ᠡᠨᠡ ᠬᠦ᠌ ᠪᠠᠭ᠎ᠠ ᠰᠤᠷᠭᠠᠭᠤᠯᠢ᠎ᠶᠢᠨ ᠡᠮᠡᠭᠲᠡᠢ᠎ᠶᠢᠨ ᠬᠥᠯ ᠪᠥᠮᠪᠥᠭᠡ᠎ᠶᠢᠨ ᠠᠩᠭᠢ ᠮᠠᠩᠯᠠᠢᠯᠠᠪᠠ
2026-08-04 15:39:46
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2026 ᠣᠨ᠎ᠤ ᠤᠮᠠᠷᠠᠲᠤ᠎ᠶᠢᠨ ᠲᠠᠪᠤᠨ ᠮᠤᠵᠢ ᠬᠤᠳᠠ᠎ᠶᠢᠨ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ᠎ᠶᠢᠨ ᠰᠤᠷᠭᠠᠭᠤᠯᠢ ᠵᠢᠨ ᠬᠦᠷᠢᠶᠡᠨ᠎ᠦ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ ᠲᠦᠷᠦᠭᠦᠬᠡᠨ ᠾᠸᠪᠸᠢ ᠮᠤᠵᠢ᠎ᠶᠢᠨ ᠴᠢᠭᠤᠯᠤᠯᠲᠤ ᠬᠠᠭᠠᠯᠭ᠎ᠠ ᠬᠤᠳᠠ᠎ᠶᠢᠨ ᠺᠠᠩ ᠪᠦᠦ ᠰᠢᠶᠠᠨ᠎ᠳᠤ ᠲᠡᠭᠦᠰ ᠠᠮᠵᠢᠯᠲᠠ ᠎ᠲᠠᠢ ᠥᠨᠳᠥᠷᠯᠡᠪᠡ᠃ ᠪᠠᠶᠠᠨᠨᠠᠭᠤᠷ ᠬᠤᠳᠠ᠎ᠶᠢᠨ ᠯᠢᠨᠾᠧ ᠲᠣᠭᠣᠷᠢᠭ᠋᠎ᠤᠨ ᠲᠠᠪᠤᠳᠤᠭᠠᠷ ᠪᠠᠭ᠎ᠠ ᠰᠤᠷᠭᠠᠭᠤᠯᠢ᠎ᠶᠢᠨ ᠡᠮᠡᠭᠲᠡᠢᠴᠦᠳ᠎ᠦᠨ ᠬᠥᠯ ᠪᠥᠮᠪᠥᠭᠡ᠎ᠶᠢᠨ ᠠᠩᠭᠢ ᠤᠷᠤᠯᠳᠤᠭᠠᠨ᠎ᠳᠤ ᠮᠠᠩᠯᠠᠢᠯᠠᠪᠠ᠃


QQ截图20260804154702.png


ᠣᠢᠯᠠᠭᠠᠭᠰᠠᠨ᠎ᠢᠶᠠᠷ᠂ ᠲᠣᠰ ᠤᠳᠠᠭᠠᠨ᠎ᠤ ᠤᠷᠤᠯᠳᠤᠭᠠᠨ ᠪᠣᠯ ᠤᠮᠠᠷᠠᠲᠤ ᠣᠷᠣᠨ᠎ᠤ ᠲᠠᠪᠤᠨ ᠮᠤᠵᠢ  (ᠣᠷᠣᠨ᠂ ᠬᠣᠲᠠ) (ᠾᠧᠪᠧᠢ ᠮᠤᠵᠢ᠂ ᠪᠡᠭᠡᠵᠢᠩ ᠬᠣᠲᠠ᠂ ᠲᠢᠶᠠᠨᠵᠢᠨ ᠬᠣᠲᠠ᠂ ᠱᠠᠨ ᠰᠢ ᠮᠤᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ) ᠵᠢᠨ ᠰᠤᠷᠭᠠᠨ ᠬᠥᠮᠦᠵᠢᠯ᠎ᠦᠨ ᠲᠢᠩᠬᠢᠮ᠎ᠦᠨ ᠬᠦᠴᠦ ᠤᠷᠤᠭᠤᠯᠤᠨ ᠵᠤᠬᠢᠶᠠᠨ ᠪᠠᠢᠭᠤᠯᠤᠭᠰᠠᠨ ᠤᠷᠤᠯᠳᠤᠭᠠᠨ ᠪᠣᠯᠣᠨ᠎ᠠ᠃ ᠠᠵᠢᠯᠯᠠᠭ᠎ᠠ᠎ᠳᠤ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠡᠷᠡᠭᠲᠡᠢ᠎ᠶᠢᠨ ᠳᠤᠭᠤᠢᠯᠠᠩ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠡᠮᠡᠭᠲᠡᠢ᠎ᠶᠢᠨ ᠳᠤᠭᠤᠢᠯᠠᠩ᠂ ᠪᠠᠭ᠎ᠠ ᠰᠤᠷᠭᠠᠭᠤᠯᠢ᠎ᠶᠢᠨ ᠡᠷᠡᠭᠲᠡᠢ᠎ᠶᠢᠨ ᠳᠤᠭᠤᠢᠯᠠᠩ᠂ ᠪᠠᠭ᠎ᠠ ᠰᠤᠷᠭᠠᠭᠤᠯᠢ᠎ᠶᠢᠨ ᠡᠮᠡᠭᠲᠡᠢ᠎ᠶᠢᠨ ᠳᠤᠭᠤᠢᠯᠠᠩ ᠵᠡᠷᠭᠡ ᠳᠥᠷᠪᠡᠨ ᠤᠷᠤᠯᠳᠤᠭᠠᠨ᠎ᠤ ᠳᠤᠭᠤᠢᠯᠠᠩ ᠲᠣᠬᠢᠷᠠᠭᠤᠯᠪᠠ᠃ ᠥᠪᠥᠷ ᠮᠣᠩᠭᠣᠯ᠎ᠢ ᠲᠥᠯᠥᠭᠡᠯᠡᠨ ᠠᠩᠬ᠎ᠠ ᠤᠳᠠᠭ᠎ᠠ ᠤᠷᠤᠯᠳᠤᠭᠠᠨ ᠳ᠋ᠤ ᠤᠷᠤᠯᠴᠠᠬᠤ ᠪᠡᠷ ᠮᠣᠷᠳᠠᠭᠰᠠᠨ ᠯᠢᠨᠾᠧ ᠲᠣᠭᠣᠷᠢᠭ᠋᠎ᠤᠨ ᠲᠠᠪᠤᠳᠤᠭᠠᠷ ᠪᠠᠭ᠎ᠠ ᠰᠤᠷᠭᠠᠭᠤᠯᠢ᠎ᠶᠢᠨ ᠡᠮᠡᠭᠲᠡᠢ᠎ᠶᠢᠨ ᠬᠥᠯ ᠪᠥᠮᠪᠥᠭᠡ᠎ᠶᠢᠨ ᠠᠩᠭᠢ ᠳᠠᠰᠬᠠᠯᠵᠢᠭᠤᠯᠤᠭ᠍ᠴᠢ ᠯᠢᠦ ᠶᠠᠩ᠎ᠤᠨ ᠳᠠᠭᠠᠭᠤᠯᠭ᠎ᠠ ᠳᠣᠣᠷ᠎ᠠ ᠪᠠᠭ᠎ᠠ ᠰᠤᠷᠭᠠᠭᠤᠯᠢ᠎ᠶᠢᠨ ᠡᠮᠡᠭᠲᠡᠢ᠎ᠶᠢᠨ ᠳᠤᠭᠤᠢᠯᠠᠩ᠎ᠤᠨ ᠮᠠᠩᠯᠠᠢ᠎ᠳᠤ ᠰᠢᠯᠭᠠᠷᠠᠵᠠᠢ᠃


QQ截图20260804154723.png


QQ截图20260804154740.png

 

ᠢᠷᠡᠯᠲᠡ᠄ ᠠᠯᠠᠭᠠᠨ ᠳᠡᠭᠡᠷᠡᠬᠢ ᠪᠠᠶᠠᠨᠨᠠᠭᠤᠷ ᠵᠢᠷᠬᠢᠶ᠎ᠡ ᠵᠢᠨ ᠲᠠᠪᠴᠠᠩ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号