ᠥᠪᠥᠷ ᠮᠣᠩᠭᠣᠯ ᠤᠯᠤᠰ᠎ᠤᠨ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ 10 ᠰᠦᠷᠦᠭᠵᠢᠯ᠎ᠦᠨ ᠬᠥᠭᠵᠢᠯᠲᠡ ᠵᠢ ᠲᠦᠷᠭᠡᠳᠬᠡᠪᠡ
2026-08-04 16:30:50
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2020 ᠣᠨ᠎ᠠᠴᠠ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤᠯᠤᠰ᠎ᠤᠨ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠰᠦᠷᠦᠭᠵᠢᠯ᠎ᠢ ᠨᠡᠢᠳᠡ 10 ᠪᠠᠢᠭᠤᠯᠵᠤ᠂ 11 ᠠᠢᠮᠠᠭ ᠬᠤᠳᠠ᠎ᠶᠢᠨ 65 ᠬᠣᠰᠢᠭᠤ ᠰᠢᠶᠠᠨ᠎ᠳᠤ ᠬᠣᠯᠪᠣᠭᠳᠠᠵᠤ᠂ 584 ᠲᠦᠷᠦᠯ ᠵᠦᠢᠯ᠎ᠢ ᠬᠡᠷᠡᠭᠵᠢᠭᠦᠯᠵᠡᠢ᠃ ᠥᠪᠡᠷᠲᠡᠭᠡᠨ ᠵᠠᠰᠠᠬᠤ ᠣᠷᠣᠨ ᠵᠢᠴᠢ ᠲᠡᠭᠦᠨ᠎ᠡᠴᠡ ᠳᠡᠭᠡᠭᠰᠢᠬᠢ ᠳᠠᠭᠠᠭᠤᠯᠤᠭᠴᠢ ᠠᠵᠤ ᠠᠬᠤᠢᠯᠠᠯ 52 ᠰᠢᠨ᠎ᠡ᠎ᠪᠡᠷ ᠨᠡᠮᠡᠭᠳᠡᠵᠦ᠂ 251 ᠪᠣᠯᠵᠤ᠂ ᠵᠢᠯ᠎ᠦᠨ ᠪᠣᠷᠣᠯᠠᠭᠤᠯᠤᠯᠲᠠ᠎ᠶᠢᠨ ᠣᠷᠣᠯᠭ᠎ᠠ ᠨᠢ 2000 ᠲᠦᠮᠡᠨ ᠲᠥᠭᠥᠷᠢᠭ᠎ᠡᠴᠡ ᠳᠡᠭᠡᠭᠰᠢᠬᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠠᠵᠤ ᠠᠬᠤᠢᠯᠠᠯ 59 ᠰᠢᠨ᠎ᠡ᠎ᠪᠡᠷ ᠨᠡᠮᠡᠭᠳᠡᠵᠤ᠂ 265 ᠪᠣᠯᠵᠤ᠂ 81.21 ᠲᠦᠮᠡᠨ ᠡᠷᠦᠬᠡ ᠮᠠᠯᠴᠢᠨ ᠲᠠᠷᠢᠶᠠᠴᠢᠨ᠎ᠤ ᠬᠥᠮᠥᠨ ᠳᠤᠮᠳᠠᠴᠢ᠎ᠶᠢᠨ ᠣᠷᠣᠯᠭ᠎ᠠ᠎ᠶᠢᠨ ᠨᠡᠮᠡᠭᠳᠡᠯ᠎ᠢ 17% ᠠ᠋ᠴᠠ ᠳᠡᠭᠡᠭᠰᠢ ᠳᠠᠶ᠋ᠢᠴᠢᠯᠠᠨ᠂ ᠮᠥᠩᠭᠥᠨ ᠭᠦᠢᠯᠭᠡᠭᠡ ᠪᠠ ᠨᠡᠢᠭᠡᠮ᠎ᠦᠨ ᠬᠥᠷᠥᠩᠭᠡ᠎ᠶᠢᠨ ᠣᠷᠣᠭᠤᠯᠤᠯᠲᠠ᠎ᠶᠢ 105 ᠳ᠋ᠦᠩᠰᠢᠭᠤᠷ ᠲᠥᠭᠥᠷᠢᠭ ᠳᠠᠶ᠋ᠢᠴᠢᠯᠠᠪᠠ᠃ 10 ᠰᠦᠷᠦᠭᠵᠢᠯ᠎ᠦᠨ ᠪᠥᠬᠥ ᠠᠵᠤ ᠦᠢᠯᠡᠰ᠎ᠦᠨ ᠬᠡᠯᠬᠢᠶᠡᠨ᠎ᠦ ᠦᠢᠯᠡᠳᠬᠦᠨ᠎ᠦ ᠥᠷᠲᠡᠭ ᠨᠢ ᠨᠢᠭᠡᠨᠲᠡ 3877 ᠳ᠋ᠦᠩᠰᠢᠭᠤᠷ ᠲᠥᠭᠥᠷᠢᠭ᠎ᠲᠦ ᠬᠦᠷᠴᠦ᠂ ᠠᠵᠤ ᠦᠢᠯᠡᠰ᠎ᠦᠨ ᠰᠦᠷᠦᠭᠵᠢᠯ ᠨᠢ ᠨᠢᠭᠡᠨᠲᠡ ᠥᠪᠥᠷ ᠮᠣᠩᠭᠣᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠰᠢᠨ᠎ᠡ ᠲᠤᠯᠭᠠᠭᠤᠷᠢᠯᠠᠯ᠂ ᠲᠠᠷᠢᠶᠠᠯᠠᠩ ᠮᠠᠯ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ ᠰᠢᠨ᠎ᠡ ᠬᠢᠯᠠᠰ ᠴᠡᠭ ᠪᠠ ᠠᠵᠤ ᠦᠢᠯᠡᠰ᠎ᠦᠨ ᠠᠭᠤᠰᠤᠯᠴᠠᠨ ᠬᠥᠭᠵᠢᠬᠦ ᠰᠢᠨ᠎ᠡ ᠠᠴᠢᠶᠠᠯᠠᠪᠤᠷᠢ ᠪᠣᠯᠤᠭᠰᠠᠨ ᠪᠠᠢᠨ᠎ᠠ᠃

ᠣᠢᠷ᠎ᠠ᠎ᠶᠢᠨ ᠵᠢᠯ᠎ᠡᠴᠡ ᠨᠠᠭᠠᠰᠢ᠂ ᠥᠪᠥᠷ ᠮᠣᠩᠭᠣᠯ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠰᠦᠷᠦᠭᠵᠢᠯ᠎ᠦᠨ ᠪᠦᠲᠦᠭᠡᠨ ᠪᠠᠢᠭᠤᠯᠤᠯᠲᠠ ᠪᠠ ᠭᠣᠣᠯᠯᠠᠬᠤ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ᠎ᠶᠢᠨ 《ᠬᠡᠯᠬᠢᠶᠡᠨ᠎ᠦ ᠳᠠᠷᠤᠭ᠎ᠠ᠎ᠶᠢᠨ ᠳᠦᠷᠢᠮ》᠎ᠢ ᠬᠡᠷᠡᠭᠵᠢᠭᠦᠯᠵᠦ᠂ ᠲᠥᠮᠥᠰᠥ᠎ᠶᠢᠨ ᠠᠵᠤ ᠦᠢᠯᠡᠰ᠎ᠢ ᠳᠡᠮᠵᠢᠬᠦ 6 ᠵᠤᠷᠪᠤᠰ᠂ ᠰᠦ᠎ᠶᠢᠨ ᠦᠢᠯᠡᠰ᠎ᠢ ᠳᠡᠮᠵᠢᠬᠦ 33 ᠵᠤᠷᠪᠤᠰ᠂ ᠦᠷ᠎ᠡ᠎ᠶᠢᠨ ᠦᠢᠯᠡᠰ᠎ᠤᠨ ᠬᠥᠭᠵᠢᠯᠳᠡ ᠵᠢ ᠳᠡᠮᠵᠢᠬᠦ 18 ᠵᠤᠷᠪᠤᠰ᠂ ᠨᠠᠷᠢᠯᠢᠭ᠋ ᠭᠦᠨᠵᠡᠭᠡᠢ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ᠎ᠢ ᠳᠡᠮᠵᠢᠬᠦ 9 ᠵᠤᠷᠪᠤᠰ᠂ ᠲᠦᠬᠦᠭᠡᠷᠤᠮᠵᠢᠳᠤ ᠲᠠᠷᠢᠶᠠᠯᠠᠩ᠎ᠢ ᠳᠡᠮᠵᠢᠬᠦ 7 ᠵᠤᠷᠪᠤᠰ ᠪᠠ ᠲᠦᠬᠦᠭᠡᠷᠤᠮᠵᠢᠳᠤ ᠮᠠᠯ ᠠᠵᠤ ᠠᠬᠤᠢ᠎ᠶᠢ ᠳᠡᠮᠵᠢᠬᠦ 6 ᠵᠤᠷᠪᠤᠰ ᠵᠡᠷᠭᠡ 25 ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢ ᠲᠣᠭᠲᠠᠭᠠᠨ ᠨᠡᠢᠲᠡᠯᠡᠪᠡ᠃ ᠣᠳᠣᠬᠠᠨ᠎ᠳᠤ ᠥᠪᠥᠷ ᠮᠣᠩᠭᠣᠯ ᠨᠢᠭᠡᠨᠲᠡ ᠰᠦ᠎ᠶᠢᠨ ᠦᠢᠯᠡᠰ᠂ ᠡᠷᠳᠡᠨᠢ ᠰᠢᠰᠢ᠂ ᠠᠯᠠᠰᠢᠨ ᠬᠣᠨᠢ ᠵᠡᠷᠭᠡ 3 ᠮᠢᠩᠭᠠᠨ ᠳ᠋ᠦᠩᠰᠢᠭᠤᠷ᠎ᠤᠨ ᠲᠠᠰ᠎ᠤᠨ ᠪᠠ ᠠᠯᠠᠰᠢᠨ ᠦᠬᠡᠷ᠂ ᠲᠡᠵᠢᠭᠡᠯ ᠡᠪᠡᠰᠦ᠂ ᠲᠥᠮᠥᠰᠥ᠂ ᠨᠡᠷᠡᠨ ᠬᠤᠸᠠᠷ ᠵᠡᠷᠭᠡ 10 ᠵᠠᠭᠤᠨ ᠳ᠋ᠦᠩᠰᠢᠭᠤᠷ᠎ᠤᠨ ᠲᠠᠰ᠎ᠤᠨ ᠠᠵᠤ ᠦᠢᠯᠡᠰ᠎ᠢ ᠪᠣᠶ ᠪᠣᠯᠭᠠᠵᠤ᠂ ᠲᠠᠯ᠎ᠠ ᠨᠤᠲᠤᠭ᠎ᠤᠨ ᠠᠯᠠᠰᠢᠨ ᠬᠣᠨᠢ᠂ ᠬᠣᠷᠴᠢᠨ ᠠᠯᠠᠰᠢᠨ ᠦᠬᠡᠷ ᠵᠡᠷᠭᠡ ᠤᠯᠤᠰ᠎ᠤᠨ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ 10 ᠰᠦᠷᠦᠭᠵᠢᠯ᠎ᠢ ᠡᠭᠦᠳᠦᠨ ᠪᠠᠢᠭᠤᠯᠪᠠ᠃ ᠤᠯᠤᠰ᠎ᠤᠨ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠰᠦᠷᠦᠭᠵᠢᠯ᠎ᠦᠨ ᠲᠥᠷᠥᠯ ᠵᠦᠢᠯ᠎ᠦᠨ ᠬᠠᠮᠢᠶᠠᠷᠤᠯᠲᠠ ᠎ᠶᠢ ᠴᠢᠩᠭᠠᠳᠬᠠᠨ ᠵᠢᠷᠤᠮᠵᠢᠭᠤᠯᠵᠤ᠂ ᠲᠥᠷᠥᠯ ᠵᠦᠢᠯ᠎ᠦᠨ ᠪᠡᠯᠡ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠠᠰᠢᠭ᠋᠎ᠢ ᠳᠡᠭᠡᠭᠰᠢᠯᠡᠬᠦᠯᠵᠤ᠂ ᠤᠯᠤᠰ᠎ᠤᠨ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠰᠦᠷᠦᠭᠵᠢᠯ᠎ᠦᠨ ᠲᠥᠷᠥᠯ ᠵᠦᠢᠯ᠎ᠦᠨ ᠤᠷᠤᠭᠰᠢᠲᠠᠢ ᠬᠡᠷᠡᠭᠵᠢᠭᠦᠯᠦᠭᠳᠡᠬᠦ ᠪᠠ ᠪᠦᠲᠦᠭᠡᠨ ᠪᠠᠢᠭᠤᠯᠤᠯᠲᠠ᠎ᠶᠢᠨ ᠶᠠᠰᠤ ᠴᠢᠨᠠᠷ᠎ᠢ ᠪᠠᠲᠤᠯᠠᠬᠤ ᠵᠢᠨ ᠲᠦᠯᠦᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ᠎ᠤ ᠲᠢᠩᠬᠢᠮ᠂ ᠡᠳ᠋᠎ᠦᠨ ᠵᠠᠰᠠᠭ᠎ᠤᠨ ᠲᠢᠩᠬᠢᠮ᠎ᠡᠴᠡ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠰᠦᠷᠦᠭᠵᠢᠯ᠎ᠦᠨ ᠲᠥᠷᠥᠯ ᠵᠦᠢᠯ᠎ᠦᠨ ᠬᠠᠮᠢᠶᠠᠷᠤᠯᠲᠠ᠎ᠶᠢᠨ ᠠᠷᠭ᠎ᠠ (ᠲᠤᠷᠰᠢᠨ ᠬᠡᠷᠡᠭᠵᠢᠭᠦᠯᠬᠦ)᠎ᠶᠢ ᠬᠠᠮᠲᠤᠷᠠᠨ ᠨᠡᠢᠲᠡᠯᠡᠵᠦ᠂ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠰᠦᠷᠦᠭᠵᠢᠯ᠎ᠢ ᠬᠢᠨᠠᠨ ᠬᠡᠮᠵᠢᠵᠦ ᠦᠨᠡᠯᠡᠬᠦ ᠳᠦᠷᠢᠮ᠎ᠢ ᠲᠡᠭᠦᠯᠳᠡᠷᠵᠢᠭᠦᠯᠦᠨ᠂ 2024 ᠣᠨ᠂ 2025 ᠣᠨ᠎ᠳᠤ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠰᠦᠷᠦᠭᠵᠢᠯ᠎ᠦᠨ ᠪᠦᠲᠦᠭᠡᠨ ᠪᠠᠢᠭᠤᠯᠤᠯᠲᠠ᠎ᠶᠢᠨ ᠠᠵᠢᠯ᠎ᠢ ᠠᠬᠢᠭᠤᠯᠬᠤ ᠲᠥᠰᠥᠯ᠎ᠢ ᠬᠣᠶᠠᠷ ᠵᠢᠯ ᠳᠠᠷᠠᠭᠠᠯᠠᠨ ᠲᠣᠭᠲᠠᠭᠠᠪᠠ ᠃

ᠣᠢᠯᠠᠭᠠᠭᠰᠠᠨ᠎ᠢᠶᠠᠷ᠂ ᠠᠵᠤ ᠦᠢᠯᠡᠰ᠎ᠦᠨ ᠰᠦᠷᠦᠭᠵᠢᠯ᠎ᠦᠨ ᠪᠦᠲᠦᠭᠡᠨ ᠪᠠᠢᠭᠤᠯᠤᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠤᠯᠠᠮ ᠴᠢᠨᠠᠭᠰᠢᠳᠠ ᠠᠬᠢᠭᠤᠯᠬᠤ᠎ᠶᠢᠨ  ᠲᠦᠯᠦᠭᠡ᠂ ᠥᠪᠥᠷ ᠮᠣᠩᠭᠣᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠠᠷᠢᠶᠠᠯᠠᠩ ᠮᠠᠯ ᠠᠵᠤ ᠠᠬᠤᠢ᠎ᠶᠢᠨ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠰᠦᠷᠦᠭᠵᠢᠯ᠎ᠦᠨ ᠪᠦᠲᠦᠭᠡᠨ ᠪᠠᠢᠭᠤᠯᠤᠯᠲᠠ᠎ᠶᠢᠨ ᠲᠥᠯᠦᠪᠵᠢᠭᠦᠯᠭᠡ(2021 — 2025)》᠎ᠶᠢ ᠲᠣᠭᠲᠠᠭᠠᠨ ᠨᠡᠢᠲᠡᠯᠡᠵᠦ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠢ ᠦᠨᠡᠨᠬᠦ ᠪᠠᠲᠤᠯᠠᠬᠤ᠎ᠶᠢᠨ ᠲᠣᠭᠣᠷᠢᠨ᠎ᠳᠤ᠂ ᠠᠯᠠᠰᠢᠨ ᠬᠣᠨᠢ᠂ ᠠᠯᠠᠰᠢᠨ ᠦᠬᠡᠷ᠂ ᠰᠦ᠎ᠶᠢᠨ ᠦᠢᠯᠡᠰ ᠵᠡᠷᠭᠡ 15 ᠳᠠᠪᠠᠭᠤᠯᠢᠭ᠋ ᠣᠨᠴᠠᠯᠢᠭ᠍ᠲᠤ ᠮᠠᠯ᠎ᠤᠨ ᠠᠰᠢᠭ᠋ ᠰᠢᠮ᠎ᠡ  ᠲᠠᠷᠢᠶᠠᠯᠠᠩ᠎ᠤᠨ ᠪᠦᠲᠦᠭᠡᠭᠳᠡᠬᠦᠨ᠎ᠦ ᠠᠵᠤ ᠦᠢᠯᠡᠰ᠎ᠦᠨ ᠪᠦᠰᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠦᠷᠦᠭᠵᠢᠯ᠎ᠦᠨ ᠣᠷᠣᠨ ᠪᠦᠰᠡ᠎ᠶᠢᠨ ᠪᠠᠢᠷᠢᠰᠢᠭᠤᠯᠤᠯ ᠪᠠ ᠬᠠᠷᠠᠯᠲᠠᠲᠤ ᠡᠭᠦᠷᠭᠡ᠎ᠶᠢ ᠰᠢᠯᠢᠳᠡᠭᠵᠢᠭᠦᠯᠦᠨ᠂ 《ᠲᠥᠯᠦᠪᠵᠢᠭᠦᠯᠭᠡ᠎ᠶᠢ ᠶᠡᠷᠦᠩᠬᠡᠢᠯᠡᠨ ᠡᠵᠡᠮᠳᠡᠬᠦ᠂ ᠣᠯᠠᠨ ᠲᠥᠯᠦᠪᠵᠢᠭᠦᠯᠭᠡ᠎ᠶᠢ ᠨᠢᠭᠡᠳᠬᠡᠭᠰᠡᠨ》ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠰᠦᠷᠦᠭᠵᠢᠯ᠎ᠦᠨ ᠲᠥᠯᠦᠪᠵᠢᠭᠦᠯᠭᠡ᠎ᠶᠢᠨ ᠰᠢᠰᠲᠧᠮ᠎ᠢ ᠪᠣᠶ ᠪᠣᠯᠭᠠᠪᠠ᠃ ᠡᠭᠦᠨ᠎ᠦ ᠬᠠᠮᠲᠤ᠂ 《ᠠᠵᠤ ᠦᠢᠯᠡᠰ᠎ᠦᠨ ᠰᠦᠷᠦᠭᠵᠢᠯ᠎ᠦᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠲᠣᠬᠢᠷᠠᠭᠤᠯᠤᠯᠲᠠ᠎ᠶᠢᠨ ᠰᠢᠰᠲᠧᠮ 》᠎ᠢ ᠰᠤᠳᠤᠯᠤᠨ ᠨᠡᠭᠡᠭᠡᠵᠦ᠂ ᠬᠠᠮᠢᠶ᠎ᠠ ᠪᠦᠬᠦᠢ ᠭᠣᠣᠯ ᠴᠣᠭᠴᠠ ᠨᠢ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠠᠬᠢᠴᠠ ᠪᠠ ᠪᠡᠯᠡ ᠮᠥᠩᠭᠥ ᠲᠥᠯᠥᠭᠰᠡᠨ ᠪᠠᠢᠳᠠᠯ᠎ᠢ ᠴᠠᠭ ᠲᠤᠬᠠᠢ ᠳ᠋ᠤᠨᠢ ᠲᠠᠪᠴᠠᠩ᠎ᠳᠤ ᠳᠠᠮᠵᠢᠭᠤᠯᠵᠤ᠂ ᠴᠢᠬᠤᠯᠠ ᠪᠦᠲᠦᠭᠡᠨ ᠪᠠᠢᠭᠤᠯᠤᠯᠲᠠ᠎ᠶᠢᠨ ᠭᠦᠢᠴᠡᠳᠬᠡᠯ ᠲᠣᠭ᠎ᠠ᠎ᠶᠢ ᠪᠦᠷᠢᠳᠬᠡᠬᠦ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠬᠠᠮᠢᠶᠠᠷᠤᠯᠲᠠ ᠪᠠ ᠲᠥᠷᠥᠯ ᠵᠦᠢᠯ᠎ᠦᠨ ᠪᠡᠯᠡ ᠮᠥᠩᠭᠥ ᠲᠥᠯᠥᠬᠦ᠎ᠶᠢ ᠴᠠᠭ ᠲᠤᠬᠠᠢ ᠳ᠋ᠤᠨᠢ ᠲᠣᠬᠢᠷᠠᠭᠤᠯᠬᠤ᠎ᠶᠢ ᠪᠡᠶᠡᠯᠡᠭᠦᠯᠵᠦ ᠪᠣᠯᠣᠨ᠎ᠠ᠃

ᠡᠯ᠎ᠡ ᠭᠠᠵᠠᠷ᠎ᠤᠨ ᠬᠢᠨ᠎ᠦ ᠰᠦᠷᠦᠭᠵᠢᠯ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠢᠳᠡᠪᠬᠢᠵᠢᠯ᠎ᠢ ᠤᠯᠠᠮ ᠨᠢᠭᠡ ᠠᠯᠬᠤᠮ ᠬᠥᠭᠵᠢᠭᠡᠬᠦ᠎ᠶᠢᠨ ᠲᠥᠯᠥᠭᠡ᠂ ᠥᠪᠥᠷ ᠮᠣᠩᠭᠣᠯ ᠠᠵᠤ ᠦᠢᠯᠡᠰ᠎ᠦᠨ ᠰᠦᠷᠦᠭᠵᠢᠯ᠎ᠦᠨ ᠲᠤᠰᠬᠠᠢ ᠱᠠᠩᠨᠠᠯ᠎ᠤᠨ ᠪᠡᠯᠡ ᠮᠥᠩᠭᠥ ᠭᠠᠷᠭᠠᠵᠤ᠂ ᠰᠦᠷᠦᠭᠵᠢᠯ᠎ᠦᠨ ᠪᠦᠲᠦᠭᠡᠨ ᠪᠠᠢᠭᠤᠯᠤᠯᠲᠠ᠎ᠶᠢᠨ ᠳᠤᠲᠠᠭᠤᠳᠠᠯ᠎ᠢ ᠨᠥᠬᠥᠪᠦᠷᠢᠯᠡᠬᠦ᠂ ᠪᠠᠭᠤᠷᠠᠢ ᠵᠢ ᠴᠢᠨᠭᠭᠠᠷᠠᠭᠤᠯᠬᠤ᠂ ᠬᠡᠯᠬᠢᠶ᠎ᠡ᠎ᠶᠢ ᠤᠷᠲᠤᠳᠬᠠᠬᠤ᠎ᠳᠤ ᠬᠡᠷᠡᠭᠯᠡᠵᠦ᠂ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠰᠦᠷᠦᠭᠵᠢᠯ᠎ᠤᠨ ᠴᠢᠨᠠᠷ ᠰᠠᠢᠲᠠᠢ ᠪᠦᠲᠦᠭᠡᠨ ᠪᠠᠢᠭᠤᠯᠤᠯᠲᠠ ᠳ᠋ᠤ ᠪᠠᠲᠤ ᠪᠡᠬᠢ ᠪᠡᠯᠡ ᠮᠥᠩᠭᠥ᠎ᠶᠢᠨ ᠪᠠᠲᠤᠯᠠᠭ᠎ᠠ ᠬᠠᠩᠭᠠᠵᠤ ᠪᠠᠢᠨ᠎ᠠ᠃

ᠢᠷᠡᠯᠳᠡ᠄ ᠲᠠᠷᠢᠶᠠᠴᠢᠨ᠎ᠤ ᠡᠳᠦᠷ᠎ᠦᠨ ᠰᠣᠨᠢᠨ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号