ᠬᠥᠬᠡᠡᠡᠣᠲᠠ ᠬᠢᠯᠢ ᠲᠠᠯᠠᠢ᠎ᠶᠢᠨ ᠬᠠᠮᠠᠭᠠᠯᠠᠯᠲᠠ᠎ᠶᠢᠨ ᠠᠵᠢᠯ᠎ᠤᠨ ᠦᠶ᠋ᠯᠡ ᠠᠵᠢᠯᠯᠠᠭ᠎ᠠ᠎ᠶᠢᠨ ᠮᠡᠳᠡᠭᠦᠯᠦᠯᠲᠡ᠎ᠶᠢᠨ ᠬᠤᠷᠠᠯ ᠡᠷᠬᠢᠯᠡᠪᠡ
2026-08-03 11:35:35
ᠵᠣᠬᠢᠶᠠᠭ᠍ᠴᠢ᠄
​ ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠬᠥᠬᠡᠡᠡᠣᠲᠠ᠎ᠶᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠰᠡᠷᠭᠡᠢᠯᠡᠯᠲᠡ᠎ᠶᠢᠨ ᠲᠣᠭᠣᠷᠢᠭ᠋᠎ᠤᠨ ᠤᠯᠤᠰ ᠲᠥᠷᠥ᠎ᠶᠢᠨ ᠠᠵᠢᠯ᠎ᠤᠨ ᠭᠠᠵᠠᠷ᠂ ᠴᠡᠷᠢᠭ᠎ᠦᠨ ᠠᠯᠪᠠ᠎ᠡᠴᠡ ᠬᠠᠯᠠᠬᠳᠠᠬᠰᠠᠳ᠎ᠤᠨ ᠶᠠᠪᠤᠳᠠᠯ᠎ᠤᠨ ᠲᠣᠪᠴᠢᠶ᠎ᠠ ᠵᠡᠷᠭᠡ ᠪᠠᠢᠭᠤᠯᠭ᠎ᠠ ᠨᠢᠭᠡᠴᠢ ᠬᠠᠮᠲᠤᠷᠠᠨ 《ᠬᠢᠯᠢ᠎ᠶᠢᠨ ᠪᠣᠭᠣᠮᠲᠠ᠎ᠪᠠᠨ ᠰᠠᠬᠢᠨ ᠬᠠᠮᠠᠭᠠᠯᠠᠵᠦ᠂ ᠭᠦᠨ ᠲᠠᠡᠭᠭᠢᠰ ᠲᠸ᠋ ᠬᠦᠰᠡᠯ ᠵᠢᠡᠨ ᠲᠡᠷᠭᠡᠯᠰᠢᠬᠦᠯᠬᠦ ᠬᠢᠯᠢ ᠲᠡᠯᠡᠶ᠎ᠶᠢᠨ ᠬᠠᠮᠠᠭᠠᠯᠠᠯᠲᠠ᠎ᠶᠢᠨ ᠠᠵᠢᠯ᠎ᠤᠨ ᠦᠶ᠋ᠯᠡ ᠠᠵᠢᠯᠯᠠᠭ᠎ᠠ᠎ᠶᠢᠨ ᠮᠡᠳᠡᠭᠦᠯᠦᠯᠲᠡ᠎ᠶᠢᠨ ᠬᠤᠷᠠᠯ》 ᠡᠷᠭᠢᠯᠡᠪᠡ᠃ ᠬᠠᠮᠢᠶ᠎ᠠ ᠪᠦᠬᠦᠢ ᠭᠠᠵᠠᠷ᠎ᠡᠴᠡ ᠢᠷᠡᠭᠰᠡᠨ 5 ᠳᠠᠷᠤᠭ᠎ᠠ ᠪᠠᠢᠯᠳᠤᠭ᠍ᠴᠢ᠎ᠶᠢᠨ ᠲᠥᠯᠥᠭᠡᠯᠡᠭᠴᠢ ᠲᠠᠢᠰᠠᠨ᠎ᠳᠤ ᠭᠠᠷᠴᠤ᠂ ᠬᠢᠯᠢ ᠵᠢᠨ ᠡᠮᠦᠨ᠎ᠠ ᠵᠠᠬ᠎ᠠ ᠵᠢ ᠰᠠᠬᠢᠨ ᠬᠠᠮᠠᠭᠠᠯᠠᠬᠰᠠᠨ ᠥᠯᠢᠭᠡᠷ᠎ᠢ ᠬᠤᠪᠢᠶᠠᠯᠴᠠᠵᠤ᠂ ᠪᠥᠬᠥ ᠬᠣᠲᠠ᠎ᠶᠢᠨ ᠨᠠᠮ᠎ᠤᠨ ᠭᠡᠰᠢᠭᠦᠨ ᠺᠠᠳ᠋ᠷᠴᠤᠳ᠎ᠲᠤ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠬᠢᠴᠢᠶᠡᠯ ᠣᠷᠣᠪᠠ᠃

ᠲᠣᠰ ᠤᠳᠠᠭᠠᠨ᠎ᠤ ᠮᠡᠳᠡᠭᠦᠯᠦᠯᠲᠡ᠎ᠶᠢᠨ ᠬᠤᠷᠠᠯ ᠨᠢ ᠤᠯᠤᠰ᠎ᠢᠶᠠᠨ ᠬᠠᠢᠷᠠᠯᠠᠬᠤ ᠬᠠᠢᠷ᠎ᠠ ᠰᠡᠳᠬᠢᠯᠭᠡ᠎ᠶᠢ ᠵᠤᠵᠠᠭᠠᠳᠬᠠᠵᠤ᠂ ᠴᠡᠷᠢᠭ᠎ᠢ ᠳᠡᠭᠡᠳᠦᠯᠡᠬᠦ ᠬᠡᠪ ᠰᠤᠷᠲᠠᠯ᠎ᠢ ᠪᠠᠳᠠᠷᠠᠭᠤᠯᠬᠤ᠎ᠪᠠᠷ ᠵᠤᠷᠢᠯᠳᠠ ᠪᠠᠨ ᠪᠣᠯᠭᠠᠵᠤ᠂ ᠪᠥᠬᠥ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠬᠠᠯᠠᠮᠵᠢᠯᠠᠬᠤ᠂ ᠬᠠᠢᠷᠠᠯᠠᠬᠤ᠂ ᠪᠦᠲᠦᠭᠡᠨ ᠪᠠᠶ᠋ᠢᠭᠤᠯᠬᠤ᠂ ᠬᠠᠮᠠᠭᠠᠯᠠᠬᠤ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠴᠡᠷᠢᠭ ᠵᠠᠰᠠᠭ ᠴᠡᠷᠢᠭ ᠠᠷᠠᠳ᠎ᠤᠨ ᠰᠡᠳᠬᠢᠯ ᠨᠢᠭᠡᠳᠦᠨ ᠬᠠᠮᠲᠤ᠎ᠪᠠᠷ ᠤᠷᠤᠭᠰᠢᠯᠠᠬᠤ ᠰᠠᠢᠨ ᠰᠠᠢᠬᠠᠨ ᠪᠠᠢᠳᠠᠯ᠎ᠢ ᠦᠷᠭᠦᠯᠵᠢᠯᠡᠨ ᠭᠦᠨᠵᠡᠭᠡᠢᠷᠡᠭᠦᠯᠪᠡ᠃

ᠳᠠᠷᠤᠭ᠎ᠠ ᠪᠠᠢᠯᠳᠤᠭ᠍ᠴᠢᠳ᠎ᠤᠨ ᠲᠥᠯᠥᠭᠡᠯᠡᠭᠴᠢ ᠡᠬᠡᠯ ᠪᠣᠷᠣᠭᠵᠢᠭᠤᠨ ᠴᠢᠩ ᠦᠨᠡᠨᠴᠢ ᠦᠭᠡ ᠶᠠᠷᠢᠶ᠎ᠠ᠎ᠪᠠᠷ ᠴᠠᠰᠤᠲᠤ ᠣᠷᠣᠨ᠎ᠤ ᠬᠠᠷᠠᠭᠤᠯ᠎ᠤᠨ ᠭᠠᠵᠠᠷ᠎ᠲᠤ ᠦᠨᠳᠦᠰᠦᠯᠡᠵᠦ᠂ ᠲᠦᠮᠡᠨ ᠭᠠᠵᠠᠷ᠎ᠤᠨ ᠲᠠᠯᠠᠢ᠎ᠶᠢᠨ ᠬᠢᠯᠢ᠎ᠶᠢ ᠰᠠᠬᠢᠨ ᠬᠠᠮᠠᠭᠠᠯᠠᠭᠰᠠᠨ ᠡᠳᠦᠷ ᠲᠤᠳᠤᠮ᠎ᠤᠨ ᠠᠵᠢᠯ ᠵᠢᠡᠨ ᠬᠤᠪᠢᠶᠠᠯᠴᠠᠵᠤ᠂ ᠬᠦᠴᠢᠷ ᠪᠡᠷᠬᠡᠰᠢᠶᠡᠯ᠎ᠢ᠋ ᠢᠯᠠᠨ ᠲᠠᠪᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠭ᠍ᠰᠠᠨ ᠦᠨᠡᠨ ᠪᠣᠳᠠᠲᠠᠢ ᠥᠩᠭᠡᠷᠡᠯᠲᠡ ᠬᠥᠮᠥᠰ᠎ᠦᠨ ᠰᠡᠳᠬᠢᠯ᠎ᠢ ᠬᠦᠨ ᠳᠣᠭᠳᠣᠯᠤᠭᠤᠯᠵᠠᠢ᠃ ᠤᠯᠠᠨ ᠵᠢᠡᠷ ᠵᠢᠡᠨ ᠬᠢᠯᠢ ᠬᠢᠵᠠᠭᠠᠷ᠎ᠢ ᠬᠠᠮᠠᠭᠠᠯᠠᠬᠤ ᠳᠠᠷᠤᠭ᠎ᠠ ᠪᠠᠢᠯᠳᠤᠭ᠍ᠴᠢᠳ᠎ᠤᠨ ᠦᠨᠡᠨᠴᠢ ᠰᠢᠳᠤᠷᠭᠤ᠎ᠪᠠᠷ ᠬᠠᠷᠢᠭᠤᠴᠠᠯᠭ᠎ᠠ ᠡᠭᠦᠷᠭᠡᠯᠡᠬᠦ᠂ ᠬᠠᠷᠠᠮ ᠦᠭᠡᠢ ᠵᠣᠷᠢᠭᠤᠯᠬᠤ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠠᠨᠠᠭᠠᠴᠢᠯᠠᠭ᠎ᠠ ᠡᠴᠨ ᠪᠠᠨ ᠰᠤᠷᠤᠯᠴᠠᠵᠦ᠂ ᠠᠵᠢᠯ ᠭᠢᠵᠤ ᠭᠠᠪᠢᠶ᠎ᠠ ᠪᠠᠢᠭᠤᠯᠬᠤ ᠬᠦᠳᠡᠯᠭᠡᠭᠦ ᠬᠦᠴᠦᠨ ᠪᠤᠯᠭᠠᠨ᠎ᠠ ᠭᠡᠵᠦ ᠢᠯᠡᠳᠬᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号