ᠭᠠᠵᠠᠷ ᠰᠢᠨᠵᠢᠯᠡᠭᠡᠨ᠎ᠤ ᠭᠠᠮᠰᠢᠭ᠎ᠤᠨ ᠴᠠᠭ ᠠᠭᠤᠷ᠎ᠤᠨ ᠤᠷᠢᠳᠴᠢᠯᠠᠭᠰᠠᠨ ᠰᠡᠷᠡᠮᠵᠢᠯᠡᠭᠦᠯᠦᠯ
2026-08-04 15:55:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠷᠢᠳᠴᠢᠯᠠᠨ ᠰᠡᠷᠡᠮᠵᠢᠯᠡᠭᠦᠯᠬᠦ ᠴᠠᠭ᠄ 2026 ᠣᠨ᠎ᠤ᠋ 8 ᠰᠠᠷ᠎ᠠ᠎ᠶ᠋ᠢᠨ 3 ᠤ᠋ ᠡᠳᠦᠷ᠎ᠦ᠋ᠨ 20 ᠴᠠᠭ᠎ᠠ᠋ᠴᠠ 2026 ᠣᠨ᠎ᠤ᠋ 8 ᠰᠠᠷ᠎ᠠ᠎ᠶ᠋ᠢᠨ 4 ᠦ᠌ ᠡᠳᠦᠷ᠎ᠦ᠋ᠨ 20 ᠴᠠᠭ ᠪᠣᠯᠲᠠᠯ᠎ᠠ

ᠥᠪᠥᠷ ᠮᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠤ᠋ ᠪᠠᠢᠭᠠᠯᠢ᠎ᠶ᠋ᠢᠨ ᠡᠬᠢ ᠪᠠᠶᠠᠯᠢᠭ᠎ᠤ᠋ᠨ ᠲᠢᠩᠬᠢᠮ ᠪᠣᠯᠤᠨ ᠥᠪᠥᠷ ᠮᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠤ᠋ ᠴᠠᠭ ᠠᠭᠤᠷ᠎ᠤ᠋ᠨ ᠲᠣᠪᠴᠢᠶ᠎ᠠ ᠬᠠᠮᠲᠤᠷᠠᠨ ᠭᠠᠵᠠᠷ ᠰᠢᠨᠵᠢᠯᠡᠭᠡᠨ᠎ᠤ ᠭᠠᠮᠰᠢᠭ᠎ᠤ᠋ᠨ ᠲᠦᠭᠰᠢᠭᠦᠷᠢ᠎ᠶ᠋ᠢᠨ ᠰᠡᠷᠡᠮᠵᠢ ᠵᠢᠨ ᠳᠣᠬᠢᠶ᠎ᠠ ᠨᠡᠢᠲᠡᠯᠡᠪᠡ᠄

ᠵᠢᠱ᠌ᠢᠯᠲᠡ᠎ᠪᠡᠷ ᠡᠨᠡ ᠣᠷᠣᠢ ᠡᠴᠡ ᠮᠠᠷᠭᠠᠰᠢ ᠪᠣᠯᠲᠠᠯ᠎ᠠ᠄

1 ᠳ᠋ᠤᠭᠡᠷ ᠳᠡᠰ᠎ᠦ᠋ᠨ ᠤᠯᠠᠭᠠᠨ ᠥᠩᠭᠡ ᠵᠢᠨ ᠰᠡᠷᠡᠮᠵᠢ᠎ᠶ᠋ᠢᠨ ᠳᠣᠬᠢᠶ᠎ᠠ᠄ ᠪᠠᠢᠬᠤ ᠦᠭᠡᠢ

2 ᠳ᠋ᠤᠭᠠᠷ ᠳᠡᠰ᠎ᠦ᠋ᠨ ᠤᠯᠠᠪᠤᠷ ᠥᠩᠭᠡ᠎ᠶ᠋ᠢᠨ ᠰᠡᠷᠡᠮᠵᠢ᠎ᠶ᠋ᠢᠨ ᠳᠣᠬᠢᠶ᠎ᠠ᠄ ᠪᠠᠢᠬᠤ ᠦᠭᠡᠢ

3 ᠳ᠋ᠤᠭᠠᠷ ᠳᠡᠰ᠎ᠦ᠋ᠨ ᠰᠢᠷ᠎ᠠ ᠥᠩᠭᠡ᠎ᠶ᠋ᠢᠨ ᠰᠡᠷᠡᠮᠵᠢ᠎ᠶ᠋ᠢᠨ ᠳᠣᠬᠢᠶ᠎ᠠ᠄

ᠤᠯᠠᠭᠠᠨᠬᠠᠳᠠ ᠬᠤᠲᠠ᠄  ᠠᠷᠤ ᠬᠣᠷᠴᠢᠨ ᠬᠣᠰᠢᠭᠤ᠃

ᠳᠡᠭᠡᠷᠡᠬᠢ ᠭᠠᠵᠠᠷ ᠣᠷᠣᠨ᠎ᠳ᠋ᠤ᠌ ᠨᠤᠷᠠᠵᠤ ᠶᠡᠭᠦᠷᠡᠬᠦ᠂ ᠠᠭᠤᠯᠠ ᠨᠤᠷᠠᠬᠤ᠂ ᠰᠢᠪᠠᠷ ᠴᠢᠯᠠᠭᠤᠨ᠎ᠤ᠋ ᠤᠷᠤᠰᠬᠠᠯ ᠭᠠᠷᠬᠤ ᠵᠡᠷᠭᠡ ᠭᠠᠵᠠᠷ ᠰᠢᠨᠵᠢᠯᠡᠭᠡᠨ᠎ᠤ ᠭᠠᠮᠰᠢᠭ ᠡᠭᠦᠰᠬᠦ ᠲᠦᠭᠰᠢᠭᠦᠷᠢᠲᠦ ᠴᠢᠨᠠᠷ ᠨᠢ ᠨᠡᠯᠢᠶᠡᠳ ᠥᠨᠳᠥᠷ᠃

4 ᠳ᠋ᠤᠭᠡᠷ ᠳᠡᠰ᠎ᠦ᠋ᠨ ᠬᠥᠬᠡ ᠥᠩᠭᠡ᠎ᠶ᠋ᠢᠨ ᠰᠡᠷᠡᠮᠵᠢ᠎ᠶ᠋ᠢᠨ ᠳᠣᠬᠢᠶ᠎ᠠ᠄

ᠬᠢᠩᠭᠠᠨ ᠠᠢᠮᠠᠭ᠄ ᠷᠠᠰᠢᠶᠠᠨ ᠬᠣᠲᠠ᠃

ᠤᠯᠠᠭᠠᠨᠬᠠᠳᠠ ᠬᠣᠲᠠ᠄ ᠰᠦᠩᠱᠠᠨ ᠲᠤᠭᠤᠷᠢᠭ᠂ ᠣᠩᠨᠢᠭᠤᠳ ᠬᠣᠰᠢᠭᠤ᠃

ᠤᠯᠠᠭᠠᠨᠴᠠᠪ ᠬᠣᠲᠠ᠄ ᠹᠧᠩᠵᠧᠨ ᠬᠣᠲᠠ᠂ ᠰᠢᠩᠾᠧ ᠰᠢᠶᠠᠨ ᠃

ᠬᠥᠯᠥᠨ ᠪᠤᠢᠷ ᠬᠣᠲᠠ᠄ ᠵᠠᠯᠠᠨ ᠠᠢᠯ ᠬᠣᠲᠠ᠃

ᠳᠡᠭᠡᠷᠡᠬᠢ ᠭᠠᠵᠠᠷ ᠣᠷᠣᠨ᠎ᠳ᠋ᠤ᠌ ᠨᠤᠷᠠᠵᠤ ᠶᠡᠭᠦᠷᠡᠬᠦ᠂ ᠠᠭᠤᠯᠠ ᠨᠤᠷᠠᠬᠤ᠂ ᠰᠢᠪᠠᠷ ᠴᠢᠯᠠᠭᠤᠨ᠎ᠤ᠋ ᠤᠷᠤᠰᠬᠠᠯ ᠭᠠᠷᠬᠤ ᠵᠡᠷᠭᠡ ᠭᠠᠵᠠᠷ ᠰᠢᠨᠵᠢᠯᠡᠭᠡᠨ᠎ᠤ ᠭᠠᠮᠰᠢᠭ ᠡᠭᠦᠰᠬᠦ ᠵᠣᠬᠢᠬᠤ ᠬᠡᠮᠵᠢᠶᠡᠨ᠎ᠦ᠌ ᠲᠦᠭᠰᠢᠭᠦᠷᠢ᠎ᠲᠡᠢ᠃


QQ截图20260804155457.png


ᠰᠢᠷ᠎ᠠ ᠥᠩᠭᠡ᠎ᠶ᠋ᠢᠨ ᠰᠡᠷᠡᠮᠵᠢ ᠵᠢᠨ ᠲᠤᠬᠢᠶᠠᠨ᠎ᠤ ᠣᠷᠣᠨ ᠳ᠋ᠠᠬᠢ ᠬᠥᠮᠦᠰ ᠴᠠᠭ ᠢᠮᠠᠭᠲᠠ ᠰᠡᠷᠡᠮᠵᠢᠯᠡᠭᠦᠯᠬᠦ ᠮᠡᠳᠡᠭᠡ ᠵᠠᠩᠭᠢ᠎ᠶ᠋ᠢᠨ ᠬᠤᠪᠢᠷᠠᠯᠲᠠ᠎ᠶ᠋ᠢ ᠠᠩᠬᠠᠷᠴᠤ᠂ ᠣᠢᠷ᠎ᠠ ᠣᠷᠴᠢᠮ᠎ᠤ᠋ᠨ ᠰᠡᠷᠡᠮᠵᠢᠯᠡᠭᠦᠯᠬᠦ ᠲᠡᠮᠳᠡᠭ᠎ᠢ᠋ ᠠᠩᠬᠠᠷᠤᠨ᠂ ᠭᠣᠣ ᠬᠥᠨᠳᠡᠢ᠂ ᠨᠠᠯᠠᠤ ᠬᠠᠵᠠᠭᠤ᠂ ᠡᠭᠴᠡ ᠤᠷᠬᠢᠯ ᠵᠡᠷᠭᠡ ᠲᠦᠭᠰᠢᠭᠦᠷᠢ ᠶᠡᠬᠡᠲᠡᠢ ᠭᠠᠵᠠᠷ ᠣᠷᠣᠨ᠎ᠢ᠋ᠶ᠋ᠠᠷ ᠬᠣᠷᠭᠣᠳᠠᠨ ᠰᠠᠭᠠᠳᠠᠬᠤ ᠦᠭᠡᠢ ᠪᠠᠢᠬᠤ ᠬᠡᠷᠡᠭᠲᠡᠢ︔

ᠬᠥᠬᠡ ᠥᠩᠭᠡ᠎ᠶ᠋ᠢᠨ ᠰᠡᠷᠡᠮᠵᠢ ᠵᠢᠨ ᠳᠤᠬᠢᠶᠠᠨ᠎ᠤ ᠣᠷᠣᠨ᠎ᠳᠤ ᠴᠠᠭ ᠠᠭᠤᠷ᠎ᠤ᠋ᠨ ᠬᠦᠴᠦᠨ ᠵᠦᠢᠯ᠎ᠡᠴᠡ ᠪᠣᠯᠵᠤ ᠭᠡᠨᠡᠳᠲᠡ᠎ᠶ᠋ᠢᠨ ᠴᠢᠨᠠᠷᠲᠠᠢ ᠭᠠᠵᠠᠷ ᠰᠢᠨᠵᠢᠯᠡᠭᠡᠨ᠎ᠤ ᠭᠠᠮᠰᠢᠭ ᠡᠭᠦᠰᠬᠦ ᠵᠣᠬᠢᠬᠤ ᠲᠦᠭᠰᠢᠭᠦᠷᠢ᠎ᠲᠡᠢ᠂ ᠲᠦᠭᠰᠢᠭᠦᠷᠢ᠎ᠶ᠋ᠢ ᠰᠡᠷᠡᠮᠵᠢᠯᠡᠭᠦᠯᠬᠦ ᠬᠤᠭᠤᠴᠠᠭ᠎ᠠ᠎ᠶ᠋ᠢᠨ ᠳᠣᠲᠣᠷ᠎ᠠ ᠴᠢᠬᠤᠯᠠ ᠭᠠᠵᠠᠷ ᠰᠢᠨᠵᠢᠯᠡᠭᠡᠨ᠎ᠤ ᠭᠠᠮᠰᠢᠭ᠎ᠤ᠋ᠨ ᠭᠡᠮ ᠰᠤᠭᠤᠭ᠎ᠦ᠋ᠨ ᠴᠡᠭ᠎ᠢ᠋ ᠴᠠᠭᠳᠠᠨ ᠪᠠᠢᠴᠠᠭᠠᠵᠤ ᠬᠢᠨᠠᠨ ᠬᠡᠮᠵᠢᠵᠦ᠂ ᠭᠠᠵᠠᠷ ᠰᠢᠨᠵᠢᠯᠡᠭᠡᠨ᠎ᠤ ᠭᠠᠮᠰᠢᠭ᠎ᠤ᠋ᠨ ᠴᠠᠭ ᠠᠭᠤᠷ᠎ᠤ᠋ᠨ ᠲᠦᠭᠰᠢᠭᠦᠷᠢ᠎ᠶ᠋ᠢᠨ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ᠋ ᠨᠢᠭᠲᠠ ᠠᠩᠬᠠᠷᠬᠤ ᠬᠡᠷᠡᠭᠲᠡᠢ᠃

ᠡᠯ᠎ᠡ ᠱᠠᠲᠤᠨ᠎ᠤ᠋ ᠵᠠᠰᠠᠭ᠎ᠤ᠋ᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠪᠠᠴᠢᠮ ᠪᠠᠢᠳᠠᠯ᠎ᠢ᠋ ᠠᠷᠭᠠᠴᠠᠭᠠᠬᠤ ᠪᠡᠯᠡᠳᠬᠡᠯ ᠲᠥᠰᠦᠯ᠎ᠦ᠋ᠨ ᠶᠣᠰᠣᠭᠠᠷ ᠭᠠᠵᠠᠷ ᠰᠢᠨᠵᠢᠯᠡᠭᠡᠨ᠎ᠤ ᠭᠠᠮᠰᠢᠭ᠎ᠢ᠋ ᠰᠡᠷᠭᠡᠢᠯᠡᠬᠦ ᠠᠵᠢᠯ᠎ᠢ᠋ ᠰᠠᠢᠲᠤᠷ ᠬᠢᠬᠦ ᠬᠡᠷᠡᠭᠲᠡᠢ᠃ ᠨᠡᠢᠭᠡᠮ ᠨᠡᠢᠲᠡ ᠪᠠᠷ ᠵᠢᠠᠨ ᠭᠠᠵᠠᠷ ᠰᠢᠨᠵᠢᠯᠡᠭᠡᠨ᠎ᠤ ᠭᠠᠮᠰᠢᠭ᠎ᠤ᠋ᠨ ᠴᠠᠭ ᠠᠭᠤᠷ᠎ᠤ᠋ᠨ ᠲᠦᠭᠰᠢᠭᠦᠷᠢ᠎ᠶ᠋ᠢ ᠰᠡᠷᠡᠮᠵᠢᠯᠡᠭᠦᠯᠬᠦ ᠮᠡᠳᠡᠭᠡ ᠵᠠᠩᠭᠢ᠎ᠶ᠋ᠢ ᠴᠠᠭ ᠲᠤᠬᠠᠢ᠎ᠳ᠋ᠤᠨᠢ ᠠᠩᠬᠠᠷᠴᠤ᠂ ᠭᠠᠵᠠᠷ ᠰᠢᠨᠵᠢᠯᠡᠭᠡᠨ᠎ᠤ ᠭᠠᠮᠰᠢᠭ᠎ᠢ᠋ ᠰᠡᠷᠡᠮᠵᠢᠯᠡᠭᠦᠯᠬᠦ ᠣᠷᠣᠨ᠎ᠳ᠋ᠤ᠌ ᠣᠴᠢᠬᠤ ᠬᠡᠷᠡᠭᠲᠡᠢ ᠪᠤᠯ ᠪᠤᠯᠭᠤᠮᠵᠢᠯᠠᠬᠤ ᠬᠡᠷᠡᠭᠲᠡᠢ᠃

ᠢᠷᠡᠯᠲᠡ᠄ ᠦᠪᠦᠷ ᠮᠤᠩᠭᠤᠯ᠎ᠤᠨ ᠴᠠᠭ ᠠᠭᠤᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号