ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ
ᠬᠣᠷᠢᠶ᠎ᠠ᠎ᠠᠴᠠ ᠣᠢᠯᠠᠭᠠᠭᠰᠠᠨ᠎ᠢᠶᠠᠷ᠂ ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ
ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠬᠣᠷᠢ ᠶᠢᠰᠦᠳᠦᠭᠡᠷ ᠬᠤᠷᠠᠯ ᠠ᠋ᠴᠠ 《ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠨᠤᠲᠤᠭ ᠪᠡᠯᠴᠢᠭᠡᠷ᠎ᠦᠨ ᠬᠠᠮᠠᠭᠠᠯᠠᠯᠲᠠ ᠪᠠ ᠬᠠᠮᠢᠶᠠᠷᠤᠯᠲᠠ᠎ᠶᠢᠨ ᠳᠦᠷᠢᠮ》 (ᠳᠣᠷᠣᠭ᠍ᠰᠢ 《ᠳᠦᠷᠢᠮ》 ᠭᠡᠵᠦ ᠲᠣᠪᠴᠢᠯᠠᠨ᠎ᠠ)᠎ᠢ ᠪᠠᠲᠤᠯᠠᠵᠤ᠂ ᠡᠨᠡ ᠵᠢᠯ᠎ᠦᠨ 9 ᠰᠠᠷ᠎ᠠ ᠶᠢᠨ 1 ᠦ ᠡᠳᠦᠷ ᠡᠴᠡ ᠡᠬᠢᠯᠡᠵᠦ
ᠵᠢᠩᠬᠢᠨᠢ᠎ᠪᠡᠷ ᠬᠡᠷᠡᠭᠵᠢᠭᠦᠯᠦᠨ᠎ᠡ᠃
ᠲᠠᠨᠢᠯᠴᠠᠭᠤᠯᠤᠭᠰᠠᠨ᠎ᠢᠶᠠᠷ᠂ 《ᠳᠦᠷᠢᠮ》 ᠨᠢ ᠥᠪᠡᠷᠲᠡᠭᠡᠨ ᠵᠠᠰᠠᠬᠤ ᠣᠷᠣᠨ᠎ᠤ
ᠨᠤᠲᠤᠭ ᠪᠡᠯᠴᠢᠭᠡᠷ᠎ᠦᠨ ᠬᠦᠷᠢᠶᠡᠨ᠎ᠳᠡᠬᠢ ᠨᠢᠭᠡᠨ ᠰᠠᠭᠤᠷᠢ ᠴᠢᠨᠠᠷᠲᠠᠢ᠂ ᠶᠡᠷᠦᠩᠬᠡᠢᠯᠡᠭᠰᠡᠨ ᠴᠢᠨᠠᠷᠲᠠᠢ ᠣᠷᠣᠨ
ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ ᠪᠣᠯᠤᠭᠰᠠᠨ᠎ᠤ ᠬᠤᠪᠢ᠎ᠳᠤ᠂ ᠲᠡᠭᠦᠨ᠎ᠢ ᠨᠡᠢᠲᠡᠯᠡᠨ ᠬᠡᠷᠡᠭᠵᠢᠭᠦᠯᠦᠭᠰᠡᠨ
ᠨᠢ ᠥᠪᠥᠷ ᠮᠣᠩᠭᠣᠯ᠎ᠤᠨ ᠰᠢ᠎ᠶᠢᠨ ᠫᠢᠩ ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ
ᠳᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠨ ᠪᠣᠬᠢᠷᠲᠤᠯ ᠦᠭᠡᠢ ᠬᠥᠭᠵᠢᠬᠦᠯᠬᠦ
ᠣᠢᠯᠠᠭᠠᠭᠳᠠᠬᠤᠨ᠎ᠢ ᠦᠢᠯᠡᠳᠦᠯᠭᠡᠵᠢᠭᠦᠯᠦᠭᠰᠡᠨ ᠴᠢᠬᠤᠯᠠ ᠬᠠᠤᠯᠢ ᠪᠡᠷ ᠵᠠᠰᠠᠭᠰᠠᠨ ᠦᠷ᠎ᠡ ᠪᠦᠲᠦᠭᠡᠯ ᠪᠠᠢᠵᠤ᠂
ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠵᠦ᠂
ᠨᠤᠲᠤᠭ ᠪᠡᠯᠴᠢᠭᠡᠷ᠎ᠦᠨ ᠠᠮᠢ ᠠᠬᠤᠢ᠎ᠶᠢ ᠥᠨᠳᠥᠷ ᠲᠦᠪᠰᠢᠨ᠎ᠢᠶᠡᠷ ᠬᠠᠮᠠᠭᠠᠯᠠᠬᠤ ᠪᠠ ᠠᠵᠤ ᠠᠬᠤᠢ ᠨᠡᠢᠭᠡᠮ᠎ᠦᠨ
ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠴᠢᠬᠤᠯᠠ ᠶᠡᠬᠡ ᠪᠥᠭᠡᠳ ᠠᠯᠤᠰ ᠬᠡᠳᠤ᠎ᠶᠢᠨ ᠠᠴᠢ ᠬᠣᠯᠪᠣᠭᠳᠠᠯ᠎ᠲᠠᠢ
ᠶᠤᠮ᠃
《ᠳᠦᠷᠢᠮ》᠎ᠢ ᠶᠡᠷᠦᠩᠬᠡᠢ ᠳᠦᠷᠢᠮ᠂ ᠨᠤᠲᠤᠭ ᠪᠡᠯᠴᠢᠭᠡᠷ᠎ᠦᠨ ᠡᠷᠬᠡ᠎ᠶᠢᠨ ᠬᠠᠷᠢᠶᠠᠯᠠᠯ᠂ ᠨᠤᠲᠤᠭ ᠪᠡᠯᠴᠢᠭᠡᠷ᠎ᠦᠨ
ᠲᠥᠯᠦᠪᠵᠢᠭᠦᠯᠭᠡ᠂ ᠨᠤᠲᠤᠭ ᠪᠡᠯᠴᠢᠭᠡᠷ᠎ᠦᠨ ᠪᠦᠲᠦᠭᠡᠨ ᠪᠠᠢᠭᠤᠯᠤᠯᠲᠠ᠂ ᠨᠤᠲᠤᠭ ᠪᠡᠯᠴᠢᠭᠡᠷ᠎ᠦᠨ ᠬᠠᠮᠠᠭᠠᠯᠠᠯᠲᠠ᠂
ᠨᠤᠲᠤᠭ ᠪᠡᠯᠴᠢᠭᠡᠷ᠎ᠦᠨ ᠠᠰᠢᠭ᠍ᠯᠠᠯᠲᠠ᠂ ᠬᠢᠨᠠᠯᠲᠠ ᠬᠠᠮᠢᠶᠠᠷᠤᠯᠲᠠ᠂ ᠬᠠᠤᠯᠢ᠎ᠶᠢᠨ ᠬᠠᠷᠢᠭᠤᠴᠠᠯᠭ᠎ᠠ ᠂ ᠳᠠᠭᠠᠯᠳᠤᠭᠤᠯᠤᠭᠰᠠᠨ
ᠳᠦᠷᠢᠮ ᠵᠡᠷᠭᠡ ᠶᠢᠰᠦᠨ ᠪᠦᠯᠦᠭ 66 ᠵᠦᠢᠯ ᠬᠤᠪᠢᠶᠠᠪᠠ᠃ ᠨᠤᠲᠤᠭ ᠪᠡᠯᠴᠢᠭᠡᠷ᠎ᠦᠨ ᠬᠠᠮᠢᠶᠠᠷᠤᠯᠲᠠ᠎ᠶᠢᠨ ᠪᠠᠢᠭᠤᠯᠤᠯ
ᠲᠣᠭᠲᠠᠴᠠ᠎ᠶᠢ ᠪᠦᠷᠢᠨᠰᠢᠭᠦᠯᠬᠦ᠂ ᠨᠤᠲᠤᠭ ᠪᠡᠯᠴᠢᠭᠡᠷ᠎ᠦᠨ ᠪᠦᠲᠦᠭᠡᠨ ᠪᠠᠢᠭᠤᠯᠤᠯᠲᠠ ᠬᠥᠭᠵᠢᠯᠲᠡ᠎ᠶᠢ ᠲᠡᠳᠬᠦᠨ
ᠪᠠᠲᠤᠯᠠᠬᠤ ᠡᠷᠴᠢᠮ᠎ᠢ ᠴᠢᠩᠭᠠᠷᠠᠭᠤᠯᠬᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢ ᠰᠡᠷᠭᠦᠭᠡᠬᠦ ᠠᠷᠭ᠎ᠠ ᠬᠡᠮᠵᠢᠶ᠎ᠡ᠎ᠶᠢ
ᠨᠠᠷᠢᠯᠢᠭ᠍ᠵᠢᠭᠤᠯᠬᠤ᠂ ᠦᠨᠳᠦᠰᠦᠨ ᠨᠤᠲᠤᠭ ᠪᠡᠯᠴᠢᠭᠡᠷ᠎ᠦᠨ ᠬᠠᠮᠠᠭᠠᠯᠠᠯᠲᠠ᠎ᠶᠢᠨ ᠳᠦᠷᠢᠮ᠎ᠢ ᠲᠡᠭᠦᠯᠳᠡᠷᠵᠢᠭᠦᠯᠬᠦ᠂ ᠪᠥᠬᠥ ᠲᠠᠯ᠎ᠠ᠎ᠶᠢᠨ ᠬᠠᠮᠠᠭᠠᠯᠠᠯᠲᠠ᠎ᠶᠢᠨ ᠰᠢᠰᠲᠧᠮ᠎ᠢ ᠪᠠᠶ᠋ᠢᠭᠤᠯᠬᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ
ᠪᠦᠲᠦᠭᠡᠭᠳᠡᠬᠦᠨ᠎ᠦ ᠥᠷᠲᠡᠭ᠎ᠦᠨ ᠤᠨᠳᠤᠤᠰᠢᠭᠤᠯᠤᠯᠳᠠ᠎ᠶᠢ ᠠᠬᠢᠭᠤᠯᠬᠤ ᠵᠡᠷᠭᠡ ᠲᠠᠯ᠎ᠠ᠎ᠪᠠᠷ ᠲᠣᠭᠲᠠᠭᠠᠯ ᠭᠠᠷᠭᠠᠪᠠ᠃
ᠲᠤᠰ ᠬᠣᠯᠪᠣᠭ᠋ᠠᠰᠤ᠎ᠶᠢ ᠲᠣᠪᠴᠢᠳᠠᠵᠤ 《ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠦᠨ ᠬᠠᠮᠠᠭᠠᠯᠠᠯᠲᠠ ᠪᠠ ᠬᠠᠮᠢᠶᠠᠷᠤᠯᠲᠠ᠎ᠶᠢᠨ ᠳᠦᠷᠢᠮ》᠎ᠤᠨ ᠪᠦᠬᠦ ᠠᠭᠤᠯᠭ᠎ᠠ ᠵᠢ ᠦᠵᠡᠭᠡᠷᠠᠢ!