡᠮᠵᠢᠬᠦ ᠬᠡᠪᠴᠢᠶᠡᠨ ᠳ᠋ᠤ ᠣᠷᠣᠭᠤᠯᠵᠤ᠂ ᠬᠠᠮᠵᠢᠯᠴᠠᠭᠤᠯᠤᠨ ᠰᠢᠨ᠎ᠡ ᠵᠢ ᠡᠭᠦᠳᠬᠦ ᠲᠤᠰᠬᠠᠢ ᠪᠡᠯᠡ ᠮᠥᠩᠭᠥ ᠳᠤᠬᠢᠷᠠᠭᠤᠯᠤᠨ᠂ ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ᠎ᠵᠢ ᠪᠠᠭᠠᠰᠬᠠᠬᠤ ᠮᠡᠷᠭᠡᠵᠢᠯ ᠤ᠋ᠨ ᠰᠢᠨ᠎ᠡ ᠵᠢ ᠡᠬᠦᠳᠬᠦ ᠵᠢ ᠳᠡᠮᠵᠢᠵᠡᠢ᠃

ᠡᠢᠨ ᠬᠦ᠌ ᠰᠢᠰᠲᠧᠮ ᠳᠠᠢ ᠵᠠᠰᠠᠯᠳᠠ ᠪᠠ ᠳᠦᠷᠢᠮ ᠳᠤᠭᠳᠠᠭᠠᠯ ᠢ᠋ ᠵᠢᠷᠤᠮᠵᠢᠭᠤᠯᠬᠤ ᠪᠡᠷ ᠳᠠᠮᠵᠢᠨ ᠪᠤᠬᠢᠷᠳᠤᠯ ᠪᠤᠳᠠᠰ ᠤ᠋ᠨ ᠭᠠᠳᠠᠭᠰᠢᠯᠠᠭᠤᠯᠤᠯᠳᠠ ᠵᠢ ᠪᠦᠳᠦᠮᠵᠢᠳᠠᠢ ᠪᠠᠭᠠᠰᠬᠠᠨ᠂ ᠢᠯᠡᠳᠳᠡ ᠦᠷ᠎ᠡ ᠪᠦᠳᠦᠮᠵᠢ ᠤᠯᠵᠠᠢ᠃ ᠤᠳᠤᠬᠠᠨ ᠪᠤᠯᠳᠠᠯ᠎ᠠ᠂ ᠤᠷᠳᠤᠰ ᠬᠤᠳᠠ PM2.5 ᠶ᠋ᠢᠨ ᠦᠳᠬᠡᠴᠡ ᠵᠢ ᠪᠤᠰᠤᠭ᠎ᠠ ᠳᠦᠷᠪᠡᠯᠵᠢᠨ ᠮᠧᠲᠷ ᠪᠦᠷᠢ ᠳ᠋ᠤ 18 ᠮᠢᠺᠷᠥᠭ᠌ᠷᠠᠮ ᠤ᠋ᠨ ᠳᠣᠲᠣᠷ᠎ᠠ ᠲᠣᠭᠲᠠᠪᠤᠷᠢᠵᠢᠭᠤᠯᠵᠤ ᠂ ᠠᠽᠣᠲ ᠤ᠋ᠨ ᠢᠰᠦᠮᠡᠭᠳᠤ ᠪᠤᠳᠠᠰ᠂ ᠳᠡᠭᠳᠡᠮᠡᠬᠡᠢ ᠴᠢᠨᠠᠷᠲᠠᠢ ᠣᠷᠭᠠᠨᠢᠭ᠋ ᠪᠣᠳᠠᠰ(VOCs) ᠤ᠋ᠨ ᠭᠠᠳᠠᠭᠰᠢᠯᠠᠭᠤᠯᠤᠯᠲᠠ ᠶ᠋ᠢᠨ ᠬᠡᠮᠵᠢᠶ᠎ᠡ ᠲᠣᠰ ᠲᠣᠰ ᠪᠥᠬᠥ ᠣᠷᠣᠨ ᠤ᠋ ᠭᠠᠳᠠᠭᠰᠢᠯᠠᠭᠤᠯᠤᠯᠲᠠ ᠶ᠋ᠢᠨ ᠶᠡᠷᠦᠩᠬᠡᠢ ᠬᠡᠮᠵᠢᠶ᠎ᠡ ᠵᠢᠨ 13.7% ᠪᠠ 17% ᠵᠢ ᠡᠵᠡᠯᠡᠵᠦ ᠪᠤᠢ; ᠪᠦᠬᠦ ᠬᠤᠳᠠ ᠶ᠋ᠢᠨ ᠨᠢᠭᠡᠴᠢ GDP ᠵᠢᠨ ᠨᠡᠭᠦᠷᠡᠰᠦᠲᠥ᠋ᠷᠥᠭᠴᠢ ᠵᠢ ᠭᠠᠳᠠᠭᠰᠢᠯᠠᠭᠤᠯᠬᠤ ᠬᠡᠮᠵᠢᠶ᠎ᠡ ᠪᠠ ᠡᠨᠧᠷᠭᠢ ᠵᠢᠨ ᠬᠣᠷᠣᠭᠳᠠᠯ ᠤ᠋ᠨ ᠬᠡᠮᠵᠢᠶ᠎ᠡ ᠵᠢ ᠪᠠᠭᠤᠷᠠᠭᠤᠯᠬᠤ ᠬᠠᠷᠠᠯᠲᠠᠳᠤ ᠡᠭᠦᠷᠭᠡ ᠵᠢ ᠳᠠᠪᠠᠭᠤᠯᠤᠨ ᠪᠡᠶᠡᠯᠡᠭᠦᠯᠵᠦ᠂ ᠡᠬᠢ ᠪᠠᠶᠠᠯᠢᠭ ᠤ᠋ᠨ ᠬᠡᠯᠪᠡᠷᠢ ᠶ᠋ᠢᠨ ᠬᠤᠳᠠ ᠶ᠋ᠢᠨ ᠪᠤᠬᠢᠷᠳᠤᠯ ᠦᠭᠡᠢ ᠪᠡᠷ ᠬᠡᠯᠪᠡᠷᠢ ᠪᠡᠨ ᠬᠤᠪᠢᠷᠠᠭᠤᠯᠤᠨ ᠬᠦᠭᠵᠢᠬᠦ ᠳ᠋ᠤ ᠬᠠᠭᠤᠯᠪᠦᠷᠢᠯᠠᠵᠤ ᠪᠤᠯᠬᠤᠢᠴᠠ ᠳᠤᠯᠢᠳᠠᠯ ᠬᠠᠩᠭᠠᠭᠰᠠᠨ ᠪᠠᠢᠨ᠎ᠠ᠃

ᠰᠢᠨ᠎ᠡ ᠵᠢ ᠡᠭᠦᠳᠬᠦ ᠪᠠᠢᠷᠢᠰᠢᠯ ᠢ᠋ ᠪᠦᠷᠢᠯᠳᠤᠬᠦᠯᠪᠠ

ᠵᠤᠨ ᠤ᠋ ᠳᠤᠮᠳᠠ ᠰᠠᠷ᠎ᠠ ᠪᠡᠷ᠂ ᠤᠷᠳᠤᠰ ᠬᠤᠳᠠ ᠶ᠋ᠢᠨ ᠬᠠᠩᠭᠢᠨ ᠬᠤᠰᠢᠭᠤᠨ ᠤ᠋ ᠵᠡᠬᠦᠨ ᠬᠤᠢᠳᠤ ᠬᠡᠰᠡᠭ ᠲᠦ᠍ ᠪᠠᠢᠷᠢᠯᠠᠭ᠎ᠠ ᠬᠦᠪᠴᠢ ᠶ᠋ᠢᠨ ᠡᠯᠡᠰᠦᠨ ᠤ᠋ 200 ᠳᠦᠮᠡᠨ ᠺᠢᠯᠤᠸᠠᠲ ᠤ᠋ᠨ ᠬᠡᠷᠡᠯᠴᠢ ᠴᠡᠨᠡᠭ ᠶ᠋ᠢᠡᠷ ᠡᠯᠡᠰᠦ ᠵᠢ ᠵᠠᠰᠠᠬᠤ ᠳᠦᠷᠦᠯ ᠵᠦᠢᠯ ᠤ᠋ᠨ ᠠᠬᠤᠢ ᠳᠠᠯᠠᠪᠠᠢ ᠳ᠋ᠤ᠂ ᠬᠡᠷᠡᠯᠴᠢ ᠴᠡᠨᠡᠭ ᠤ᠋ᠨ ᠬᠠᠪᠳᠠᠰᠤ ᠨᠠᠷᠠᠨ ᠤ᠋ ᠬᠡᠷᠡᠯ ᠳ᠋ᠤ ᠬᠢᠯᠳᠠᠭᠠᠨᠠᠨ ᠬᠠᠷᠠᠭᠳᠠᠵᠤ᠂ ᠬᠠᠪᠳᠠᠰᠤᠨ ᠤ᠋ ᠳᠤᠤᠷ᠎ᠠ ᠳᠠᠷᠢᠭᠰᠠᠨ ᠳᠦᠪᠡᠳ ᠬᠠᠰᠢ ᠪᠠ ᠵᠢᠮᠢᠰ ᠰᠠᠭᠤᠵᠤ ᠡᠬᠢᠯᠡᠵᠡᠢ᠃ 《ᠳᠤᠰ ᠳᠦᠷᠦᠯ ᠵᠦᠢᠯ ᠢ᠋ 2022 ᠤᠨ ᠤ᠋ 6 ᠰᠠᠷ᠎ᠠ ᠳ᠋ᠤ ᠡᠬᠢᠯᠡᠭᠦᠯᠵᠤ᠂ 2023 ᠤᠨ ᠤ᠋ 12 ᠰᠠᠷ᠎ᠠ ᠳ᠋ᠤ ᠴᠠᠬᠢᠯᠭᠠᠨ ᠭᠠᠷᠭᠠᠵᠤ ᠲᠤᠤᠷ ᠲᠤ᠌ ᠨᠡᠢᠯᠡᠬᠦᠯᠵᠡᠢ᠃ ᠵᠢᠯ ᠤ᠋ᠨ ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ 41 ᠳ᠋ᠦᠩᠰᠢᠭᠤᠷ ᠺᠢᠯᠣᠸᠠᠲ ᠴᠠᠭ ᠲᠤ᠌ ᠬᠦᠷᠴᠦ᠂ 123 ᠲᠦᠮᠡᠨ ᠲᠣᠨ ᠪᠠᠷᠢᠮᠵᠢᠶᠠᠲᠤ ᠨᠡᠭᠦᠷᠡᠰᠦ ᠵᠢ ᠠᠷᠪᠢᠯᠠᠬᠤ ᠳᠠᠢ ᠳᠡᠩᠴᠡᠨ᠂ 319.8 ᠲᠦᠮᠡᠨ ᠲᠣᠨ ᠨᠡᠭᠦᠷᠡᠰᠦᠲᠥ᠋ᠷᠥᠭᠴᠢ ᠶ᠋ᠢᠨ ᠳᠠᠪᠬᠤᠷ ᠢᠰᠦᠯ ᠤ᠋ᠨ ᠭᠠᠳᠠᠭᠰᠢᠯᠠᠭᠤᠯᠤᠯᠲᠠ ᠵᠢ ᠪᠠᠭᠠᠰᠬᠠᠬᠤ ᠲᠠᠢ ᠲᠡᠩᠴᠡᠨ᠎ᠠ》 ᠭᠡᠵᠦ ᠦᠪᠦᠷ ᠮᠤᠩᠭᠤᠯ ᠤ᠋ᠨ ᠪᠠᠷᠠᠭᠤᠨ ᠤᠷᠤᠨ ᠤ᠋ ᠰᠠᠭᠤᠷᠢᠨ ᠤ᠋ ᠬᠦᠪᠴᠢ ᠶ᠋ᠢᠨ ᠡᠯᠡᠰᠦᠨ ᠤ᠋ 200 ᠳᠦᠮᠡᠨ ᠺᠢᠯᠤᠸᠠᠲ ᠤ᠋ᠨ ᠬᠡᠷᠡᠯᠴᠢ ᠴᠡᠨᠡᠭ ᠶ᠋ᠢᠡᠷ ᠡᠯᠡᠰᠦ ᠵᠢ ᠵᠠᠰᠠᠬᠤ ᠳᠦᠷᠦᠯ ᠵᠦᠢᠯ ᠤ᠋ᠨ ᠬᠠᠷᠢᠭᠤᠴᠠᠯᠭᠠᠳᠠᠨ ᠳᠠᠨᠢᠯᠴᠠᠭᠤᠯᠵᠤ ᠭᠠᠷᠤᠯ᠎ᠠ᠃

ᠤᠢᠯᠠᠭᠠᠭᠰᠠᠨ ᠶ᠋ᠢᠡᠷ᠂ ᠬᠥᠪᠴᠢ ᠵᠢᠨ ᠡᠯᠡᠰᠦᠨ ᠤ᠋ 《ᠭᠡᠷᠡᠯᠴᠢ ᠴᠡᠨᠡᠭ ᠤ᠋ᠨ ᠤᠷᠳᠤ ᠴᠠᠭᠠᠨ ᠬᠡᠷᠡᠮ》 ᠤ᠋ᠨ ᠢᠨᠵᠧᠨᠧᠷᠢᠩ ᠤ᠋ᠨ ᠭᠡᠷᠡᠯᠴᠢ ᠴᠡᠨᠡᠭ ᠶ᠋ᠢᠡᠷ ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠭᠰᠠᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ 1284 ᠲᠦᠮᠡᠨ ᠺᠢᠯᠣᠸᠠᠲ ᠲᠤ᠌ ᠬᠦᠷᠴᠤ᠂ ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠭᠰᠠᠨ ᠲᠠᠯᠠᠪᠠᠢ 80 ᠲᠦᠮᠡᠨ ᠮᠦ᠍ ᠵᠢ ᠳᠠᠪᠠᠵᠤ᠂ ᠪᠦᠬᠦ ᠬᠤᠳᠠ ᠵᠢᠨ ᠲᠣᠣᠷ ᠲᠤ᠌ ᠨᠡᠢᠯᠡᠬᠦᠯᠦᠭᠰᠡᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠶᠡᠷᠦᠩᠬᠡᠢ ᠬᠡᠪᠴᠢᠶ᠎ᠡ 2779 ᠲᠦᠮᠡᠨ ᠺᠢᠯᠣᠸᠠᠲ ᠲᠤ᠌ ᠬᠦᠷᠴᠦ᠂ ᠪᠦᠬᠦ ᠬᠤᠳᠠ ᠵᠢᠨ ᠴᠠᠬᠢᠯᠭᠠᠨ ᠬᠦᠴᠦᠨ ᠤ᠋ ᠶᠡᠷᠦᠩᠬᠡᠢ ᠮᠠᠰᠢᠨ ᠴᠣᠭᠴᠠᠯᠠᠪᠤᠷᠢ ᠵᠢᠨ ᠶᠡᠷᠦᠩᠬᠡᠢ ᠬᠡᠪᠴᠢᠶ᠎ᠠ ᠶ᠋ᠢᠨ 42% ᠢ᠋ ᠡᠵᠡᠯᠡᠵᠤ ᠪᠤᠢ᠃

ᠡᠬᠦᠨ ᠤ᠋ ᠬᠠᠮᠳᠤ᠂ ᠣᠷᠳᠣᠰ ᠬᠣᠲᠠ ᠲᠦᠷᠦᠭᠦᠯᠡᠨ 《ᠨᠡᠭᠦᠷᠡᠰᠦ ᠬᠢᠮᠢ ᠵᠢᠨ ᠠᠵᠤ ᠦᠢᠯᠡᠳᠪᠦᠷᠢ + ᠪᠤᠬᠢᠷᠳᠤᠯ ᠦᠭᠡᠢ ᠤᠰᠤᠲᠥ᠋ᠷᠥᠭᠴᠢ / ᠪᠤᠬᠢᠷᠳᠤᠯ ᠦᠭᠡᠢ ᠬᠦᠴᠢᠯᠲᠥ᠋ᠷᠥᠭᠴᠢ》ᠵᠢᠨ ᠡᠪᠴᠡᠯ ᠵᠠᠮ ᠢ᠋ ᠬᠠᠢᠨ ᠰᠦᠪᠡᠭᠴᠢᠯᠡᠵᠦ᠂ ᠪᠥᠬᠥ ᠪᠥᠮᠪᠥᠷᠴᠡᠭ ᠤ᠋ᠨ ᠬᠡᠪᠴᠢᠶ᠎ᠡ ᠪᠡᠷ ᠬᠠᠮᠤᠭ ᠤ᠋ᠨ ᠶᠡᠬᠡ ᠪᠦᠦ ᠹᠧᠩ ᠡᠨᠧᠷᠬᠢ ᠶ᠋ᠢᠨ ᠪᠦᠯᠦᠭᠯᠡᠯ ᠤ᠋ᠨ ᠪᠤᠬᠢᠷᠳᠤᠯ ᠦᠭᠡᠢ ᠤᠰᠤᠲᠥ᠋ᠷᠥᠭᠴᠢ + ᠨᠡᠭᠦᠷᠡᠰᠦ ᠪᠡᠷ ᠠᠯᠺᠸᠨ ᠦᠢᠯᠡᠳᠬᠦ ᠲᠥᠷᠥᠯ ᠵᠦᠢᠯ ᠢ᠋ ᠡᠬᠢᠯᠡᠬᠦᠯᠦᠨ᠂ ᠪᠥᠬᠥ ᠪᠥᠮᠪᠥᠷᠴᠡᠭ ᠤ᠋ᠨ ᠠᠩᠬᠠᠳᠠᠭ᠍ᠴᠢ ᠰᠢᠩᠭᠡᠨ ᠪᠡᠶᠡᠲᠦ ᠠᠵᠤ ᠦᠢᠯᠡᠳᠪᠦᠷᠢᠵᠢᠯᠲᠡ ᠵᠢᠨ ᠨᠡᠢᠳᠡᠯᠢᠭ ᠵᠢᠱ᠌ᠢᠶ᠎ᠡ — ᠳᠤᠮᠳᠠᠳᠤ ᠤᠯᠤᠰ ᠤ᠋ᠨ ᠨᠡᠭᠦᠷᠡᠰᠤᠨ ᠤ᠋ ᠪᠦᠯᠦᠭᠯᠡᠯ ᠤ᠋ᠨ ᠣᠷᠳᠣᠰ ᠤ᠋ᠨ ᠡᠨᠧᠷᠭᠢ ᠬᠢᠮᠢ ᠵᠢᠨ ᠠᠵᠤ ᠦᠢᠯᠡᠳᠪᠦᠷᠢ ᠶ᠋ᠢᠨ ᠬᠢᠵᠠᠭᠠᠷᠳᠤ ᠺᠤᠮᠫᠠᠨᠢ ᠶ᠋ᠢᠨ 10 ᠲᠦᠮᠡᠨ ᠲᠣᠨ ᠤ᠋ ᠰᠢᠩᠭᠡᠨ ᠪᠡᠶᠡᠲᠦ ᠨᠡᠷᠡᠨ ᠡᠨᠧᠷᠬᠢ ᠶ᠋ᠢᠨ ᠲᠥᠷᠥᠯ ᠵᠦᠢᠯ᠂ ᠵᠥᠩ ᠲᠢᠶᠠᠨ ᠾᠧ ᠴᠤᠸᠠᠩ ᠰᠠᠯᠬᠢᠨ᠎ᠤ ᠬᠦᠴᠦᠨ ᠬᠡᠷᠡᠯᠴᠢ ᠴᠡᠨᠡᠭ ᠶ᠋ᠢᠡᠷ ᠤᠰᠤᠲᠥ᠋ᠷᠥᠭᠴᠢ ᠦᠢᠯᠡᠳᠬᠦ ᠵᠢ ᠨᠢᠭᠡ ᠴᠣᠭᠴᠠᠵᠢᠭᠤᠯᠬᠤ ᠳᠦᠷᠦᠯ ᠵᠦᠢᠯ ᠵᠡᠷᠭᠡ ᠴᠢᠬᠤᠯᠠ ᠶᠡᠬᠡ ᠵᠢᠱ᠌ᠢᠶ᠎ᠡ ᠦᠵᠡᠭᠦᠯᠬᠦ ᠲᠥᠷᠥᠯ ᠵᠦᠢᠯ ᠢ᠋ ᠵᠠᠯᠭᠠᠭ᠎ᠠ ᠪᠡᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠶ᠋ᠢᠡᠷ ᠬᠦᠭᠵᠢᠯᠳᠡ ᠵᠢ ᠬᠦᠳᠦᠯᠦᠨ ᠳᠠᠭᠠᠭᠤᠯᠬᠤ ᠵᠢ ᠠᠬᠢᠭᠤᠯᠤᠨ᠂ ᠡᠨᠧᠷᠬᠢ ᠶ᠋ᠢᠨ ᠬᠦᠷᠢᠶ᠎ᠡ ᠴᠠᠷᠠᠭ᠎ᠠ ᠳ᠋ᠤ ᠰᠢᠨ᠎ᠡ ᠵᠢ ᠡᠬᠦᠳᠦᠨ ᠬᠦᠭᠵᠢᠬᠦ ᠳ᠋ᠤ ᠰᠠᠭᠤᠷᠢ ᠳᠠᠯᠪᠢᠭᠰᠠᠨ ᠪᠠᠢᠨ᠎ᠠ᠃

ᠰᠢᠨ᠎ᠡ ᠵᠢ ᠡᠬᠦᠳᠬᠦ ᠪᠤᠯ ᠬᠦᠭᠵᠢᠯᠳᠡ ᠵᠢ ᠬᠦᠳᠦᠯᠦᠨ ᠳᠠᠭᠠᠭᠤᠯᠬᠤ ᠨᠢᠭᠡᠳᠦᠭᠡᠷ ᠬᠦᠳᠡᠯᠭᠡᠬᠦ ᠬᠦᠴᠦᠨ ᠶᠤᠮ᠂ ᠰᠢᠨ᠎ᠡ ᠵᠢ ᠡᠬᠦᠳᠬᠦ ᠵᠢ ᠰᠠᠢᠳᠤᠷ ᠠᠳᠬᠤᠪᠠᠯ ᠰᠠᠶᠢ ᠬᠦᠭᠵᠢᠯᠳᠡ ᠵᠢ ᠠᠳᠬᠤᠵᠤ ᠴᠢᠳᠠᠨ᠎ᠠ᠃ ᠤᠷᠳᠤᠰ ᠬᠤᠳᠠ ᠬᠥᠭᠵᠢᠯᠲᠡ ᠶ᠋ᠢᠨ ᠪᠣᠳᠠᠲᠤ ᠪᠠᠢᠳᠠᠯ ᠳ᠋ᠠᠭᠠᠨ ᠰᠠᠭᠤᠷᠢᠯᠠᠵᠤ᠂ 《ᠡᠨᠧᠷᠭᠢ ᠵᠢᠨ ᠪᠦᠲᠦᠴᠡ ᠵᠢ ᠪᠤᠬᠢᠷᠳᠤᠯ ᠦᠭᠡᠢ ᠡᠨᠧᠷᠬᠢ ᠳᠡᠢᠰᠢ ᠬᠤᠪᠢᠷᠠᠭᠤᠯᠬᠤ᠂ ᠠᠵᠤ ᠦᠢᠯᠡᠰ ᠤ᠋ᠨ ᠪᠦᠲᠦᠴᠡ ᠵᠢ ᠰᠢᠨᠡᠴᠢᠯᠡᠬᠦ᠂ ᠵᠠᠰᠠᠯᠲᠠ ᠵᠢᠨ ᠵᠠᠭᠪᠤᠷ ᠢ᠋ ᠬᠤᠪᠢᠷᠠᠭᠤᠯᠬᠤ》 ᠵᠡᠷᠭᠡ ᠭᠤᠷᠪᠠ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠠᠵᠤ ᠦᠢᠯᠡᠰ ᠤ᠋ᠨ ᠪᠦᠳᠦᠴᠡ ᠶ᠋ᠢᠨ ᠳᠡᠰ ᠳᠠᠪᠰᠢᠬᠦ ᠵᠢ ᠳᠦᠷᠭᠡᠳᠬᠡᠨ᠂ ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ ᠵᠢ ᠪᠠᠭᠠᠰᠬᠠᠬᠤ ᠵᠢ ᠳᠠᠩ ᠴᠡᠭ ᠵᠢᠡᠷ ᠰᠢᠪᠲᠤᠯᠵᠤ ᠪᠠᠢᠭᠰᠠᠨ ᠡᠴᠡ ᠪᠡᠨ ᠰᠢᠰᠲᠧᠮ ᠳᠠᠢ ᠠᠬᠢᠭᠤᠯᠬᠤ ᠲᠡᠢᠰᠢ ᠬᠤᠪᠢᠷᠠᠭᠤᠯᠤᠨ᠂ ᠪᠦᠬᠦ ᠬᠤᠳᠠ ᠶ᠋ᠢᠨ ᠪᠤᠬᠢᠷᠳᠤᠯ ᠦᠭᠡᠢ ᠬᠦᠭᠵᠢᠯᠳᠡ ᠶ᠋ᠢᠨ ᠪᠠᠢᠷᠢᠰᠢᠯ ᠢ᠋ ᠪᠦᠬᠦ ᠳᠠᠯ᠎ᠠ ᠪᠡᠷ ᠴᠤᠭᠴᠠᠯᠠᠪᠠ᠃

ᠣᠷᠳᠣᠰ ᠬᠣᠲᠠ ᠪᠠᠰᠠ ᠣᠽᠣᠨ ᠬᠢᠭᠡᠳ ᠵᠢᠵᠢᠭ ᠮᠥᠬᠥᠯᠢᠭᠲᠦ ᠪᠣᠳᠠᠰ ᠢ᠋ ᠬᠠᠮᠵᠢᠯᠴᠠᠨ ᠰᠡᠷᠭᠡᠢᠯᠡᠨ ᠡᠵᠡᠮᠳᠡᠬᠦ ᠵᠢ ᠭᠦᠨᠵᠡᠭᠡᠢᠷᠡᠭᠦᠯᠵᠦ᠂ ᠪᠥᠬᠥ ᠤᠯᠤᠰ ᠤ᠋ᠨ ᠠᠩᠬᠠᠳᠠᠭ᠍ᠴᠢ ᠠᠵᠤ ᠦᠢᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤ᠋ᠨ ᠣᠨᠴᠠᠯᠢᠭ᠋ ᠳᠠᠢ ᠬᠠᠷᠢᠶᠠᠲᠤ ᠳ᠋ᠠᠢᠲ᠋ᠠ ᠬᠥᠮᠥᠷᠭᠡ ᠵᠢ ᠰᠦᠯᠵᠢᠶᠡᠨ ᠳ᠋ᠤ ᠣᠷᠣᠭᠤᠯᠤᠨ᠂ 83 ᠵᠦᠢᠯ ᠤ᠋ᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ᠋ ᠠᠰᠢᠭ᠍ᠯᠠᠬᠤ ᠲᠥᠷᠥᠯ ᠵᠦᠢᠯ ᠢ᠋ ᠨᠠᠢᠳᠠᠪᠤᠷᠢᠵᠢᠭᠤᠯᠬᠤ ᠵᠢ ᠠᠬᠢᠭᠤᠯᠵᠤ᠂ ᠪᠥᠬᠥ ᠤᠯᠤᠰ ᠲᠤ᠌ ᠲᠦᠷᠦᠭᠦᠯᠡᠨ ᠤᠰᠤᠲᠥ᠋ᠷᠥᠭᠴᠢ ᠡᠨᠧᠷᠭᠢ ᠪᠡᠷ ᠭᠣᠣᠯᠯᠠᠭᠤᠯᠤᠭᠰᠠᠨ ᠰᠢᠨ᠎ᠡ ᠡᠨᠧᠷᠭᠢ ᠵᠢᠨ ᠬᠦᠨᠳᠦ ᠠᠴᠢᠶᠠᠨ ᠤ᠋ ᠮᠠᠰᠢᠨ ᠤ᠋ ᠬᠡᠷᠡᠭᠯᠡᠭᠡᠨ ᠤ᠋ ᠵᠢᠱ᠌ᠢᠶ᠎ᠡ ᠦᠵᠡᠭᠦᠯᠬᠦ ᠰᠠᠭᠤᠷᠢᠨ ᠢ᠋ ᠪᠠᠢᠭᠤᠯᠵᠡᠢ᠃ ᠡᠬᠦᠨ ᠡᠴᠡ ᠭᠠᠳᠠᠨ᠎ᠠ᠂ ᠣᠷᠳᠣᠰ ᠬᠤᠳᠠ ᠳ᠋ᠤ ᠪᠠᠢᠷᠢᠯᠠᠭ᠎ᠠ ᠵᠢᠶᠠᠩᠰᠤ ᠮᠤᠵᠢ ᠶ᠋ᠢᠨ ᠥᠪᠥᠷ ᠮᠣᠩᠭᠣᠯ ᠳ᠋ᠡᠬᠢ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠋ ᠨᠢ ᠳᠦᠷᠦᠬᠦᠦ ᠪᠦᠯᠦᠭ ᠤᠯᠤᠰ ᠤ᠋ᠨ ᠲᠠᠰ ᠤ᠋ᠨ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠣᠷᠢᠭ᠋ ᠤ᠋ᠨ ᠪᠦᠲᠦᠭᠡᠨ ᠪᠠᠢᠭᠤᠯᠤᠯᠲᠠ ᠵᠢᠨ ᠨᠡᠷᠡᠰ ᠲᠤ᠌ ᠵᠢᠭᠰᠠᠭᠠᠭᠳᠠᠪᠠ᠃

ᠪᠤᠬᠢᠷᠳᠤᠯ ᠦᠭᠡᠢ ᠬᠦᠭᠵᠢᠯᠳᠠ᠎ᠵᠢᠨ ᠪᠠᠳᠤᠯᠠᠭ᠎ᠠ ᠵᠢ ᠴᠢᠩᠭᠠᠳᠬᠠᠪᠠ

2022 ᠤᠨ ᠳ᠋ᠤ᠂ ᠤᠷᠳᠤᠰ ᠬᠤᠳᠠ ᠪᠡᠭᠡᠵᠢᠩ ᠶᠡᠬᠡ ᠰᠤᠷᠭᠠᠭᠤᠯᠢ ᠵᠢᠨ ᠣᠷᠳᠣᠰ ᠤ᠋ᠨ ᠡᠨᠧᠷᠭᠢ ᠵᠢᠨ ᠰᠤᠳᠤᠯᠭᠠᠨ ᠤ᠋ ᠬᠦᠷᠢᠶᠡᠯᠡᠩ ᠢ᠋ ᠪᠠᠢᠭᠤᠯᠵᠤ᠂ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢᠭᠤᠯᠤᠮᠵᠢ ᠵᠢ ᠪᠠᠢᠭᠤᠯᠤᠨ᠂ ᠳᠡᠭᠡᠳᠦ ᠲᠠᠰ ᠤ᠋ᠨ ᠰᠢᠨ᠎ᠡ ᠵᠢ ᠡᠭᠦᠳᠬᠦ ᠲᠠᠪᠴᠠᠩ ᠢ᠋ ᠪᠦᠷᠢᠨᠰᠢᠬᠦᠯᠵᠦ᠂ ᠨᠡᠭᠦᠷᠡᠰᠦᠲᠥ᠋ᠷᠥᠭᠴᠢ ᠵᠢ ᠴᠤᠭᠯᠠᠭᠤᠯᠤᠨ ᠠᠰᠢᠭ᠍ᠯᠠᠬᠤ ᠪᠠ ᠪᠢᠲᠡᠭᠦᠮᠵᠢᠯᠡᠨ ᠨᠦᠭᠡᠴᠡᠯᠡᠬᠦ(CCUS)᠂ ᠤᠰᠤᠲᠥ᠋ᠷᠥᠭᠴᠢ ᠡᠨᠧᠷᠭᠢ ᠵᠢ ᠨᠦᠬᠡᠴᠡᠯᠡᠬᠦ ᠵᠡᠷᠭᠡ ᠴᠢᠭᠯᠡᠯ ᠳ᠋ᠤ ᠠᠩᠬᠠᠷᠤᠯ ᠶ᠋ᠢᠡᠨ ᠲᠥᠪᠯᠡᠷᠡᠭᠦᠯᠦᠨ᠂ ᠵᠠᠩᠭᠢᠯᠠᠭ᠎ᠠ ᠵᠢᠨ ᠮᠡᠷᠭᠡᠵᠢᠯ ᠤ᠋ᠨ ᠪᠣᠭᠣᠮᠲᠠ ᠰᠢᠪᠲᠤᠯᠬᠤ ᠵᠢ ᠥᠷᠨᠢᠭᠦᠯᠵᠦ᠂ ᠰᠠᠭᠤᠷᠢ ᠰᠤᠳᠤᠯᠭᠠᠨ ᠡᠴᠡ ᠬᠡᠷᠡᠭᠯᠡᠭᠡᠨ ᠤ᠋ ᠮᠡᠷᠭᠡᠵᠢᠯ ᠬᠦᠷᠲᠡᠯᠡᠬᠢ ᠲᠤᠯᠭᠠᠭᠤᠷᠢᠯᠠᠬᠤ ᠰᠢᠰᠲᠧᠮ ᠢ᠋ ᠪᠠᠢᠭᠤᠯᠵᠠᠢ᠃

ᠴᠢᠳᠠᠪᠦᠷᠢᠳᠠᠨ ᠪᠤᠯ ᠰᠢᠨ᠎ᠡ ᠵᠢ ᠡᠬᠦᠳᠬᠦ ᠶ᠋ᠢᠨ ᠵᠠᠩᠭᠢᠯᠠᠭ᠎ᠠ ᠶ᠋ᠢᠨ ᠬᠦᠴᠦᠨ ᠪᠠᠢᠵᠤ᠂ ᠤᠯᠤᠰ ᠤᠷᠤᠨ ᠤ᠋ ᠴᠢᠨᠡᠭᠡᠯᠢᠭᠵᠢᠨ ᠬᠦᠴᠦᠷᠭᠡᠭᠵᠢᠬᠦ ᠶ᠋ᠢᠨ ᠴᠢᠬᠤᠯᠠ ᠪᠠᠳᠤᠯᠠᠭ᠎ᠠ ᠪᠤᠯᠬᠤ ᠶᠤᠮ᠃ ᠤᠷᠳᠤᠰ ᠬᠤᠳᠠ 《ᠴᠢᠳᠠᠪᠤᠷᠢᠲᠠᠨ ᠤ᠋ ᠰᠢᠨ᠎ᠡ ᠲᠦᠷᠦ ᠵᠢᠨ ᠪᠣᠳᠣᠯᠭ᠎ᠠ 30 ᠵᠤᠷᠪᠤᠰ》 ᠵᠡᠷᠭᠡ ᠨᠢᠭᠡ ᠪᠦᠯᠦᠭ ᠴᠢᠳᠠᠪᠦᠷᠢᠳᠠᠨ ᠢ᠋ ᠤᠷᠤᠭᠤᠯᠤᠨ ᠠᠪᠴᠢᠷᠠᠬᠤ ᠳᠦᠷᠦ ᠶ᠋ᠢᠨ ᠪᠤᠳᠤᠯᠭ᠎ᠠ ᠵᠢ ᠨᠡᠢᠳᠡᠯᠡᠨ᠂ ᠪᠦᠬᠦ ᠪᠥᠮᠪᠥᠷᠴᠡᠭ ᠲᠤ᠌ ᠬᠠᠨᠳᠤᠭᠤᠯᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠨ ᠤ᠋ ᠳᠠᠭᠠᠭᠤᠯᠤᠭ᠍ᠴᠢ ᠴᠢᠳᠠᠪᠤᠷᠢᠲᠠᠨ ᠢ᠋ ᠣᠷᠣᠭᠤᠯᠤᠨ ᠠᠪᠴᠢᠷᠠᠵᠤ ᠂ 《ᠬᠡᠷᠡᠯᠴᠢ ᠴᠡᠨᠡᠭ ᠶ᠋ᠢᠡᠷ ᠤᠰᠤᠲᠥ᠋ᠷᠥᠭᠴᠢ ᠦᠢᠯᠡᠳᠬᠦ 》 ᠰᠤᠳᠤᠯᠤᠨ ᠨᠡᠭᠡᠭᠡᠬᠦ ᠪᠦᠯᠬᠦᠮ ᠢ᠋ ᠪᠠᠢᠭᠤᠯᠵᠠᠢ᠃ ᠴᠢᠬᠤᠯᠠ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠣᠨᠳᠣᠣᠰᠢᠭᠤᠯᠤᠨ ᠨᠠᠢᠳᠠᠪᠤᠷᠢᠵᠢᠭᠤᠯᠬᠤ ᠵᠢ ᠠᠬᠢᠭᠤᠯᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠳ᠋ᠤ ᠪᠤᠬᠢᠷᠳᠤᠯ ᠦᠭᠡᠢ ᠤᠰᠤᠲᠥ᠋ᠷᠥᠭᠴᠢ ᠨᠡᠮᠡᠵᠦ ᠪᠣᠬᠢᠷᠲᠤᠯ ᠦᠭᠡᠢ ᠠᠭᠠᠷ ᠤ᠋ᠨ ᠠᠶᠠᠯᠠᠯ ᠤ᠋ᠨ ᠲᠣᠰᠣ᠌ ᠦᠢᠯᠡᠳᠬᠦ ᠵᠡᠷᠭᠡ ᠮᠡᠷᠭᠡᠵᠢᠯ ᠢ᠋ ᠲᠤᠷᠰᠢᠯᠲᠠ ᠵᠢᠨ ᠲᠠᠰᠤᠭ ᠡᠴᠡ ᠦᠢᠯᠡᠳᠪᠦᠷᠢᠯᠡᠯ ᠤ᠋ᠨ ᠱᠤᠭᠤᠮ ᠲᠡᠢᠰᠢ ᠣᠨᠳᠣᠣᠰᠢᠭᠤᠯᠤᠨ ᠨᠠᠢᠳᠠᠪᠤᠷᠢᠵᠢᠭᠤᠯᠤᠨ᠂ ᠨᠡᠭᠦᠷᠡᠰᠦᠲᠥ᠋ᠷᠥᠭᠴᠢ ᠵᠢ ᠴᠤᠭᠯᠠᠭᠤᠯᠤᠨ ᠠᠰᠢᠭ᠍ᠯᠠᠬᠤ᠂ ᠥᠨᠳᠥᠷ ᠪᠦᠲᠦᠮᠵᠢᠲᠡᠢ ᠡᠨᠧᠷᠭᠢ ᠨᠦᠭᠡᠴᠡᠯᠡᠬᠦ᠂ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠰᠡᠭᠦᠯ ᠤ᠋ᠨ ᠬᠡᠢ ᠵᠢ ᠥᠨᠳᠥᠷ ᠦᠷᠳᠡᠭᠵᠢᠭᠦᠯᠦᠨ ᠠᠰᠢᠭ᠍ᠯᠠᠬᠤ ᠵᠡᠷᠭᠡ ᠬᠦᠷᠢᠶ᠎ᠡ ᠴᠠᠷᠠᠭ᠎ᠠ ᠳ᠋ᠤ ᠨᠢᠭᠡ ᠪᠦᠯᠦᠭ ᠴᠢᠬᠤᠯᠠ ᠶᠡᠬᠡ ᠮᠡᠷᠭᠡᠵᠢᠯ ᠤ᠋ᠨ ᠦᠷ᠎ᠡ ᠪᠦᠲᠦᠭᠡᠯ ᠢ᠋ ᠣᠨᠳᠣᠣᠰᠢᠭᠤᠯᠤᠨ ᠬᠤᠪᠢᠷᠠᠭᠤᠯᠵᠤ᠂ ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ ᠵᠢ ᠪᠠᠭᠠᠰᠬᠠᠬᠤ ᠳ᠋ᠤ ᠪᠠᠲᠤ ᠪᠡᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠪᠠ᠃

ᠤᠷᠳᠤᠰ ᠬᠤᠳᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠶ᠋ᠢᠡᠷ ᠴᠢᠳᠠᠮᠵᠢ ᠣᠯᠭᠣᠬᠤ᠂ ᠳᠦᠷᠦ ᠵᠢᠨ ᠪᠣᠳᠣᠯᠭ᠎ᠠ ᠪᠡᠷ ᠬᠥᠲᠥᠯᠥᠨ ᠳᠠᠭᠠᠭᠤᠯᠬᠤ᠂ ᠴᠢᠳᠠᠪᠤᠷᠢᠲᠠᠨ ᠶ᠋ᠢᠡᠷ ᠲᠤᠯᠭᠠᠭᠤᠷᠢᠯᠠᠭᠤᠯᠬᠤ ᠵᠢ ᠬᠠᠮᠵᠢᠯᠴᠠᠭᠤᠯᠤᠨ ᠬᠦᠴᠦᠯᠡᠬᠦ ᠵᠢ ᠪᠠᠷᠢᠮᠲᠠᠯᠠᠵᠤ  ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ ᠵᠢ ᠪᠠᠭᠠᠰᠬᠠᠬᠤ ᠳ᠋ᠤ ᠴᠢᠩᠭ᠎ᠠ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠵᠦ᠂ ᠪᠤᠬᠢᠷᠳᠤᠯ ᠦᠭᠡᠢ ᠬᠦᠭᠵᠢᠯᠳᠠ ᠲᠠᠢᠰᠢ ᠡᠷᠡᠮᠡᠬᠡᠢᠯᠡᠨ ᠤᠷᠤᠭᠰᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号