ᠵᠢᠯᠣᠭᠣᠴᠢ ᠦᠭᠡᠢ ᠨᠢᠰᠬᠡᠯ᠎ᠢ ᠳᠤᠷ᠎ᠠ᠎ᠪᠠᠷ ᠨᠢᠰᠭᠡᠭᠡᠳ ᠰᠢᠢᠳᠭᠡᠭᠳᠡᠪᠡ
2026-08-03 11:11:10
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 3 ᠎ᠤ᠋ ᠡᠳᠦᠷ᠎ᠦᠨ 13 ᠴᠠᠭ 30 ᠮᠢᠨᠦ᠋ᠲ᠎ᠲᠦ᠂ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠠᠮᠤᠷ᠎ᠢ ᠬᠠᠮᠠᠭᠠᠯᠠᠬᠤ ᠬᠠᠮᠢᠶᠠᠷᠤᠯᠲᠠ ᠪᠠ ᠣᠨᠴᠠ ᠴᠠᠭᠳᠠᠭᠠᠨ᠎ᠤ ᠰᠠᠯᠪᠤᠷᠢ ᠠᠩᠭᠢ᠎ᠶᠢᠨ ᠵᠢᠯᠣᠭᠣᠴᠢ ᠦᠭᠡᠢ ᠨᠢᠰᠬᠡᠯ᠎ᠦᠨ ᠬᠡᠷᠡᠭᠯᠡᠭᠡᠨ᠎ᠦ ᠶᠡᠬᠡ ᠠᠩᠭᠢ ᠴᠠᠬᠳᠠᠭ᠎ᠠ ᠳ᠋ᠤ ᠮᠡᠳᠡᠬᠦᠯᠦᠭᠰᠡᠨ ᠬᠡᠷᠡᠭ ᠤ᠋ᠨ ᠰᠦᠪᠡᠭᠴᠢ᠎ᠶᠢ ᠬᠠᠷᠭᠤᠭᠤᠯᠤᠨ ᠪᠠᠢᠴᠠᠭᠠᠬᠤ᠎ᠪᠠᠷ ᠳᠡᠮᠵᠢᠨ᠂ ᠰᠠᠢᠬᠠᠨ ᠲᠣᠭᠣᠷᠢᠭ᠋᠎ᠤᠨ ᠵᠢᠨ ᠾᠧ ᠪᠠᠯᠭᠠᠰᠤᠨ᠎ᠤ ᠬᠤᠢᠳᠤ ᠱᠠᠡᠭᠭᠤᠨ ᠲᠣᠰᠬᠣᠨ᠎ᠤ ᠣᠢᠷ᠎ᠠ ᠬᠠᠪᠢ᠎ᠶᠢᠨ ᠨᠢᠰᠬᠡᠯ᠎ᠦᠨ ᠪᠠᠭᠤᠳᠠᠯ᠎ᠤᠨ ᠰᠠᠭᠠᠳ ᠦᠭᠡᠢ ᠠᠭᠠᠷ᠎ᠤᠨ ᠬᠠᠮᠠᠭᠠᠯᠠᠯᠲᠠ᠎ᠶᠢᠨ ᠣᠷᠣᠨ᠎ᠳᠤ ᠵᠢᠯᠣᠭᠣᠴᠢ ᠦᠭᠡᠢ ᠨᠢᠰᠬᠡᠯ ᠲᠣᠭᠲᠠᠭᠠᠯ᠎ᠠᠴᠠ ᠵᠥᠷᠢᠴᠡᠨ ᠨᠢᠰᠴᠦ ᠪᠠᠢᠬᠤ᠎ᠶᠢ ᠣᠯᠵᠤ ᠮᠡᠳᠡᠪᠡ᠃ ᠠᠷᠠᠳ᠎ᠤᠨ ᠴᠠᠭᠳᠠᠭ᠎ᠠ ᠲᠡᠷᠡ ᠳᠠᠷᠤᠢ ᠳ᠋ᠤᠨᠢ ᠲᠤᠬᠠᠢ᠎ᠶᠢᠨ ᠲᠠᠯᠠᠪᠠᠢ᠎ᠳᠤ ᠬᠦᠷᠴᠦ᠂ ᠬᠠᠤᠯᠢ᠎ᠶᠢ ᠵᠥᠷᠢᠴᠡᠭᠰᠡᠨ ᠰᠦ ᠣᠪᠣᠭᠲᠤ᠎ᠶᠢ ᠡᠵᠡᠮᠳᠡᠭᠰᠡᠨ ᠪᠥᠭᠡᠳ ᠲᠤᠰ ᠬᠡᠷᠡᠭ᠎ᠢ ᠰᠠᠢᠬᠠᠨ ᠲᠣᠭᠣᠷᠢᠭ᠋᠎ᠤᠨ ᠳᠣᠲᠣᠭᠠᠳᠤ᠎ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠢᠨ ᠠᠮᠤᠷ᠎ᠢ ᠬᠠᠮᠠᠭᠠᠯᠠᠬᠤ ᠶᠡᠬᠡ ᠠᠩᠭᠢ ᠪᠣᠯᠣᠨ ᠵᠢᠨ ᠾᠧ ᠲᠣᠮᠢᠯᠠᠭᠰᠠᠨ ᠰᠠᠯᠪᠤᠷᠢ᠎ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠪᠡ᠃

ᠪᠠᠢᠴᠠᠭᠠᠭᠰᠠᠨ᠎ᠢᠶᠠᠷ᠂ ᠰᠦ ᠣᠪᠣᠭᠲᠤ ᠠᠭᠠᠷ ᠤ᠋ᠨ ᠣᠷᠣᠨ ᠪᠦᠰᠡ᠎ᠶᠢᠨ ᠭᠠᠷ ᠭᠦᠢᠴᠡᠳᠬᠡᠯ᠎ᠢ ᠤᠯᠤᠭᠰᠠᠨ ᠦᠭᠡᠢ᠎ᠪᠡᠷ ᠲᠠᠷᠢᠶᠠᠯᠠᠩ᠎ᠳᠤ ᠬᠡᠷᠡᠭᠯᠡᠬᠦ ᠵᠢᠯᠣᠭᠣᠴᠢ ᠦᠭᠡᠢ ᠨᠢᠰᠬᠡᠯ᠎ᠢ ᠳᠤᠷ᠎ᠠ᠎ᠪᠠᠷ᠎ᠢᠶᠠᠨ ᠵᠠᠬᠢᠷᠤᠨ ᠬᠠᠮᠢᠶᠠᠷᠴᠤ ᠪᠠᠢᠭ᠎ᠠ ᠠᠭᠠᠷ᠎ᠤᠨ ᠣᠷᠣᠨ᠎ᠳᠤ ᠨᠢᠰᠬᠡᠪᠡ᠃ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ 《ᠵᠢᠯᠣᠭᠣᠴᠢ ᠦᠭᠡᠢ ᠠᠭᠠᠷ᠎ᠤᠨ ᠨᠢᠰᠦᠭᠦᠷ᠎ᠦᠨ ᠨᠢᠰᠦᠯᠲᠡ᠎ᠶᠢᠨ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠳᠦᠷᠢᠮ》 ᠤ᠋ᠨ ᠲᠠᠪᠢᠨ ᠨᠢᠭᠡᠳᠦᠭᠡᠷ ᠵᠦᠢᠯ᠎ᠦᠨ ᠬᠣᠶᠠᠳᠤᠭᠠᠷ ᠵᠤᠷᠪᠤᠰ᠎ᠢ ᠦᠨᠳᠦᠰᠦᠯᠡᠨ᠂ ᠰᠦ ᠣᠪᠣᠭᠲᠤ ᠵᠢᠨ ᠵᠢᠯᠤᠭᠤᠴᠢ ᠦᠭᠡᠢ ᠨᠢᠰᠭᠡᠯ ᠨᠢᠰᠭᠡᠭᠦ᠎ᠶᠢ ᠨᠢ ᠵᠠᠷᠯᠢᠭ᠍ᠳᠠᠨ ᠵᠣᠭᠰᠣᠭᠠᠵᠤ᠂ 500 ᠲᠥᠭᠥᠷᠢᠭ ᠵᠣᠭᠣᠰ᠎ᠢᠶᠠᠷ ᠲᠣᠷᠭᠠᠬᠤ ᠵᠠᠰᠠᠭ ᠵᠠᠬᠢᠷᠭᠠᠨ᠎ᠤ ᠰᠢᠢᠳᠬᠡᠯ ᠥᠭᠪᠡ᠃

ᠴᠠᠭᠳᠠᠭᠠᠨ᠎ᠤ ᠲᠠᠯ᠎ᠠ᠎ᠶᠢᠨ ᠬᠢᠨ᠂ ᠵᠠᠬᠢᠷᠤᠨ ᠬᠠᠮᠢᠶᠠᠷᠬᠤ ᠠᠭᠠᠷ᠎ᠤᠨ ᠣᠷᠣᠨ ᠳ᠋ᠤ ᠡᠯ᠎ᠡ ᠲᠥᠷᠥᠯ᠎ᠦᠨ ᠵᠢᠯᠣᠭᠣᠴᠢ ᠦᠭᠡᠢ ᠨᠢᠰᠬᠡᠯ᠎ᠨᠢᠰᠭᠡᠭᠦ ᠳ᠋ᠤ ᠡᠷᠬᠡᠪᠰᠢ ᠤᠷᠢᠳᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠳᠡᠢ᠂ ᠬᠤᠪᠢ ᠬᠦᠮᠦᠨ ᠲᠤᠷ᠎ᠠ ᠪᠡᠷ ᠵᠢᠡᠨ ᠨᠢᠰᠭᠡᠵᠦ ᠪᠤᠯᠬᠤ ᠦᠭᠡᠢ ᠭᠡᠵᠦ ᠰᠠᠨᠠᠭᠤᠯᠤᠨ᠎ᠠ᠃ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠤᠢᠷ᠎ᠠ ᠣᠭᠲᠠᠷᠭᠤᠢ᠎ᠳᠤ ᠬᠢᠨᠠᠨ ᠪᠠᠢᠴᠠᠭᠠᠵᠤ ᠬᠠᠮᠢᠶᠠᠷᠤᠨ ᠡᠵᠡᠮᠳᠡᠬᠦ᠎ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠥᠷᠥᠯ᠎ᠦᠨ ᠳᠦᠷᠢᠮ ᠲᠣᠭᠲᠠᠭᠠᠯ᠎ᠠᠴᠠ ᠵᠥᠷᠢᠴᠡᠭᠰᠡᠨ  ᠦᠶ᠋ᠯᠡ ᠠᠵᠢᠯᠯᠠᠭ᠎ᠠ᠎ᠶᠢ ᠴᠢᠩᠭ᠎ᠠ ᠪᠠᠢᠴᠠᠭᠠᠨ ᠰᠢᠢᠳᠪᠦᠷᠢᠯᠡᠵᠦ᠂ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠠᠵᠢᠯᠯᠠᠭᠠᠨ ᠪᠠ ᠠᠭᠠᠷ᠎ᠤᠨ ᠣᠷᠣᠨ᠎ᠤ ᠣᠯᠠᠨ ᠨᠡᠶ᠋ᠢᠲᠡ᠎ᠶᠢᠨ ᠠᠮᠤᠷ ᠲᠦᠪᠰᠢᠨ᠎ᠢ ᠪᠥᠬᠥ ᠬᠦᠴᠦᠨ᠎ᠢᠶᠡᠷ᠎ᠢᠶᠡᠨ ᠪᠠᠲᠤᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号