ᠪᠥᠬᠥ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ
ᠱᠠᠲᠤᠨ᠎ᠤ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠦᠨ 《ᠦᠢᠯᠡᠳᠦᠯᠭᠡ ᠲᠤᠮᠳᠠ ᠰᠤᠷᠤᠯᠴᠠᠬᠤ》 ᠵᠠᠮᠴᠢᠯᠠᠬᠤ ᠠᠵᠢᠯᠯᠠᠭ᠎ᠠ᠎ᠶᠢᠨ ᠪᠠᠢᠷᠢᠯᠠᠭᠤᠯᠤᠯᠲᠠ᠎ᠶᠢᠨ ᠬᠤᠷᠠᠯ ᠣᠢᠷ᠎ᠠ᠎ᠳᠤ ᠪᠡᠭᠡᠵᠢᠩ᠎ᠳᠦ
ᠬᠤᠷᠠᠯᠳᠤᠪᠠ᠃ ᠲᠤᠰ ᠬᠤᠷᠠᠯ ᠡᠴᠡ ᠣᠢᠯᠠᠭᠠᠭᠰᠠᠨ᠎ᠢᠶᠠᠷ᠂ ᠡᠨᠡ ᠵᠢᠯ᠎ᠦᠨ 9 ᠰᠠᠷ᠎ᠠ᠎ᠳᠤ ᠰᠤᠷᠭᠠᠭᠤᠯᠢ ᠴᠤᠭᠯᠠᠬᠤ᠎ᠡᠴᠡ
ᠡᠬᠢᠯᠡᠨ ᠪᠥᠬᠥ ᠤᠯᠤᠰ᠎ᠤᠨ ᠪᠠᠭ᠎ᠠ ᠰᠤᠷᠭᠠᠭᠤᠯᠢ᠂ ᠠᠩᠬ᠎ᠠ ᠳᠤᠮᠳᠠᠳᠤ᠎ᠳᠤ ᠴᠥᠮ ᠰᠢᠨᠵᠢᠯᠡᠬᠦ ᠤᠬᠠᠭᠠᠨ᠎ᠤ ᠰᠤᠷᠭᠠᠨ
ᠬᠥᠮᠦᠵᠢᠯ᠎ᠦᠨ 《ᠦᠢᠯᠡᠳᠦᠯᠭᠡ ᠲᠤᠮᠳᠠ ᠰᠤᠷᠤᠯᠴᠠᠬᠤ》 ᠵᠠᠮᠴᠢᠯᠠᠬᠤ ᠠᠵᠢᠯᠯᠠᠭ᠎ᠠ ᠥᠷᠨᠢᠭᠦᠯᠬᠦ ᠪᠣᠯᠣᠨ᠎ᠠ᠃
👇👇
ᠬᠤᠷᠠᠯ᠎ᠠᠴᠠ᠂ ᠰᠢᠨ᠎ᠡ ᠴᠠᠭ ᠦᠶ᠎ᠡ᠎ᠶᠢᠨ ᠳᠤᠮᠳᠠᠳᠤ ᠪᠠᠭ᠎ᠠ
ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠦᠨ ᠠᠵᠢᠯ᠎ᠢ ᠴᠢᠩᠭᠠᠳᠬᠠᠬᠤ ᠨᠢ ᠪᠥᠬᠥ ᠠᠷᠠᠳ᠎ᠤᠨ
ᠰᠢᠨᠵᠢᠯᠡᠬᠦ ᠤᠬᠠᠭᠠᠨ᠎ᠤ ᠬᠡᠪ ᠴᠢᠨᠠᠷ᠎ᠤᠨ ᠳᠡᠭᠡᠭᠰᠢᠯᠡᠯᠲᠡ᠎ᠲᠠᠢ ᠬᠣᠯᠪᠣᠭᠳᠠᠵᠤ᠂ ᠰᠤᠷᠭᠠᠨ ᠬᠥᠮᠦᠵᠢᠯ᠎ᠦᠨ ᠬᠦᠴᠦᠷᠬᠡᠭ
ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ᠎ᠲᠠᠢ ᠬᠣᠯᠪᠣᠭᠳᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ
ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠲᠠᠢ ᠬᠣᠯᠪᠣᠭᠳᠠᠵᠤ ᠪᠠᠢᠭ᠎ᠠ
ᠵᠠᠩᠭᠢᠯᠠᠭ᠎ᠠ᠎ᠶᠢᠨ ᠴᠢᠨᠠᠷᠲᠠᠢ ᠠᠵᠢᠯ ᠪᠣᠯᠣᠨ᠎ᠠ ᠭᠡᠵᠦ ᠵᠢᠭᠠᠵᠤ ᠭᠠᠷᠭᠠᠪᠠ᠃ ᠠᠯᠪᠠᠨ ᠵᠢᠷᠤᠮ᠎ᠤᠨ ᠰᠤᠷᠭᠠᠨ
ᠬᠥᠮᠦᠵᠢᠯ᠎ᠦᠨ ᠱᠠᠲᠤᠨ᠎ᠳᠤ ᠬᠠᠨᠳᠤᠭᠤᠯᠤᠨ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠦᠨ 《ᠦᠢᠯᠡᠳᠦᠯᠭᠡ ᠲᠤᠮᠳᠠ
ᠰᠤᠷᠤᠯᠴᠠᠬᠤ》 ᠵᠠᠮᠴᠢᠯᠠᠬᠤ ᠠᠵᠢᠯᠯᠠᠭ᠎ᠠ ᠶᠢ ᠪᠥᠬᠥ ᠲᠠᠯ᠎ᠠ᠎ᠪᠠᠷ ᠥᠷᠨᠢᠭᠦᠯᠬᠦ᠎ᠶᠢᠨ
ᠵᠣᠷᠢᠯᠭ᠎ᠠ ᠪᠣᠯ ᠮᠡᠳᠡᠯᠭᠡ ᠬᠦᠷᠲᠡᠭᠡᠬᠦ᠎ᠶᠢ ᠴᠢᠬᠤᠯᠠᠴᠢᠯᠠᠭᠠᠳ ᠴᠢᠳᠠᠪᠤᠷᠢ᠎ᠶᠢ ᠬᠥᠮᠥᠵᠢᠭᠦᠯᠬᠦ᠎ᠶᠢ ᠬᠥᠩᠭᠡᠪᠴᠢᠯᠡᠬᠦ
ᠠᠰᠠᠭᠤᠳᠠᠯ᠎ᠳᠤ ᠴᠢᠭᠯᠡᠭᠦᠯᠦᠨ᠂ ᠰᠤᠷᠤᠭ᠍ᠴᠢᠳ᠎ᠤᠨ ᠳᠤᠷ᠎ᠠ ᠰᠣᠨᠢᠷᠬᠠᠯ᠎ᠠᠴᠠ ᠡᠭᠦᠰᠴᠦ᠂ ᠠᠰᠠᠭᠤᠳᠠᠯ ᠳᠤᠷᠠᠳᠬᠤ᠎ᠶᠢ
ᠬᠥᠲᠥᠯᠥᠨ ᠵᠢᠯᠤᠭᠣᠳᠴᠤ᠂ ᠠᠰᠠᠭᠤᠳᠠᠯ᠎ᠢ ᠰᠦᠪᠡᠭᠴᠢᠯᠡᠨ ᠰᠢᠯᠭᠠᠨ ᠨᠤᠲᠠᠯᠠᠵᠤ᠂ ᠬᠤᠷᠢᠶᠠᠨᠭᠭᠤᠢᠯᠠᠨ
ᠳ᠋ᠦᠨᠭᠨᠡᠵᠦ ᠰᠠᠨᠠᠯ ᠵᠢᠡᠨ ᠰᠣᠯᠢᠯᠴᠠᠨ᠂ ᠰᠢᠨᠵᠢᠯᠡᠬᠦ ᠤᠬᠠᠭᠠᠨᠴᠢ ᠦᠵᠡᠯᠲᠡ᠎ᠶᠢ ᠪᠣᠶ ᠪᠣᠯᠭᠠᠵᠤ᠂ ᠰᠢᠨᠵᠢᠯᠡᠬᠦ
ᠤᠬᠠᠭᠠᠨᠴᠢ ᠠᠷᠭ᠎ᠠ᠎ᠶᠢ ᠡᠵᠡᠮᠰᠢᠨ᠂ ᠰᠢᠨᠵᠢᠯᠡᠬᠦ ᠤᠬᠠᠭᠠᠨᠴᠢ ᠰᠡᠳᠬᠢᠬᠦᠢ᠎ᠶᠢ ᠬᠦᠭᠵᠢᠭᠦᠯᠵᠦ᠂ ᠰᠤᠷᠤᠭ᠍ᠴᠢᠳ᠎ᠤᠨ
ᠰᠢᠨᠵᠢᠯᠡᠬᠦ ᠤᠬᠠᠭᠠᠨ᠎ᠤ ᠬᠡᠪ ᠪᠣᠯᠪᠠᠰᠤᠷᠠᠯ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠂ ᠰᠤᠷᠭᠠᠨ ᠬᠥᠮᠦᠵᠢᠯ᠎ᠦᠨ
ᠵᠠᠭᠪᠤᠷ᠎ᠤᠨ 《ᠶᠡᠬᠡ ᠥᠭᠡᠷᠡᠴᠢᠯᠡᠯᠲᠡ》᠎ᠶᠢ ᠪᠠᠭ᠎ᠠ ᠡᠴᠡ ᠭᠠᠷᠳᠠᠵᠦ ᠬᠢᠬᠦ
ᠶᠠᠪᠤᠳᠠᠯ ᠪᠣᠯᠣᠨ᠎ᠠ ᠭᠡᠵᠦ ᠲᠤᠷᠠᠳᠤᠨ ᠭᠠᠷᠭᠠᠵᠠᠢ᠃
ᠬᠤᠷᠠᠯ᠎ᠠᠴᠠ ᠪᠠᠰᠠ ᠡᠯ᠎ᠡ ᠭᠠᠵᠠᠷ᠎ᠤᠨ ᠰᠤᠷᠭᠠᠨ ᠬᠥᠮᠦᠵᠢᠯ᠎ᠦᠨ
ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠳ 《ᠦᠢᠯᠡᠳᠦᠯᠭᠡ ᠲᠤᠮᠳᠠ ᠰᠤᠷᠤᠯᠴᠠᠬᠤ》 ᠵᠠᠮᠴᠢᠯᠠᠬᠤ ᠠᠵᠢᠯᠯᠠᠭ᠎ᠠ ᠪᠠᠷ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶᠢ
ᠭᠦᠨᠵᠡᠭᠡᠢᠷᠡᠭᠦᠯᠬᠦ᠎ᠶᠢᠨ ᠴᠢᠬᠤᠯᠠ ᠴᠢᠨᠠᠷ᠎ᠢ ᠭᠦᠢᠴᠡᠳ ᠲᠠᠨᠢᠵᠤ᠂ ᠬᠢᠴᠢᠶᠡᠯ᠎ᠢ ᠬᠡᠷᠡᠭᠵᠢᠭᠦᠯᠬᠦ ᠲᠥᠯᠦᠪᠵᠢᠭᠦᠯᠭᠡ᠎ᠶᠢ
ᠴᠢᠩᠭᠠᠳᠬᠠᠬᠤ᠂ ᠵᠢᠭᠠᠨ ᠰᠤᠷᠭᠠᠯᠲᠠ᠎ᠶᠢᠨ ᠠᠷᠭ᠎ᠠ ᠬᠡᠯᠪᠡᠷᠢ᠎ᠶᠢ ᠬᠤᠪᠢᠷᠠᠭᠤᠯᠬᠤ᠂ ᠦᠨᠡᠯᠡᠬᠦ ᠠᠷᠭ᠎ᠠ ᠬᠡᠯᠪᠡᠷᠢ᠎ᠶᠢ
ᠲᠡᠭᠦᠯᠳᠡᠷᠵᠢᠭᠦᠯᠬᠦ᠂ ᠢᠵᠢ ᠪᠦᠷᠢᠳᠦᠭᠦᠯᠬᠦ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠬᠦ᠂ ᠨᠡᠢᠭᠡᠮ᠎ᠦᠨ ᠬᠠᠮᠵᠢᠯᠴᠠᠭ᠎ᠠ᠎ᠶᠢ
ᠴᠢᠩᠭᠠᠳᠬᠠᠬᠤ ᠵᠡᠷᠭᠡ ᠲᠠᠯ᠎ᠠ᠎ᠪᠠᠷ ᠭᠣᠣᠯᠳᠠᠯᠭ᠎ᠠ ᠲᠠᠢ ᠬᠦᠴᠦᠯᠡᠵᠦ᠂ ᠠᠵᠢᠯ᠎ᠤᠨ ᠲᠥᠰᠥᠯ ᠲᠣᠭᠲᠠᠭᠠᠵᠤ᠂ ᠡᠯ᠎ᠡ
ᠵᠦᠢᠯ᠎ᠦᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠬᠤ᠎ᠶᠢ ᠬᠢᠨᠠᠮᠠᠭᠠᠢ ᠰᠠᠢᠲᠤᠷ ᠠᠳᠬᠤᠬᠤ ᠬᠡᠷᠡᠭᠲᠡᠢ ᠭᠡᠵᠦ
ᠱᠠᠭᠠᠷᠳᠠᠵᠠᠢ᠃
ᠢᠷᠡᠯᠲᠡ᠄ ᠦᠪᠦᠷ ᠮᠤᠨᠭᠭᠤᠯ᠎ᠤᠨ ᠡᠳᠦᠷ᠎ᠤᠨ ᠰᠤᠨᠢᠨ᠎ᠤ ᠵᠢᠷᠭᠢᠶ᠎ᠡ