ᠥᠪᠥᠷ ᠮᠣᠩᠭᠣᠯ ᠤ᠋ᠨ ᠡᠨᠧᠷᠭᠢ ᠶ᠋ᠢᠨ ᠪᠦᠯᠦᠭᠯᠡᠯ ᠤ᠋ᠨ ᠮᠡᠳᠡᠭᠡ ᠵᠢ ᠦᠨᠳᠦᠰᠦᠯᠡᠪᠡᠯ᠂ 7 ᠰᠠᠷ᠎ᠠ ᠶ᠋ᠢᠨ 1 ᠡᠴᠡ 20 ᠤ᠋ ᠡᠳᠦᠷ ᠪᠣᠯᠲᠠᠯ᠎ᠠ᠂ ᠥᠪᠥᠷ ᠮᠣᠩᠭᠣᠯ ᠤ᠋ᠨ ᠡᠨᠧᠷᠭᠢ ᠶ᠋ᠢᠨ ᠪᠦᠯᠦᠭᠯᠡᠯ ᠤ᠋ᠨ ᠡᠳᠦᠷ ᠳᠤᠮᠳᠠᠴᠢ ᠶ᠋ᠢᠨ ᠴᠠᠬᠢᠯᠭᠠᠨ ᠭᠠᠷᠭᠠᠬᠤ ᠬᠡᠮᠵᠢᠶ᠎ᠡ 2.56 ᠳ᠋ᠦᠩᠰᠢᠭᠤᠷ ᠭᠷᠠᠳᠦ᠋ᠰᠲᠦ᠍ ᠬᠦᠷᠪᠡ᠃ ᠡᠭᠦᠨ ᠳ᠋ᠤ᠂ 7 ᠰᠠᠷ᠎ᠠ ᠶ᠋ᠢᠨ 19 ᠤ᠋ ᠡᠳᠦᠷ ᠤ᠋ᠨ ᠴᠠᠬᠢᠯᠭᠠᠨ ᠭᠠᠷᠭᠠᠭᠰᠠᠨ ᠬᠡᠮᠵᠢᠶ᠎ᠡ 2.73 ᠳ᠋ᠦᠩᠰᠢᠭᠤᠷ ᠭᠷᠠᠳᠦ᠋ᠰ ᠢ᠋ ᠳᠠᠪᠠᠵᠤ᠂ ᠪᠦᠯᠦᠭᠯᠡᠯ ᠤ᠋ᠨ ᠨᠢᠭᠡ ᠡᠳᠦᠷ ᠤ᠋ᠨ ᠴᠠᠬᠢᠯᠭᠠᠨ ᠭᠠᠷᠭᠠᠭᠰᠠᠨ ᠬᠡᠮᠵᠢᠶ᠎ᠡ ᠶ᠋ᠢᠨ ᠲᠡᠦᠬᠡ ᠶ᠋ᠢᠨ ᠲᠡᠮᠲᠡᠭᠳᠡᠯ ᠢ᠋ ᠰᠢᠨᠡᠳᠬᠡᠵᠦ᠍᠂ ᠭᠦᠢᠴᠡᠳ ᠲᠣᠭᠲᠠᠭᠤᠨ ᠴᠠᠬᠢᠯᠭᠠᠨ ᠭᠠᠷᠭᠠᠬᠤ ᠦᠢᠯᠡᠳᠪᠦᠷᠢᠯᠡᠯ ᠤ᠋ᠨ ᠴᠢᠳᠠᠪᠤᠷᠢ ᠪᠡᠷ ᠣᠷᠣᠨ ᠪᠦᠰᠡ ᠶ᠋ᠢᠨ ᠴᠠᠬᠢᠯᠭᠠᠨ ᠬᠦᠴᠦᠨ ᠤ᠋ ᠠᠮᠤᠷ ᠲᠦᠪᠰᠢᠨ ᠨᠠᠶ᠋ᠢᠳᠠᠪᠤᠷᠢᠲᠠᠢ ᠬᠠᠩᠭᠠᠯᠭ᠎ᠠ ᠶ᠋ᠢᠨ ᠪᠠᠲᠤ᠌ ᠪᠡᠬᠢ ᠰᠡᠷᠭᠡᠶ᠋ᠢᠯᠡᠯᠲᠡ ᠶ᠋ᠢᠨ ᠱᠤᠭᠤᠮ ᠢ᠋ ᠪᠠᠶ᠋ᠢᠭᠤᠯᠪᠠ᠃
ᠡᠨᠡ ᠵᠢᠯ ᠡᠴᠡ ᠨᠠᠭᠠᠰᠢ᠂ ᠦᠪᠦᠷ ᠮᠤᠨᠭᠭᠤᠯ ᠤ᠋ᠨ ᠠᠵᠤ ᠦᠢᠯᠡᠳᠪᠦᠷᠢ ᠶ᠋ᠢᠨ ᠦᠢᠯᠡᠳᠪᠦᠷᠢᠯᠡᠯ ᠤ᠋ᠨ ᠴᠢᠳᠠᠪᠤᠷᠢ ᠦᠷᠭᠦᠯᠵᠢᠯᠡᠨ ᠦᠷᠭᠡᠳᠴᠦ᠂ ᠡᠭᠦᠨ ᠤ᠋ ᠵᠡᠷᠭᠡ ᠪᠡᠷ ᠵᠣᠨ ᠤ᠋ ᠤᠯᠠᠷᠢᠯ ᠤ᠋ᠨ ᠴᠠᠬᠢᠯᠭᠠᠨ ᠬᠡᠷᠡᠭᠯᠡᠬᠦ ᠤᠷᠭᠢᠯ ᠬᠤᠭᠤᠴᠠᠭ᠎ᠠ ᠪᠤᠯᠤᠬᠰᠠᠨ ᠡᠴᠡ ᠪᠥᠬᠥ᠌ ᠨᠡᠶ᠋ᠢᠭᠡᠮ ᠤ᠋ᠨ ᠴᠠᠬᠢᠯᠭᠠᠨ ᠬᠡᠷᠡᠭᠯᠡᠬᠦ᠌ ᠬᠡᠷᠡᠭᠴᠡᠭᠡ ᠲᠠᠰᠤᠷᠠᠯᠲᠠ ᠥᠬᠡᠶ ᠳᠡᠭᠡᠭᠰᠢᠯᠡᠵᠦ᠍᠂ ᠴᠠᠬᠢᠯᠭᠠᠨ ᠬᠦᠴᠦᠨ ᠤ᠋ ᠬᠡᠷᠡᠭᠯᠡᠭᠡᠨ ᠤ᠋ ᠵᠠᠬ᠎ᠠ ᠳᠡᠯᠭᠡᠭᠦᠷ ᠥᠷᠨᠢᠭᠦᠨ ᠢ᠋ᠶ᠋ᠡᠷ ᠨᠡᠮᠡᠭᠳᠡᠬᠦ᠌ ᠬᠠᠨᠳᠤᠰᠢ ᠵᠢ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ᠋ ᠴᠠᠬᠢᠯᠭᠠᠨ ᠬᠦᠴᠦᠨ ᠤ᠋ ᠠᠵᠢᠯ ᠲᠥᠷᠥᠯ ᠤ᠋ᠨ ᠨᠡᠶ᠋ᠢᠭᠡᠮᠯᠢᠭ ᠤ᠋ᠨ ᠲᠣᠭ᠎ᠠ ᠪᠠᠷᠢᠮᠲᠠ ᠡᠴᠡ ᠦᠵᠡᠪᠡᠯ ᠂ 1— 6 ᠰᠠᠷ᠎ᠠ ᠳ᠋ᠤ ᠪᠥᠬᠥ᠌ ᠣᠷᠣᠨ ᠤ᠋ ᠪᠥᠬᠥ᠌ ᠨᠡᠶ᠋ᠢᠭᠡᠮ ᠤ᠋ᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ 7.32% ᠢ᠋ᠶ᠋ᠡᠷ ᠨᠡᠮᠡᠭᠳᠡᠵᠦ᠂ 6 ᠰᠠᠷ᠎ᠠ ᠶ᠋ᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ 8.71% ᠪᠡᠷ ᠨᠡᠮᠡᠭᠳᠡᠪᠡ᠃
ᠡᠳᠦᠷ ᠢᠷᠡᠬᠦᠶ᠎ᠡ ᠨᠡᠮᠡᠭᠳᠡᠵᠦ᠍ ᠪᠠᠶ᠋ᠢᠭ᠎ᠠ ᠴᠠᠬᠢᠯᠭᠠᠨ ᠬᠡᠷᠡᠭᠯᠡᠭᠡᠨ ᠤ᠋ ᠳᠠᠷᠤᠯᠲᠠ ᠶ᠋ᠢᠨ ᠡᠮᠦᠨ᠎ᠡ᠂ ᠥᠪᠥᠷ ᠮᠣᠩᠭᠣᠯ ᠤ᠋ᠨ ᠡᠨᠧᠷᠭᠢ ᠶ᠋ᠢᠨ ᠪᠦᠯᠦᠭᠯᠡᠯ ᠤ᠋ᠨ ᠬᠢᠨ ᠡᠨᠧᠷᠭᠢ ᠶ᠋ᠢᠨ ᠬᠠᠩᠭᠠᠯᠭ᠎ᠠ ᠵᠢ ᠪᠠᠲᠤᠯᠠᠬᠤ ᠤᠯᠤᠰ ᠲᠥᠷᠥ ᠶ᠋ᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠍᠂ ᠡᠨᠧᠷᠭᠢ ᠶ᠋ᠢᠨ ᠬᠠᠩᠭᠠᠯᠭ᠎ᠠ ᠵᠢ ᠪᠠᠲᠤᠯᠠᠬᠤ ᠪᠠᠲᠤᠯᠠᠭ᠎ᠠ ᠶ᠋ᠢᠨ ᠠᠷᠭ᠎ᠠ ᠬᠡᠮᠵᠢᠶ᠎ᠡ ᠵᠢ ᠪᠥᠬᠥ᠌ ᠲᠠᠯ᠎ᠠ ᠪᠡᠷ ᠨᠠᠷᠢᠯᠢᠭ ᠨᠠᠶ᠋ᠢᠳᠠᠪᠤᠷᠢᠵᠢᠭᠤᠯᠪᠠ᠃ ᠲᠦᠯᠡᠰᠢ ᠶ᠋ᠢᠨ ᠪᠠᠲᠤᠯᠠᠭ᠎ᠠ ᠶ᠋ᠢᠨ ᠲᠠᠯ᠎ᠠ ᠪᠡᠷ᠂ ᠨᠡᠭᠦᠷᠡᠰᠦᠨ ᠲᠠᠯᠠᠪᠠᠢ ᠶ᠋ᠢᠨ ᠬᠥᠮᠥᠷᠭᠡ ᠶ᠋ᠢᠨ ᠬᠠᠳᠠᠭᠠᠯᠠᠯᠲᠠ ᠵᠢ ᠤᠷᠢᠳᠴᠢᠯᠠᠨ ᠨᠡᠮᠡᠭᠳᠡᠭᠦᠯᠵᠦ᠍᠂ ᠨᠡᠭᠦᠷᠡᠰᠦᠨ ᠤ᠋ ᠶᠠᠰᠤ ᠴᠢᠨᠠᠷ ᠢ᠋ ᠬᠠᠮᠢᠶᠠᠷᠤᠨ ᠡᠵᠡᠮᠳᠡᠬᠦ᠌ ᠪᠠ ᠨᠡᠭᠦᠷᠡᠰᠦ ᠭᠠᠷᠭᠠᠬᠤ ᠶᠠᠪᠤᠴᠠ ᠵᠢ ᠰᠢᠯᠢᠳᠡᠭᠵᠢᠭᠦᠯᠵᠦ᠍᠂ ᠢᠯᠴᠢ ᠶ᠋ᠢᠨ ᠴᠠᠬᠢᠯᠭᠠᠨ ᠤ᠋ ᠮᠠᠰᠢᠨ ᠴᠣᠭᠴᠠᠯᠠᠪᠤᠷᠢ ᠶ᠋ᠢᠨ ᠨᠡᠭᠦᠷᠡᠰᠦᠨ ᠤ᠋ ᠲᠣᠭᠲᠠᠭᠤᠨ ᠬᠠᠩᠭᠠᠯᠭ᠎ᠠ ᠵᠢ ᠪᠠᠲᠤᠯᠠᠪᠠ;ᠲᠥᠬᠥᠭᠡᠷᠦᠮᠵᠢ ᠵᠢ ᠠᠷᠠᠴᠢᠯᠠᠵᠤ ᠬᠠᠮᠠᠭᠠᠯᠠᠬᠤ ᠲᠠᠯ᠎ᠠ ᠪᠡᠷ᠂ ᠲᠥᠬᠥᠭᠡᠷᠦᠮᠵᠢ ᠶ᠋ᠢᠨ ᠬᠡᠮ ᠰᠣᠭᠣᠭ ᠢ᠋ ᠵᠢᠭᠰᠠᠭᠠᠨ ᠪᠠᠶ᠋ᠢᠴᠠᠭᠠᠵᠤ ᠵᠠᠰᠠᠬᠤ ᠠᠵᠢᠯ ᠢ᠋ ᠪᠠᠶ᠋ᠢᠩᠭᠤᠵᠢᠭᠤᠯᠤᠨ ᠥᠷᠨᠢᠭᠦᠯᠵᠦ᠍᠂ ᠲᠤᠭᠤᠭᠠᠲᠤ ᠵᠤᠤᠬ᠎ᠠ᠂ ᠠᠭᠤᠷ ᠤ᠋ᠨ ᠲᠦᠷᠪᠢᠨ᠂ᠳᠠᠷᠤᠯᠲᠠ ᠳᠡᠭᠡᠭᠰᠢᠯᠡᠭᠦᠯᠬᠦ᠌ ᠥᠷᠲᠡᠭᠡ ᠵᠡᠷᠭᠡ ᠵᠠᠩᠭᠢᠯᠠᠭ᠎ᠠ ᠶ᠋ᠢᠨ ᠲᠥᠬᠥᠭᠡᠷᠦᠮᠵᠢ ᠶ᠋ᠢᠨ ᠲᠣᠭᠣᠷᠢᠨ ᠪᠠᠶ᠋ᠢᠴᠠᠭᠠᠬᠤ ᠳᠠᠪᠲᠠᠮᠵᠢ ᠤᠳᠠᠭ᠎ᠠ ᠵᠢ ᠨᠡᠮᠡᠭᠳᠡᠭᠦᠯᠵᠦ᠂ ᠡᠯ᠎ᠡ ᠲᠥᠷᠥᠯ ᠤ᠋ᠨ ᠳᠤᠲᠠᠭᠳᠠᠯ ᠢ᠋ ᠴᠠᠭ ᠲᠤᠬᠠᠶ ᠳ᠋ᠤᠨᠢ ᠴᠡᠭᠴᠡᠯᠡᠨ ᠵᠠᠰᠠᠪᠠ; ᠠᠵᠤ ᠠᠬᠤᠶ ᠶ᠋ᠢᠨ ᠠᠵᠢᠯᠯᠠᠭᠠᠨ ᠤ᠋ ᠲᠠᠯ᠎ᠠ ᠪᠡᠷ᠂ ᠴᠠᠭ ᠠᠭᠤᠷ ᠤ᠋ᠨ ᠤᠷᠢᠳᠴᠢᠯᠠᠭᠰᠠᠨ ᠮᠡᠳᠡᠭᠡ ᠳ᠋ᠤ ᠲᠦᠰᠢᠭᠯᠡᠨ ᠰᠠᠯᠬᠢ ᠬᠡᠷᠡᠯ ᠤ᠋ᠨ ᠬᠦᠴᠦᠨ ᠢ᠋ ᠤᠨᠤᠴᠠᠲᠠᠢ ᠮᠠᠭᠠᠳᠯᠠᠵᠤ᠂ ᠣᠷᠣᠨ ᠪᠦᠰᠡ ᠶ᠋ᠢᠨ ᠴᠠᠬᠢᠯᠭᠠᠨ ᠬᠡᠷᠡᠭᠯᠡᠭᠡᠨ ᠤ᠋ ᠪᠠᠢᠳᠠᠯ ᠲᠠᠢ ᠤᠶᠠᠯᠳᠤᠭᠤᠯᠤᠨ ᠮᠠᠰᠢᠨ ᠴᠣᠭᠴᠠᠯᠠᠪᠤᠷᠢ ᠶ᠋ᠢᠨ ᠴᠠᠬᠢᠯᠭᠠᠨ ᠭᠠᠷᠭᠠᠬᠤ ᠬᠡᠮᠵᠢᠶ᠎ᠡ ᠵᠢ ᠬᠥᠳᠡᠯᠦᠩᠭᠦᠶ ᠪᠡᠷ ᠰᠢᠯᠢᠳᠡᠭᠵᠢᠭᠦᠯᠵᠦ᠍᠂ ᠢᠯᠴᠢ ᠶ᠋ᠢᠨ ᠴᠠᠬᠢᠯᠭᠠᠨ᠂ ᠰᠢᠨ᠎ᠡ ᠡᠨᠧᠷᠭᠢ ᠶ᠋ᠢᠨ ᠴᠠᠬᠢᠯᠭᠠᠨ ᠵᠡᠷᠭᠡ ᠶ᠋ᠢᠨ ᠪᠦᠬᠦᠯᠢ ᠴᠣᠭᠴᠠ ᠶ᠋ᠢᠨ ᠦᠢᠯᠡᠳᠦᠯ ᠴᠢᠳᠠᠮᠵᠢ ᠵᠢ ᠬᠠᠮᠤᠭ ᠤ᠋ᠨ ᠶᠡᠬᠡ ᠪᠣᠯᠭᠠᠬᠤ ᠵᠢ ᠪᠡᠶᠡᠯᠡᠭᠦᠯᠪᠡ᠃