ᠭᠤᠷᠪᠠᠳᠤᠭᠠᠷ ᠬᠤᠭᠤᠴᠠᠭᠠᠨ᠎ᠤ ᠦᠨᠡᠨᠴᠢ ᠢᠲᠡᠭᠡᠮᠵᠢᠳᠡᠢ ᠤᠮᠠᠷᠠᠲᠤ᠌ ᠬᠢᠯᠢ᠎ᠶᠢᠨ ᠰᠤᠳᠤᠯᠤᠨ ᠶᠠᠷᠢᠯᠴᠠᠬᠤ ᠬᠤᠷᠠᠯ ᠬᠥᠬᠡᠡᠡᠣᠲᠠ᠎ᠳᠤ ᠬᠤᠷᠠᠯᠳᠤᠪᠠ
2026-08-03 11:34:22
ᠵᠣᠬᠢᠶᠠᠭ᠍ᠴᠢ᠄
​ᠬᠤᠩ ᠰᠢᠶᠠ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠡᠴᠡ ᠭᠤᠤᠯᠯᠠᠨ ᠡᠷᠭᠢᠯᠡᠭᠰᠡᠨ ᠭᠤᠷᠪᠠᠳᠤᠭᠠᠷ ᠬᠤᠭᠤᠴᠠᠭᠠᠨ᠎ᠤ ᠦᠨᠡᠨᠴᠢ ᠢᠲᠡᠭᠡᠮᠵᠢᠲᠠᠢ ᠤᠮᠠᠷᠠᠲᠤ᠌ ᠬᠢᠯᠢ᠎ᠶᠢᠨ ᠰᠤᠳᠤᠯᠤᠨ ᠶᠠᠷᠢᠯᠴᠠᠬᠤ ᠬᠤᠷᠠᠯ ᠬᠥᠬᠡᠡᠡᠣᠲᠠ᠎ᠳᠤ ᠬᠤᠷᠠᠯᠳᠤᠪᠠ᠃

ᠭᠤᠤᠯ ᠵᠣᠷᠢᠯᠲᠠᠲᠦ ᠮᠡᠳᠡᠭᠦᠯᠦᠯᠲᠡ᠎ᠶᠢᠨ ᠬᠤᠷᠠᠯ ᠳᠡᠭᠡᠷ᠎ᠡ ᠰᠢᠨᠬᠤᠸᠠ ᠬᠣᠷᠢᠶᠠᠨ᠎ᠤ ᠳᠤᠮᠳᠠᠳᠤ ᠤᠯᠤᠰ᠎ᠤᠨ ᠠᠵᠤ ᠠᠬᠤᠶ᠎ᠶᠢᠨ ᠮᠡᠳᠡᠭᠡ ᠵᠠᠩᠭᠢ᠎ᠶᠢᠨ ᠬᠣᠷᠢᠶ᠎ᠠ᠎ᠶᠢᠨ ᠰᠢᠨᠬᠤᠸᠠ ᠢᠲᠡᠭᠡᠮᠵᠢ᠎ᠶᠢᠨ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ᠎ᠤᠨ ᠭᠠᠵᠠᠷ᠎ᠤᠨ ᠡᠷᠬᠢᠯᠡᠭᠴᠢ ᠯᠢ ᠵᠢᠶᠧ ᠨᠡᠶ᠋ᠢᠭᠡᠮ᠎ᠦᠨ ᠢᠲᠡᠭᠡᠮᠵᠢ᠎ᠶᠢᠨ ᠰᠢᠰᠲ᠋ᠧᠮ᠎ᠦᠨ ᠪᠠᠶ᠋ᠢᠭᠤᠯᠤᠯᠲᠠ᠎ᠶᠢᠨ ᠪᠠᠶ᠋ᠢᠳᠠᠯ᠎ᠢ ᠪᠥᠬᠥ᠌ ᠲᠠᠯ᠎ᠠ᠎ᠪᠠᠷ ᠲᠠᠶ᠋ᠢᠯᠪᠤᠷᠢᠯᠠᠵᠤ᠂  ᠢᠲᠡᠭᠡᠮᠵᠢ᠎ᠶᠢᠨ ᠠᠵᠤ ᠠᠬᠤᠶ᠎ᠶᠢ ᠨᠡᠶ᠋ᠢᠭᠡᠮ ᠠᠵᠤ ᠠᠬᠤᠶ᠎ᠲᠠᠶ ᠬᠡᠷᠬᠢᠨ ᠠᠭᠤᠰᠤᠯᠴᠠᠭᠤᠯᠤᠨ ᠬᠥᠭᠵᠢᠭᠦᠯᠬᠦ᠌ ᠲᠤᠬᠠᠶ ᠵᠠᠳᠠᠯᠪᠠ; ᠾᠧᠨᠠᠨ ᠮᠤᠵᠢ᠎ᠶᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠪᠣᠯᠤᠨ ᠨᠡᠶ᠋ᠢᠭᠡᠮ᠎ᠦᠨ ᠢᠲᠡᠭᠡᠮᠵᠢ᠎ᠶᠢᠨ ᠪᠠᠶ᠋ᠢᠭᠤᠯᠤᠯᠲᠠ᠎ᠶᠢᠨ ᠲᠥᠪ᠎ᠦᠨ ᠡᠷᠬᠢᠯᠡᠭᠴᠢ ᠸᠧᠢ ᠫᠸᠩ ᠳᠦᠷᠢᠮᠵᠢᠭᠰᠡᠨ ᠤᠯᠠᠨ ᠲᠠᠯᠠᠲᠤ᠌ ᠬᠠᠷᠠᠭᠠᠰᠤ ᠡᠴᠡ ᠢᠲᠡᠭᠡᠮᠵᠢ᠎ᠶᠢᠨ ᠣᠳᠣᠬᠢᠴᠢᠯᠠᠯᠲᠠ᠎ᠪᠠᠷ ᠵᠠᠬ᠎ᠠ ᠳᠡᠯᠭᠡᠭᠦᠷ᠎ᠦᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠲᠤᠯᠭᠠᠭᠤᠷᠢᠯᠠᠵᠤ᠂ ᠴᠢᠨᠠᠷ ᠰᠠᠶ᠋ᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ᠌᠎ᠲᠤᠬᠠᠢ ᠲᠣᠳᠣᠷᠬᠠᠶ᠋ᠢᠯᠠᠨ ᠥᠭᠦᠯᠡᠪᠡ;ᠪᠠᠷᠠᠭᠤᠨ ᠬᠣᠶ᠋ᠢᠲᠤ᠎ᠶᠢᠨ ᠲᠠᠷᠢᠶᠠᠯᠠᠩ ᠣᠶ ᠰᠢᠭᠤᠶ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠳᠡᠳ᠋ ᠫᠷᠤᠹᠸᠰᠰᠤᠷ ᠫᠸᠩ ᠶᠠᠨ ᠯᠢᠩ ᠳᠣᠲᠣᠭᠠᠳᠤ ᠯᠣᠭᠢᠭ᠂ ᠪᠣᠳᠠᠲᠠᠶ ᠬᠦᠴᠢᠷᠳᠡᠯ ᠬᠢᠭᠡᠳ ᠰᠢᠯᠢᠳᠡᠭᠵᠢᠭᠦᠯᠬᠦ᠌ ᠠᠷᠭ᠎ᠠ ᠵᠠᠮ ᠵᠡᠷᠭᠡ ᠲᠠᠯ᠎ᠠ᠎ᠡᠴᠡ ᠬᠥᠳᠡᠭᠡ ᠲᠣᠰᠬᠣᠨ᠎ᠤ ᠶᠣᠰᠣ ᠰᠤᠷᠳᠠᠬᠤᠨ᠎ᠤ ᠬᠤᠷᠠᠮᠳᠤᠭᠤᠯᠭ᠎ᠠ ᠵᠢᠨ ᠬᠤᠪᠢ᠎ᠶᠢ ᠬᠡᠷᠬᠢᠨ ᠢᠲᠡᠭᠡᠮᠵᠢ᠎ᠶᠢᠨ ᠡᠳ᠋ ᠬᠥᠷᠥᠩᠭᠡ ᠪᠣᠯᠭᠠᠬᠤ᠎ᠶᠢ ᠭᠦᠨᠵᠡᠭᠡᠶ ᠵᠠᠳᠠᠯᠤᠨ ᠶᠠᠷᠢᠵᠠᠢ; ᠱᠠᠨ ᠰᠢ ᠶᠡᠬᠡ ᠰᠤᠷᠭᠠᠭᠤᠯᠢ᠎ᠶᠢᠨ ᠤᠯᠤᠰ ᠲᠥᠷᠥ᠍ ᠬᠢᠭᠡᠳ ᠣᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠳᠡᠭᠡᠳᠦ ᠰᠤᠷᠭᠠᠭᠤᠯᠢ᠎ᠶᠢᠨ ᠫᠷᠤᠹᠸᠰᠰᠤᠷ᠂ ᠳ᠋ᠣᠺᠲ᠋ᠣᠷᠠᠨᠲ᠎ᠤᠨ ᠵᠢᠯᠣᠭᠣᠳᠣᠭᠴᠢ ᠪᠠᠭᠰᠢ ᠵᠦ᠍ ᠯᠢ ᠵᠢᠶᠦ᠋ᠨ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠠᠴᠠ ᠨᠠᠭᠠᠰᠢᠬᠢ  ᠦᠨᠡᠨᠴᠢ ᠢᠲᠡᠭᠡᠮᠵᠢᠲᠡᠶ ᠭᠠᠳᠠᠭᠠᠳᠤ ᠬᠠᠷᠢᠯᠴᠠᠭᠠᠨ᠎ᠤ ᠣᠶ᠋ᠢᠯᠠᠭᠠᠭᠳᠠᠬᠤᠨ ᠵᠢᠴᠢ ᠡᠨᠡ ᠬᠦ᠌ ᠣᠶ᠋ᠢᠯᠠᠭᠠᠭᠳᠠᠬᠤᠨ᠎ᠢ ᠪᠠᠷᠢᠮᠲᠠᠯᠠᠨ ᠦᠢᠯᠡᠳᠦᠯᠭᠡᠵᠢᠭᠦᠯᠬᠦ᠌᠎ᠶᠢᠨ ᠣᠲᠣ ᠦᠶ᠎ᠡ᠎ᠶᠢᠨ ᠦᠨ᠎ᠡ ᠥᠷᠲᠡᠭ᠎ᠢ ᠶᠠᠷᠢᠪᠠ;ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶᠢᠨ ᠶᠡᠬᠡ ᠰᠤᠷᠭᠠᠭᠤᠯᠢ᠎ᠶᠢᠨ《ᠬᠠᠤᠯᠢ᠎ᠪᠠᠷ ᠵᠠᠰᠠᠬᠤ ᠥᠪᠥᠷ ᠮᠣᠩᠭᠣᠯ᠎ᠤᠨ  ᠪᠠᠶ᠋ᠢᠭᠤᠯᠤᠯᠲᠠ ᠬᠢᠭᠡᠳ ᠣᠷᠣᠨ ᠪᠦᠰᠡ᠎ᠶᠢᠨ ᠬᠥᠭᠵᠢᠯᠲᠡ᠎ᠶᠢᠨ ᠬᠠᠮᠵᠢᠯᠴᠠᠨ ᠰᠢᠨ᠎ᠡ᠎ᠶᠢ ᠡᠭᠦᠳᠬᠦ᠌ ᠲᠥᠪ》 ᠤ᠋ᠨ ᠰᠤᠳᠤᠯᠤᠭᠴᠢ ᠬᠤᠸᠠᠩ ᠺᠠᠶ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠠᠤᠯᠢ ᠴᠠᠭᠠᠵᠠ᠎ᠶᠢᠨ ᠢᠲᠡᠭᠡᠯ᠎ᠳᠦ ᠲᠤᠯᠭᠠᠷᠠᠵᠤ ᠪᠠᠶ᠋ᠢᠭ᠎ᠠ ᠪᠦᠲᠦᠴᠡ᠎ᠶᠢᠨ ᠴᠢᠨᠠᠷᠲᠠᠶ ᠬᠦᠴᠢᠷᠳᠡᠯ ᠪᠠ 《ᠲᠠᠯ᠎ᠠ ᠨᠤᠲᠤᠭ᠎ᠤᠨ ᠰᠢᠭᠦᠬᠦ᠌ ᠲᠢᠩᠬᠢᠮ》 ᠤ᠋ᠨ ᠲᠣᠭᠣᠷᠢᠨ ᠰᠢᠭᠦᠨ ᠲᠠᠰᠤᠯᠬᠤ ᠦᠢᠯᠡᠳᠦᠯᠭᠡ᠎ᠶᠢᠨ ᠬᠡᠯᠪᠡᠷᠢ ᠪᠠᠶ᠋ᠢᠳᠠᠯ᠎ᠳᠤ ᠰᠠᠭᠤᠷᠢᠯᠠᠨ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠠᠤᠯᠢ ᠴᠠᠭᠠᠵᠠ᠎ᠶᠢᠨ ᠨᠡᠶ᠋ᠢᠲᠡ᠎ᠶᠢᠨ ᠢᠲᠡᠭᠡᠮᠵᠢ᠎ᠶᠢᠨ ᠪᠣᠶ ᠪᠣᠯᠬᠤ ᠯᠣᠭᠢᠭ ᠪᠠ ᠪᠣᠶ ᠪᠣᠯᠬᠤ ᠬᠡᠯᠪᠡᠷᠢ ᠪᠠᠶ᠋ᠢᠳᠠᠯ᠎ᠳᠤ ᠵᠠᠳᠠᠯᠤᠯᠲᠠ ᠬᠢᠪᠠ᠃

ᠬᠤᠪᠢᠶᠠᠯᠴᠠᠨ ᠰᠤᠯᠢᠯᠴᠠᠬᠤ ᠭᠣᠭᠴᠣᠭ᠎ᠠ᠎ᠳᠤ ᠠᠷᠪᠠ ᠭᠠᠷᠤᠢ ᠲᠤᠰᠬᠠᠢ ᠮᠡᠷᠭᠡᠵᠢᠯᠲᠡᠨ᠂ ᠵᠠᠯᠠᠭᠤ ᠡᠷᠳᠡᠮᠲᠡᠳ 《ᠤᠮᠠᠷᠠᠲᠤ᠌ ᠬᠢᠯᠢ᠎ᠶᠢᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ᠎ᠶᠢ ᠠᠬᠢᠭᠤᠯᠬᠤ》 ᠭᠣᠣᠯ ᠰᠡᠳᠦᠪ᠎ᠦᠨ ᠲᠣᠭᠣᠷᠢᠨ᠎ᠳᠤ ᠤᠯᠠᠮ ᠴᠢᠨᠠᠭᠰᠢᠳᠠ ᠰᠤᠳᠤᠯᠤᠨ ᠶᠠᠷᠢᠯᠴᠠᠵᠤ᠂ ᠰᠤᠳᠤᠯᠭᠠᠨ᠎ᠤ ᠦᠷ᠎ᠡ ᠪᠦᠲᠦᠭᠡᠯ ᠤ᠋ᠨ ᠬᠤᠪᠢᠶᠠᠯᠴᠠᠨ᠂ ᠡᠷᠳᠡᠮ ᠰᠢᠨᠵᠢᠯᠡᠭᠡᠨ᠎ᠦ ᠦᠵᠡᠯᠲᠡ᠎ᠪᠡᠨ ᠰᠣᠯᠢᠯᠴᠠᠪᠠ᠃

ᠣᠷᠣᠨ᠎ᠤ ᠳᠣᠲᠣᠨ᠎ᠠ ᠭᠠᠳᠠᠨᠠᠬᠢ ᠤᠯᠠᠨ ᠪᠠᠶ᠋ᠢᠭᠤᠯᠭ᠎ᠠ ᠨᠢᠭᠡᠴᠢ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠶ᠋ᠢᠭᠤᠯᠤᠮᠵᠢ ᠪᠣᠯᠤᠨ ᠶᠡᠬᠡ ᠳᠡᠭᠡᠳᠦ ᠰᠤᠷᠭᠠᠭᠤᠯᠢ᠎ᠶᠢᠨ 100 ᠭᠠᠷᠤᠢ ᠲᠤᠰᠬᠠᠢ ᠮᠡᠷᠭᠡᠵᠢᠯᠲᠡᠨ᠂ ᠵᠠᠯᠠᠭᠤ ᠡᠷᠳᠡᠮᠲᠡᠨ ᠪᠣᠯᠤᠨ ᠠᠰᠫᠢᠷᠠᠨᠲ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号