ᠳᠠᠯ᠎ᠠ᠎ᠶᠢᠨ ᠡᠭᠡᠰᠢᠭᠯᠡᠩᠳᠦ ᠠᠶᠠᠰ᠎ᠤᠨ ᠰᠠᠯᠬᠢ
2026-08-05 11:38:59
ᠵᠣᠬᠢᠶᠠᠭ᠍ᠴᠢ᠄
ᠬᠦᠭᠵᠢᠯᠳᠦ ᠬᠦᠪᠴᠢᠨ
ᠣᠩᠱᠢᠭ᠍ᠰᠠᠨ ᠣᠳᠠᠭ᠎ᠠ᠄
★★★☆☆

ᠢᠳᠡ ᠵᠤᠨ᠎ᠤ ᠬᠠᠯᠠᠭᠤᠨ ᠵᠤᠯᠠᠢ ᠲᠥᠭᠡᠨᠡᠵᠦ ᠪᠠᠢᠭᠰᠠᠨ ᠴᠤ᠌ ᠥᠪᠥᠷ ᠮᠣᠩᠭᠣᠯ᠎ᠤᠨ ᠮᠦᠽᠧᠢ ᠬᠥᠮᠥᠨ᠎ᠤ ᠳᠠᠯᠠᠢ ᠪᠣᠯᠣᠨ ᠴᠠᠯᠭᠢᠵᠤ᠂ ᠣᠨᠴᠠ᠎ᠶᠢᠨ ᠭᠦᠷ ᠬᠥᠭᠵᠢᠶᠡᠨ ᠲᠠᠢ᠃ ᠲᠦᠷᠦᠭᠦᠬᠡᠨ᠂ ᠥᠪᠥᠷ ᠮᠣᠩᠭᠣᠯ᠎ᠤᠨ ᠠᠩᠬᠠᠳᠠᠭ᠍ᠴᠢ ᠲᠡᠦᠬᠡ᠎ᠶᠢᠨ ᠳᠤᠷᠠᠰᠬᠠᠯᠲᠤ ᠵᠦᠢᠯ᠎ᠤᠨ ᠲᠠᠢᠰᠠᠨ᠎ᠤ ᠦᠵᠡᠭᠦᠯᠭᠡ 《ᠤᠴᠠᠷᠠᠯ·ᠲᠠᠯ᠎ᠠ᠎ᠶᠢᠨ ᠡᠭᠡᠰᠢᠭᠯᠡᠩᠳᠦ ᠠᠶᠠᠰ᠎ᠤᠨ ᠰᠠᠯᠬᠢ》 ᠲᠤᠬ᠍ᠯᠠᠯᠳᠠ ᠶ᠋ᠢ ᠥᠪᠥᠷ ᠮᠣᠩᠭᠣᠯ᠎ᠤᠨ ᠮᠦᠽᠧᠢ᠎ᠳᠦ ᠠᠩᠬ᠎ᠠ ᠲᠤᠷᠰᠢᠨ ᠲᠣᠭᠯᠠᠵᠤ᠂ ᠬᠥᠮᠥᠰ᠎ᠤᠨ ᠠᠩᠬᠠᠷᠤᠯ᠎ᠢ ᠲᠠᠲᠠᠵᠠᠢ᠃


1.png


ᠦᠨᠳᠦᠷ ᠳᠣᠭᠣᠢ ᠵᠢᠨ ᠼᠢᠷᠺ ᠦᠵᠡᠭᠴᠢᠳ᠎ᠤᠨ ᠪᠠᠬ᠎ᠠ ᠵᠢ ᠲᠠᠲᠠᠨ᠎ᠠ


ᠡᠨᠡ ᠬᠦ᠌ ᠦᠵᠡᠭᠦᠯᠭᠡ᠎ᠶᠢ ᠥᠪᠥᠷ ᠮᠣᠩᠭᠣᠯ᠎ᠤᠨ ᠤᠷᠠᠯᠢᠭ᠋  ᠵᠦᠴᠦᠭᠡ᠎ᠶᠢᠨ ᠬᠦᠷᠢᠶᠡᠯᠡᠩ᠎ᠡᠴᠡ ᠥᠪᠥᠷ ᠮᠣᠩᠭᠣᠯ᠎ᠤᠨ ᠮᠦᠽᠧᠢ᠂ ᠥᠪᠥᠷ ᠮᠣᠩᠭᠣᠯ᠎ᠤᠨ ᠮᠧᠩ ᡁᠢ ᠯᠢᠦᠢ ᠵᠤᠭᠠᠴᠠᠯ᠎ᠤᠨ ᠡᠵᠡᠩᠨᠡᠯᠲᠡ ᠬᠠᠮᠢᠶᠠᠷᠤᠯᠲᠠ᠎ᠶᠢᠨ ᠺᠤᠮᠫᠠᠨᠢ᠂ ᠥᠪᠥᠷ ᠮᠣᠩᠭᠣᠯ᠎ᠤᠨ ᠤᠯᠠᠭᠠᠨ ᠲᠢᠶᠠᠲᠷ ᠲᠣᠬ᠍ᠯᠠᠯᠲᠠ ᠤᠷᠠᠯᠢᠭ᠋᠎ᠤᠨ ᠺᠤᠮᠫᠠᠨᠢ ᠲᠠᠢ ᠬᠠᠮᠲᠤᠷᠠᠨ ᠵᠣᠬᠢᠶᠠᠨ ᠪᠦᠲᠦᠭᠡᠵᠦ᠂ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠼᠢᠷᠺ᠎ᠦᠨ ᠪᠦᠯᠭᠦᠮ᠂ ᠶᠠᠷᠢᠶᠠᠲᠤ ᠵᠦᠴᠦᠭᠡ᠎ᠶᠢᠨ ᠪᠦᠯᠭᠦᠮ᠂ ᠦᠨᠳᠦᠰᠦᠲᠡᠨ᠎ᠦ ᠬᠥᠭᠵᠢᠮ᠎ᠦᠨ ᠪᠦᠯᠭᠦᠮ᠂ ᠦᠨᠳᠦᠰᠦᠲᠡᠨ᠎ᠦ ᠳᠠᠭᠤᠤᠷᠢᠯᠢᠭ᠋᠎ᠤᠨ ᠪᠦᠯᠭᠦᠮ᠂ ᠮᠣᠩᠭᠣᠯ ᠵᠦᠴᠦᠭᠡ᠎ᠶᠢᠨ ᠤᠷᠠᠯᠢᠭ᠋᠎ᠤᠨ ᠪᠦᠯᠭᠦᠮ᠎ᠦᠨ ᠰᠢᠯᠢᠳᠡᠭ ᠲᠣᠭᠯᠠᠭ᠍ᠴᠢᠳ᠎ᠠᠴᠠ ᠼᠢᠷᠺ᠂ ᠪᠥᠵᠢᠭ᠂ ᠤᠷᠲᠤ᠎ᠶᠢᠨ ᠳᠠᠭᠤᠤ᠂ ᠬᠥᠭᠡᠮᠡᠢ᠂ ᠮᠣᠷᠢᠨ ᠬᠤᠭᠤᠷ᠂ ᠮᠣᠩᠭᠣᠯ ᠦᠨᠳᠦᠰᠦᠲᠡᠨ᠎ᠦ ᠠᠷᠠᠳ᠎ᠤᠨ ᠳᠠᠭᠤᠤ ᠵᠡᠷᠭᠡ ᠣᠯᠠᠨ ᠵᠦᠢᠯ᠎ᠦᠨ ᠪᠣᠳᠠᠰ᠎ᠤᠨ ᠪᠤᠰᠤ ᠰᠣᠶᠣᠯ᠎ᠤᠨ ᠥᠪ᠎ᠲᠠᠢ ᠤᠶᠠᠯᠳᠤᠭᠤᠯᠤᠨ᠂ ᠰᠢᠨ᠎ᠡ ᠰᠡᠪᠡᠭᠦᠨ᠂ ᠢᠷᠠᠭᠤ ᠰᠠᠢᠬᠠᠨ᠂ ᠰᠣᠨᠢᠷᠬᠠᠯ᠎ᠲᠠᠢ ᠲᠠᠢᠰᠠᠨ᠎ᠤ ᠲᠤᠬ᠍ᠯᠠᠯᠳᠠ ᠪᠣᠯᠭᠠᠨ᠂ ᠤᠯᠠᠮᠵᠢᠯᠠᠯᠲᠤ ᠮᠦᠽᠧᠢ᠎ᠶᠢᠨ ᠲᠠᠢᠯᠪᠤᠷᠢ ᠪᠣᠯᠣᠨ ᠲᠠᠢᠰᠠᠨ᠎ᠤ ᠤᠷᠠᠨ ᠰᠠᠢᠬᠠᠨ᠎ᠤ ᠲᠤᠬ᠍ᠯᠠᠯᠳᠠ᠎ᠶᠢ ᠡᠪᠯᠢᠭ ᠤᠶᠠᠯᠳᠤᠭᠤᠯᠵᠠᠢ᠃ 40 ᠮᠢᠨᠦ᠋ᠲ᠎ᠤᠨ ᠲᠤᠬ᠍ᠯᠠᠯᠳᠠ ᠡᠪᠯᠢᠭ ᠠᠪᠰᠠᠷ᠂ ᠰᠢᠯᠦᠭᠯᠢᠭ ᠰᠠᠨᠠᠭ᠎ᠠ ᠳᠦᠭᠦᠷᠡᠩ ᠪᠠᠢᠵᠤ᠂ ᠥᠪᠥᠷ ᠮᠣᠩᠭᠣᠯ᠎ᠤᠨ ᠳᠥᠷᠪᠡᠨ ᠤᠯᠠᠷᠢᠯ ᠡᠭᠡᠯᠵᠢᠯᠡᠨ᠂ ᠬᠥᠮᠥᠨ ᠬᠢᠭᠡᠳ ᠪᠠᠢᠭᠠᠯᠢ ᠡᠶ᠎ᠡ ᠵᠣᠬᠢᠴᠠᠩᠭᠤᠢ ᠰᠢᠲᠦᠯᠴᠡᠨ ᠣᠷᠣᠰᠢᠭ᠍ᠰᠠᠨ ᠪᠠᠢᠳᠠᠯ᠎ᠢ ᠦᠵᠡᠭᠦᠯᠵᠦ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠰᠢᠨ᠎ᠡ ᠵᠠᠭᠪᠤᠷ᠎ᠢ ᠡᠭᠦᠳᠴᠦ᠂ ᠥᠪᠥᠷ ᠮᠣᠩᠭᠣᠯ᠎ᠤᠨ ᠰᠣᠶᠣᠯ ᠦᠵᠡᠰᠭᠦᠯᠡᠩ᠎ᠦᠨ ᠲᠠᠯᠠᠪᠠᠢ ᠣᠷᠳᠣᠨ᠎ᠳᠦ ᠤᠷᠠᠨ ᠰᠠᠢᠬᠠᠨ᠎ᠤ ᠲᠣᠬ᠍ᠯᠠᠯᠲᠠ ᠪᠠᠢᠭ᠎ᠠ ᠦᠭᠡᠢ ᠬᠣᠭᠣᠰᠤᠨ᠎ᠢ ᠨᠥᠬᠥᠪᠦᠷᠢᠯᠡᠵᠡᠢ᠃ 


2.png


ᠼᠢᠷᠺ ᠎ᠤᠨ ᠡᠷᠳᠡᠮ ᠵᠢᠡᠨ ᠭᠠᠢᠬᠠᠭᠤᠯᠤᠨ᠎ᠠ


3.png


ᠪᠦᠵᠢᠭ ᠤᠷᠠᠯᠢᠭ ᠵᠢᠡᠷ ᠲᠡᠥᠬᠡ ᠵᠢᠨ ᠳᠤᠷᠠᠰᠬᠠᠯᠲᠤ ᠵᠦᠢᠯ᠎ᠢ᠎ᠠᠮᠢᠯᠠᠭᠤᠯᠤᠨ᠎ᠠ


4.png


ᠠᠮᠠᠨ ᠬᠤᠭᠤᠷ᠎ᠤᠨ ᠲᠤᠭᠯᠠᠯᠲᠠ


6.png


ᠬᠦᠯᠢᠰ ᠳᠡᠭᠡᠷᠡᠬᠢ ᠣᠷᠠᠨ ᠨᠤᠬᠢᠯᠤᠯ


5.png


ᠲᠤᠭᠯᠠᠯᠲᠠ ᠵᠢᠨ ᠠᠬᠤᠢ ᠲᠠᠯᠠᠪᠠᠢ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号