ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ 117 ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠢ ᠪᠠᠢᠭᠤᠯᠵᠠᠢ
2026-08-04 11:54:23
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠲᠦᠷᠦᠭᠦᠬᠡᠨ ᠬᠥᠬᠡᠡᠡᠣᠲᠠ᠎ᠳᠤ ᠬᠤᠷᠠᠯᠳᠤᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠎ᠦᠨ ᠶᠢᠰᠦᠳᠦᠭᠡᠷ ᠬᠤᠭᠤᠴᠠᠭᠠᠨ᠎ᠤ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠡᠴᠡ ᠣᠢᠯᠠᠭᠠᠭᠰᠠᠨ᠎ᠢᠶᠠᠷ᠂ᠡᠨᠡ ᠵᠢᠯ᠎ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠎ᠦᠨ ᠡᠯ᠎ᠡ ᠵᠦᠢᠯ᠎ᠦᠨ ᠭᠣᠣᠯᠳᠠᠯᠭ᠎ᠠ᠎ᠲᠠᠢ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠥᠬᠥ᠌ ᠣᠷᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠎ᠦᠨ ᠦᠢᠯᠡᠰ᠎ᠰᠢᠨ᠎ᠡ ᠳᠡᠭ᠌ᠲᠡᠷ᠎ᠲᠦ᠍ ᠭᠠᠷᠴᠠᠢ᠃

ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ ᠰᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ ᠲᠣᠮᠣ ᠬᠡᠯᠪᠡᠷᠢ᠎ᠶᠢᠨ ᠪᠤᠳᠠᠳᠤ ᠦᠵᠡᠭ᠌ᠳᠡᠯᠲᠦ᠍ ᠳᠠᠭᠤᠤ ᠬᠥᠭ᠌ᠵᠢᠮᠲᠦ᠍ ᠵᠦᠴᠦᠭᠡ 《ᠨᠢᠷᠤᠭᠤ ᠲᠤᠯᠭᠠᠭᠤᠷᠢ》 ᠵᠢ 7 ᠠᠢᠮᠠᠭ ᠬᠤᠳᠠ᠎ᠳᠤ  ᠨᠡᠢᠳᠡ 23 ᠲᠠᠯᠠᠪᠤᠷ ᠲᠣᠭᠣᠷᠢᠨ ᠲᠤᠭᠯᠠᠵᠤ᠂ ᠲᠤᠬᠠᠢ᠎ᠶᠢᠨ ᠲᠠᠯᠠᠪᠠᠢ᠎ᠳᠤ 1.5 ᠲᠦᠮᠡᠨ ᠬᠥᠮᠥᠨ ᠤᠳᠠᠭ᠎ᠠ ᠲᠣᠭᠯᠠᠯᠲᠠ᠎ᠶᠢ ᠰᠣᠨᠢᠷᠬᠠᠵᠤ᠂ ᠰᠦᠯᠵᠢᠶᠡᠨ ᠳᠡᠭᠡᠷ᠎ᠡ 41 ᠲᠦᠮᠡᠨ ᠬᠥᠮᠥᠨ ᠤᠳᠠᠭ᠎ᠠ᠎ᠰᠤᠨᠢᠷᠬᠠᠨ ᠦᠵᠡᠵᠠᠢ᠃ 《ᠰᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠳᠤᠮᠳᠠᠳᠤ ᠤᠯᠤᠰ》 ᠤ᠋ᠨ ᠥᠪᠥᠷ ᠮᠣᠩᠭᠣᠯ᠎ᠤᠨ ᠬᠠᠮᠵᠢᠯᠴᠠᠨ ᠰᠢᠨ᠎ᠡ᠎ᠶᠢ ᠡᠭᠦᠳᠬᠦ᠌ ᠶᠡᠷᠦᠩᠬᠡᠢ ᠬᠡᠯᠲᠡᠰ᠎ᠦᠨ ᠡᠵᠡᠩᠨᠡᠯᠲᠡ᠎ᠶᠢᠨ ᠲᠣᠭᠲᠠᠴᠠ᠎ᠶᠢ ᠰᠢᠯᠢᠳᠡᠭ᠌ᠵᠢᠭᠦᠯᠵᠦ᠍᠂ ᠬᠥᠮᠥᠷᠭᠡ᠎ᠳᠦ ᠣᠷᠤᠭᠤᠯᠤᠬᠰᠠᠨ ᠮᠡᠷᠭᠡᠵᠢᠯ᠎ᠦᠨ ᠳᠠᠭᠠᠭᠠᠮᠠᠯ 350 ᠬᠥᠮᠥᠨ ᠰᠢᠨ᠎ᠡ᠎ᠪᠡᠷ ᠨᠡᠮᠡᠭ᠌ᠳᠡᠪᠡ;ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠮᠡᠷᠭᠡᠵᠢᠯ᠎ᠦᠨ ᠳᠠᠭᠠᠭᠠᠮᠠᠯ᠎ᠤᠨ ᠬᠣᠯᠪᠣᠭ᠎ᠠ᠎ᠶᠢ ᠪᠠᠢᠭᠤᠯᠵᠤ᠂102 ᠠᠵᠤ ᠠᠬᠤᠢᠯᠠᠯ᠎ᠤᠨ ᠳ᠋ᠣᠺᠲ᠋ᠣᠷ᠎ᠤᠨ ᠰᠢᠨ᠎ᠡ᠎ᠶᠢ ᠡᠭᠦᠳᠬᠦ᠌ ᠥᠷᠲᠡᠭᠡ᠎ᠶᠢ ᠦᠨᠡᠯᠡᠨ ᠲᠣᠭᠲᠠᠭᠠᠪᠠ;5 ᠬᠣᠰᠢᠭᠤ ᠰᠢᠶᠠᠨ᠎ᠢ ᠳᠡᠮᠵᠢᠵᠦ᠍ ᠳᠤᠮᠳᠠᠳᠤ ᠤᠯᠤᠰ᠎ᠤᠨ ᠲᠠᠷᠢᠶᠠᠯᠠᠩ᠎ᠤᠨ ᠮᠡᠷᠭᠡᠵᠢᠯ᠎ᠦᠨ ᠨᠡᠢᠭᠡᠮᠯᠢᠭ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠥᠳᠡᠭᠡ ᠲᠣᠰᠬᠣᠨ᠎ᠢ ᠬᠥᠭ᠌ᠵᠢᠭᠦᠯᠦᠨ ᠮᠠᠨᠳᠤᠭᠤᠯᠬᠤ ᠲᠥᠷᠥᠯ ᠵᠦᠢᠯ᠎ᠳᠦ ᠠᠮᠵᠢᠯᠲᠠ ᠲᠠᠢ ᠪᠡᠷ ᠰᠣᠩᠭᠣᠭᠳᠠᠪᠠ;ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠰᠢᠨ᠎ᠡ᠎ᠶᠢ ᠡᠭᠦᠳᠦᠭᠰᠡᠨ ᠲᠡᠷᠢᠭᠦᠨ᠎ᠦ ᠱᠠᠩᠨᠠᠯ᠎ᠢ ᠰᠢᠯᠢᠨ ᠰᠣᠩᠭᠣᠬᠤ ᠠᠵᠢᠯ᠎ᠢ ᠥᠷᠨᠢᠭᠦᠯᠵᠦ᠍᠂2 ᠬᠥᠮᠥᠨ  ᠪᠥᠬᠥ᠌ ᠤᠯᠤᠰ᠎ᠤᠨ ᠰᠢᠨ᠎ᠡ᠎ᠶᠢ ᠡᠭᠦᠳᠦᠭᠰᠡᠨ ᠲᠡᠷᠢᠭᠦᠨ᠎ᠦ ᠱᠠᠩᠨᠠᠯ᠎ᠢ ᠭᠥᠷᠳᠡᠪᠡ;4  ᠬᠣᠰᠢᠭᠤ ᠰᠢᠶᠠᠨ᠎ᠳᠤ  ᠵᠢᠱ᠌ᠢᠶ᠎ᠡ ᠦᠵᠡᠭᠦᠯᠬᠦ᠌ ᠴᠢᠨᠠᠷᠲᠠᠢ ᠰᠢᠶᠠᠨ᠎ᠤ ᠲᠠᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ ᠪᠠᠢ᠌ᠭᠤᠯᠬᠤ᠎ᠶᠢ ᠳᠡᠮᠵᠢᠪᠠ;5456 ᠲᠦᠮᠡᠨ ᠲᠥᠭᠥᠷᠢᠭ᠎ᠦᠨ ᠪᠡᠯᠡ ᠮᠥᠩᠭᠥ᠌ ᠪᠠᠭᠤᠯᠭᠠᠵᠤ ᠪᠥᠬᠥ᠌ ᠣᠷᠣᠨ᠎ᠤ 63 ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠢ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠬᠦ᠌᠎ᠶᠢ ᠳᠡᠮᠵᠢᠪᠡ; ᠤᠯᠤᠰ᠎ᠤᠨ ᠲᠠᠰ᠎ᠤᠨ ᠬᠥᠳᠡᠭᠡ ᠲᠣᠰᠬᠣᠨ᠎ᠢ ᠬᠥᠭ᠌ᠵᠢᠭᠦᠯᠦᠨ ᠮᠠᠨᠳᠤᠭᠤᠯᠬᠤ᠎ᠶᠢ ᠬᠠᠪᠰᠤᠷᠤᠨ ᠲᠡᠳᠬᠦᠬᠦ᠌ ᠳᠥᠷᠪᠡᠨ ᠬᠣᠰᠢᠭᠤ ᠰᠢᠶᠠᠨ᠎ᠢ ᠲᠠᠨᠢᠯᠴᠠᠭᠤᠯᠵᠤ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠲᠥᠷᠥᠯ ᠵᠦᠢᠯ᠎ᠦᠨ ᠳᠡᠮᠵᠢᠯᠭᠡ᠎ᠶᠢ ᠣᠯᠪᠠ;ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠳᠣᠨ ᠨᠢ ᠨᠡᠢ᠌ᠲᠡ 41.4 ᠲᠦᠮᠡᠨ ᠬᠥᠮᠥᠨ ᠤᠳᠠᠭ᠎ᠠ ᠲᠤᠭᠤᠷᠢᠨ ᠦᠵᠡᠭ᠌ᠴᠢᠳ᠎ᠢ ᠭᠥᠯᠢᠶᠡᠨ ᠠᠪᠤᠪᠠ;ᠪᠥᠬᠥ᠌ ᠣᠷᠣᠨ᠎ᠤ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠠᠮ ᠲᠡᠷᠭᠡ ᠨᠢ ᠨᠡᠢ᠌ᠲᠡ 8.02 ᠲᠦᠮᠡᠨ ᠺᠢᠯᠣᠮᠧᠲᠷ᠎ᠵᠠᠮ ᠠᠶᠠᠯᠠᠵᠤ᠂ ᠨᠡᠢ᠌ᠲᠡ 54.48 ᠲᠦᠮᠡᠨ ᠬᠥᠮᠥᠨ ᠤᠳᠠᠭ᠎ᠠ ᠳ᠋ᠤ ᠦᠢᠯᠡᠴᠢᠯᠡᠪᠡ᠃

ᠣᠢᠷ᠎ᠠ᠎ᠶᠢᠨ ᠵᠢᠯ᠎ᠳᠦ ᠥᠪᠥᠷ ᠮᠣᠩᠭᠣᠯ 《ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠪᠧᠨ ᠲᠧᠩ ᠣᠶᠤᠨ᠎ᠤ ᠬᠥᠮᠥᠷᠭᠡ᠎ᠶᠢᠨ ᠬᠠᠮᠢᠶᠠᠷᠤᠯᠲᠠ᠎ᠶᠢᠨ ᠠᠷᠭ᠎ᠠ》 ᠵᠢ ᠲᠣᠭᠲᠠᠭᠠᠵᠤ᠂ 《ᠪᠧᠨ ᠲᠧᠩ ᠣᠶᠤᠨ᠎ᠤ ᠬᠥᠮᠥᠷᠭᠡ》 ᠭᠡᠬᠦ ᠲᠤᠰᠬᠠᠢ ᠪᠤᠯᠤᠩ  ᠭᠠᠷᠭᠠᠨ᠂ 6 ᠰᠠᠷ᠎ᠠ᠎ᠶᠢᠨ 30 ᠤ᠋ ᠡᠳᠦᠷ ᠪᠣᠯᠲᠠᠯ᠎ᠠ 226 ᠤᠯᠤᠰ᠎ᠤᠨ ᠲᠠᠰ᠎ᠤᠨ ᠰᠢᠨᠵᠢᠯᠡᠭᠡᠨ᠎ᠦ ᠨᠡᠢᠭᠡᠮᠯᠢᠭ᠎ᠢ ᠬᠣᠯᠪᠣᠵᠤ᠂ ᠨᠡᠢ᠌ᠲᠡ 600 ᠭᠠᠷᠤᠢ ᠲᠤᠰᠬᠠᠢ ᠮᠡᠷᠭᠡᠵᠢᠯᠲᠡᠨ᠎ᠤ ᠰᠤᠳᠤᠯᠭᠠᠨ᠎ᠤ ᠪᠦᠯᠬᠦᠮ ᠪᠠᠢᠭᠤᠯᠬᠤ ᠵᠢ ᠠᠬᠢᠭᠤᠯᠵᠤ᠂ ᠨᠡᠢ᠌ᠲᠡ 117 ᠰᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠪᠠᠢᠭᠤᠯᠵᠤ᠂ ᠪᠥᠬᠥ᠌ ᠤᠯᠤᠰ᠎ᠦᠨ ᠵᠢᠷᠭᠤᠳᠤᠭᠠᠷ᠎ᠲᠤ᠌ ᠣᠷᠣᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号