ᠣᠢᠷ᠎ᠠ ᠳ᠋ᠤ᠂ ᠲᠦᠩᠯᠢᠶᠣᠣ ᠬᠣᠲᠠ ᠵᠢᠨ ᠵᠠᠷᠤᠳ ᠬᠣᠰᠢᠭᠤᠨ ᠤ᠋ ᠬᠠᠨ ᠠᠭᠤᠯᠠ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠬᠢᠨ ᠬᠡᠭᠡᠷ᠎ᠡ ᠵᠢᠨ ᠠᠮᠢᠲᠠᠨ ᠤᠷᠭᠤᠮᠠᠯᠢ ᠬᠢᠨᠠᠨ ᠬᠡᠮᠵᠢᠵᠦ ᠲᠣᠭᠣᠷᠢᠨ ᠪᠠᠢᠴᠠᠭᠠᠬᠤ ᠠᠵᠢᠯ ᠳᠤᠮᠳᠠ ᠤᠯᠤᠰ ᠤ᠋ᠨ ᠬᠣᠶᠠᠳᠤᠭᠠᠷ ᠳᠡᠰ ᠤ᠋ᠨ ᠬᠠᠮᠠᠭᠠᠯᠠᠯᠲᠠ ᠵᠢᠨ ᠤᠷᠭᠤᠮᠠᠯ᠂ ᠮᠥᠬᠥᠬᠦ ᠰᠢᠬᠠᠭᠰᠠᠨ ᠳᠦᠷᠰᠦ ᠪᠣᠯᠬᠤ ᠲᠣᠮᠣ᠌ ᠴᠡᠴᠡᠭᠲᠤ ᠴᠠᠬᠢᠷᠮ᠎ᠠ ᠵᠢ ᠢᠯᠡᠷᠡᠭᠦᠯᠪᠡ᠃ ᠡᠨᠡ ᠨᠢ ᠮᠥᠨ ᠴᠦ᠍ ᠲᠤᠰ ᠬᠠᠮᠠᠭᠠᠯᠠᠯᠲᠠ ᠵᠢᠨ ᠣᠷᠣᠨ ᠤ᠋ ᠭᠤᠷᠪᠠᠨ ᠵᠢᠯ ᠳᠠᠷᠠᠭᠠᠯᠠᠨ ᠬᠢᠨᠠᠨ ᠬᠡᠮᠵᠢᠵᠦ ᠣᠯᠣᠭᠰᠠᠨ ᠶᠡᠬᠡ ᠬᠡᠪᠴᠢᠶ᠎ᠡ ᠲᠠᠢ ᠵᠡᠷᠯᠢᠭ ᠲᠣᠮᠣ᠌ ᠴᠡᠴᠡᠭᠲᠤ ᠴᠠᠬᠢᠷᠮ᠎ᠠ ᠵᠢᠨ ᠳᠦᠷᠰᠦ ᠵᠢᠨ ᠰᠦᠷᠦᠭ ᠲᠣᠭᠲᠠᠭᠤᠨ ᠵᠢᠡᠷ ᠤᠷᠭᠤᠵᠤ᠂ ᠲᠣᠭᠲᠠᠭᠰᠠᠨ ᠴᠠᠭ ᠲᠠᠭᠠᠨ ᠴᠡᠴᠡᠭᠯᠡᠭᠰᠡᠨ ᠦᠵᠡᠭᠳᠡᠯ ᠪᠣᠯᠣᠨ᠎ᠠ᠃
ᠵᠡᠷᠯᠢᠭ ᠲᠣᠮᠣ᠌ ᠴᠡᠴᠡᠭᠲᠤ ᠴᠠᠬᠢᠷᠮ᠎ᠠ ᠵᠢᠨ ᠶᠡᠬᠡ ᠬᠡᠪᠴᠢᠶ᠎ᠡ ᠲᠠᠢ ᠲᠣᠭᠲᠠᠭᠤᠨ ᠵᠢᠡᠷ ᠤᠷᠭᠤᠭᠰᠠᠨ ᠶᠠᠪᠤᠳᠠᠯ ᠨᠢ ᠳᠡᠭᠡ ᠵᠢᠨ ᠬᠠᠨ ᠠᠭᠤᠯᠠ ᠵᠢᠨ ᠠᠮᠢ ᠠᠬᠤᠢ ᠵᠢᠨ ᠰᠢᠰᠲᠧᠮ ᠤ᠋ᠨ ᠪᠦᠷᠢᠨ ᠪᠦᠲᠦᠨ ᠴᠢᠨᠠᠷ᠂ ᠲᠣᠭᠲᠠᠪᠤᠷᠢᠲᠤ ᠴᠢᠨᠠᠷ ᠤ᠋ᠨ ᠦᠷᠭᠦᠯᠵᠢᠯᠡᠨ ᠰᠠᠢᠵᠢᠷᠠᠭᠰᠠᠨᠤ ᠭᠡᠷᠡᠴᠢᠯᠡᠯ ᠪᠤᠯᠤᠨ᠎ᠠ᠃ ᠠᠮᠢ ᠠᠬᠤᠢ ᠵᠢ ᠬᠠᠮᠢᠶᠠᠷᠴᠤ ᠬᠠᠮᠠᠭᠠᠯᠠᠬᠤ᠂ ᠣᠷᠣᠰᠢᠨ ᠠᠮᠢᠳᠤᠷᠠᠬᠤ ᠭᠠᠵᠠᠷ ᠢ᠋ ᠰᠡᠷᠭᠦᠭᠡᠬᠦ᠂ ᠴᠢᠩᠭ᠎ᠠ ᠪᠢᠲᠡᠭᠦᠮᠵᠢᠯᠡᠨ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠳ᠋ᠦ ᠲᠦᠰᠢᠭᠯᠡᠨ᠂ ᠬᠠᠮᠠᠭᠠᠯᠠᠯᠲᠠ ᠵᠢᠨ ᠣᠷᠣᠨ ᠤ᠋ ᠬᠣᠪᠣᠷ ᠴᠤᠬᠠᠭ ᠬᠡᠭᠡᠷ᠎ᠡ ᠵᠢᠨ ᠠᠮᠢᠳᠠᠨ ᠤᠷᠭᠤᠮᠠᠯ ᠤ᠋ᠨ ᠣᠷᠣᠰᠢᠨ ᠠᠮᠢᠳᠤᠷᠠᠬᠤ ᠣᠷᠴᠢᠨ ᠨᠦᠬᠦᠴᠡᠯ ᠦᠷᠭᠦᠯᠵᠢᠯᠡᠨ ᠰᠠᠢᠵᠢᠷᠠᠵᠤ᠂ ᠤᠳᠤᠬᠠᠨ ᠳ᠋ᠤ 663 ᠵᠦᠢᠯ ᠤ᠋ᠨ ᠤᠷᠭᠤᠮᠠᠯ᠂ 160 ᠵᠦᠢᠯ ᠤ᠋ᠨ ᠬᠡᠭᠡᠷ᠎ᠡ ᠵᠢᠨ ᠠᠮᠢᠲᠠᠨ ᠪᠤᠢ᠂ ᠡᠭᠦᠨ ᠳ᠋ᠦ ᠤᠯᠤᠰ ᠤ᠋ᠨ ᠲᠠᠰ ᠤ᠋ᠨ ᠭᠣᠣᠯᠳᠠᠯᠭ᠎ᠠ ᠲᠠᠢ ᠬᠠᠮᠠᠭᠠᠯᠠᠯᠲᠠ ᠵᠢᠨ 30 ᠭᠠᠷᠤᠢ ᠵᠦᠢᠯ ᠤ᠋ᠨ ᠠᠮᠢᠲᠠᠨ ᠤᠷᠭᠤᠮᠠᠯ ᠪᠣᠶ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号