ᠤᠢᠷ᠎ᠠ ᠳ᠋ᠤ ᠣᠷᠳᠣᠰ ᠬᠤᠳᠠ ᠵᠢᠨ ᠵᠡᠭᠦᠨᠭᠠᠷ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠋ ᠤ᠋ᠨ ᠳᠠᠯᠦ᠍ ᠠᠵᠤ ᠦᠢᠯᠡᠰ ᠤ᠋ᠨ ᠬᠦᠷᠢᠶᠡᠯᠡᠩ ᠳ᠋ᠤ ᠪᠠᠢᠷᠢᠯᠠᠭ᠎ᠠ ᠨᠢᠭᠡ ᠲᠦᠮᠡᠨ ᠲᠣᠨ ᠤ᠋ ᠲᠡᠰ ᠤ᠋ᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠶ᠋ᠢᠡᠷ ᠦᠨᠦᠷᠲᠦ ᠨᠡᠭᠦᠷᠦᠭᠴᠢ ᠦᠢᠯᠡᠳᠪᠦᠷᠢᠯᠡᠬᠦ ᠠᠵᠤ ᠦᠢᠯᠡᠳᠪᠦᠷᠢᠵᠢᠯᠲᠡ ᠵᠢᠨ ᠵᠢᠱ᠌ᠢᠶ᠎ᠡ ᠦᠵᠡᠭᠦᠯᠬᠦ ᠲᠦᠷᠦᠯ ᠵᠦᠢᠯ ᠳᠦᠷᠦᠬᠦᠭᠡᠨ ᠪᠠᠷᠢᠯᠭᠠᠵᠢᠨ ᠠᠵᠢᠯᠤᠨ ᠶ᠋ᠢᠡᠨ 95% ᠵᠢ ᠨᠢᠭᠡᠨᠳᠡ ᠪᠡᠶᠡᠯᠡᠬᠦᠯᠵᠦ᠂ ᠰᠡᠬᠦᠯ ᠰᠢᠪᠳᠤᠷᠠᠬᠤ ᠪᠦᠳᠦᠭᠡᠨ ᠪᠠᠢᠭᠤᠯᠤᠯᠳᠠ ᠶ᠋ᠢᠨ ᠠᠵᠢᠯ ᠢ᠋ ᠳᠦᠷᠭᠡᠳᠬᠡᠨ ᠠᠬᠢᠭᠤᠯᠵᠤ ᠪᠠᠢᠨ᠎ᠠ᠃
ᠲᠤᠰ ᠲᠦᠷᠦᠯ ᠵᠦᠢᠯ ᠤ᠋ᠨ ᠶᠡᠷᠦᠩᠬᠡᠢ ᠪᠡᠯᠡ ᠣᠷᠣᠭᠤᠯᠤᠯᠲᠠ 3.94 ᠳ᠋ᠦᠩᠰᠢᠭᠤᠷ ᠲᠥᠭᠥᠷᠢᠭ ᠲᠤ᠌ ᠬᠦᠷᠴᠦ᠂ ᠪᠦᠬᠦ ᠳᠡᠯᠡᠬᠡᠢ ᠵᠢᠨ ᠠᠩᠬᠠᠳᠠᠭ᠍ᠴᠢ ᠨᠢᠭᠡ ᠲᠦᠮᠡᠨ ᠲᠣᠨ ᠤ᠋ ᠲᠡᠰ ᠤ᠋ᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠶ᠋ᠢᠡᠷ ᠦᠨᠦᠷᠲᠦ ᠨᠡᠭᠦᠷᠦᠭᠴᠢ ᠦᠢᠯᠡᠳᠪᠦᠷᠢᠯᠡᠬᠦ ᠠᠵᠤ ᠦᠢᠯᠡᠳᠪᠦᠷᠢᠵᠢᠯᠲᠡ ᠵᠢᠨ ᠵᠢᠱ᠌ᠢᠶ᠎ᠡ ᠦᠵᠡᠭᠦᠯᠬᠦ ᠳᠦᠷᠦᠯ ᠵᠦᠢᠯ ᠪᠣᠯᠣᠨ᠎ᠠ᠃ ᠳᠤᠰ ᠲᠥᠷᠥᠯ ᠵᠦᠢᠯ ᠠᠰᠢᠭ᠍ᠯᠠᠯᠲᠠ ᠳ᠋ᠤ ᠣᠷᠣᠭᠰᠠᠨ ᠤ᠋ ᠳᠠᠷᠠᠭ᠎ᠠ ᠵᠢᠱᠶ᠋ᠯᠳᠡ ᠪᠡᠷ ᠵᠢᠯ ᠪᠦᠷᠢ 1 ᠲᠦᠮᠡᠨ ᠲᠣᠨ ᠦᠨᠦᠷᠲᠦ ᠨᠡᠭᠦᠷᠦᠭᠴᠢ ᠵᠢᠨ ᠦᠢᠯᠡᠳᠬᠦᠨ ᠦᠢᠯᠡᠳᠪᠦᠷᠢᠯᠡᠬᠦ ᠴᠢᠳᠠᠪᠤᠷᠢ ᠵᠢ ᠪᠦᠷᠢᠯᠳᠦᠬᠦᠯᠦᠨ᠂ ᠵᠢᠯ ᠪᠦᠷᠢ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠢ᠋ 3.2 ᠲᠦᠮᠡᠨ ᠲᠣᠨ ᠰᠢᠩᠭᠡᠬᠡᠨ ᠠᠪᠴᠤ᠂ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠦᠲᠦᠮᠵᠢᠲᠡᠢ ᠪᠠᠭᠤᠷᠠᠭᠤᠯᠤᠨ᠂ ᠣᠷᠣᠨ ᠪᠦᠰᠡ ᠵᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳ᠋ᠤ ᠬᠦᠴᠦᠨ ᠨᠡᠮᠡᠷᠢᠯᠡᠬᠦ ᠪᠤᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号