ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠣᠢᠷ᠎ᠠ ᠳ᠋ᠦ ᠪᠦᠬᠦ ᠤᠷᠤᠨ ᠤ᠋ ᠲᠦᠷᠦᠬᠦᠤ ᠪᠦᠯᠦᠭ ᠤ᠋ᠨ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠡᠬᠢ ᠪᠠᠶᠠᠯᠢᠭ᠋ ᠤ᠋ᠨ 105 ᠴᠡᠭ ᠢ᠋ ᠨᠡᠢᠲᠡᠯᠡᠵᠦ᠂ ᠰᠤᠶᠤᠯ ᠵᠢᠭᠤᠯᠴᠢᠯᠠᠯ ᠢ᠋ ᠤᠯᠠᠮ ᠨᠢᠭᠡ ᠡᠠᠯᠬᠤᠮ ᠬᠦᠨᠵᠡᠬᠡᠢ ᠠᠭᠤᠰᠤᠯᠴᠠᠭᠤᠯᠤᠨ ᠬᠦᠭᠵᠢᠬᠦᠯᠬᠦ ᠲᠠᠯ᠎ᠠ ᠪᠡᠷ ᠪᠠᠰᠠ ᠨᠢᠭᠡᠨ ᠴᠢᠬᠤᠯᠠ ᠠᠯᠬᠤᠮ ᠢ᠋ ᠠᠯᠬᠤᠵᠠᠢ᠃
ᠥᠪᠥᠷ ᠮᠣᠩᠭᠣᠯ ᠤ᠋ᠨ ᠨᠤᠲᠤᠭ ᠳᠡᠪᠢᠰᠬᠡᠷ ᠥᠷᠭᠡᠨ ᠠᠭᠤᠳᠠᠮ ᠪᠠᠢᠵᠤ᠂ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ ᠢ᠋ ᠰᠤᠨᠳᠠᠯᠠᠨ᠂ ᠲᠠᠯ᠎ᠠ ᠨᠤᠲᠤᠭ᠂ ᠣᠶ ᠰᠢᠭᠤᠢ᠂ ᠭᠣᠣᠯ ᠨᠠᠭᠤᠷ᠂ ᠡᠯᠡᠰᠦ ᠭᠤᠪᠢ᠂ ᠮᠥᠰᠥ ᠴᠠᠰᠤ ᠵᠡᠷᠭᠡ ᠣᠯᠠᠨ ᠡᠰᠢᠲᠦ ᠪᠠᠢᠭᠠᠯᠢ ᠶ᠋ᠢᠨ ᠦᠵᠡᠮᠵᠢ ᠵᠢᠴᠢ ᠭᠦᠨ ᠵᠤᠵᠠᠭᠠᠨ ᠬᠤᠪᠢᠰᠬᠠᠯ ᠤ᠋ᠨ ᠰᠣᠶᠣᠯ᠂ ᠲᠡᠦᠬᠡ᠂ ᠪᠣᠳᠠᠰ ᠤ᠋ᠨ ᠪᠤᠰᠤ ᠰᠣᠶᠣᠯ ᠤ᠋ᠨ ᠥᠪ ᠪᠠ ᠣᠲᠣ᠌ ᠦᠶ᠎ᠡ ᠶ᠋ᠢᠨ ᠠᠵᠤ ᠦᠢᠯᠡᠳᠪᠦᠷᠢ ᠶ᠋ᠢᠨ ᠪᠣᠯᠪᠠᠰᠤᠨ ᠲᠠᠢ ᠪᠠᠢᠵᠦ᠂ ᠰᠤᠳᠤᠯᠤᠨ ᠰᠤᠷᠤᠯᠴᠠᠬᠤ ᠵᠢᠭᠤᠯᠴᠢᠯᠠᠯ ᠢ᠋ ᠬᠦᠭᠵᠢᠬᠦᠯᠬᠦ ᠦᠪᠡᠷᠮᠢᠴᠡ ᠰᠤᠳᠤᠨ ᠡᠬᠢ ᠪᠠᠶᠠᠯᠢᠭ ᠲᠠᠢ ᠶᠤᠮ᠃ ᠮᠠᠨ ᠤ᠋ ᠤᠷᠤᠨ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠠᠵᠢᠯ ᠢ᠋ ᠠᠬᠢᠭᠤᠯᠵᠤ᠂ ᠪᠥᠬᠥ ᠤᠯᠤᠰ ᠤ᠋ᠨ ᠨᠠᠷᠠᠲᠤ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠵᠣᠷᠢᠯᠳᠠᠳᠦ ᠭᠠᠵᠠᠷ ᠢ᠋ ᠪᠠᠶ᠋ᠢᠭᠤᠯᠬᠤ ᠶ᠋ᠢᠨ ᠲᠥᠯᠥᠭᠡ᠂ 2025 ᠣᠨ ᠳ᠋ᠦ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠭᠤᠷᠪᠠᠳᠠᠭᠢ ᠡᠲᠡᠭᠡᠳ ᠤ᠋ᠨ ᠲᠤᠰᠬᠠᠢ ᠮᠡᠷᠭᠡᠵᠢᠯ ᠤ᠋ᠨ ᠪᠠᠢᠭᠤᠯᠤᠮᠵᠢ ᠳ᠋ᠦ ᠨᠠᠢᠳᠠᠵᠤ ᠪᠠᠢᠭᠠᠳ ᠪᠥᠬᠥ ᠣᠷᠣᠨ ᠤ᠋ 12 ᠠᠢᠮᠠᠭ ᠬᠣᠲᠠ ᠵᠢᠴᠢ ᠮᠠᠨᠵᠤᠤᠷ ᠬᠣᠲᠠ᠂ ᠡᠷᠢᠶᠡᠨ ᠬᠣᠲᠠ ᠳ᠋ᠦ ᠰᠢᠰᠲᠧᠮ ᠲᠠᠢ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠡᠬᠢ ᠪᠠᠶᠠᠯᠢᠭ᠋ ᠤ᠋ᠨ ᠨᠡᠢᠳᠡᠮ ᠪᠠᠢᠴᠠᠭᠠᠯᠲᠠ ᠶ᠋ᠢᠨ ᠠᠵᠢᠯ ᠢ᠋ ᠥᠷᠨᠢᠭᠦᠯᠪᠡ᠃ ᠵᠢᠯ ᠰᠢᠬᠠᠮ ᠤ᠋ᠨ ᠲᠤᠬᠠᠢ ᠶ᠋ᠢᠨ ᠭᠠᠵᠠᠷ ᠤ᠋ᠨ ᠪᠠᠢᠴᠠᠭᠠᠯᠲᠠ᠂ ᠲᠤᠰᠬᠠᠢ ᠮᠡᠷᠭᠡᠵᠢᠯᠲᠡᠨ ᠤ᠋ ᠬᠢᠨᠠᠨ ᠲᠣᠭᠲᠠᠭᠠᠯᠲᠠ ᠪᠠ ᠲᠣᠭ᠎ᠠ ᠪᠠᠷᠢᠮᠲᠠ ᠶ᠋ᠢᠨ ᠳᠠᠬᠢᠨ ᠬᠢᠨᠠᠯᠲᠠ ᠪᠠᠷ ᠳᠡᠮᠵᠢᠨ ᠨᠡᠢᠳᠡᠮ ᠪᠠᠢᠴᠠᠭᠠᠯᠲᠠ ᠶ᠋ᠢᠨ ᠠᠵᠢᠯ ᠢ᠋ ᠠᠮᠵᠢᠯᠳᠠ ᠲᠠᠢ ᠪᠡᠶᠡᠯᠡᠬᠦᠯᠵᠦ᠂ ᠲᠦᠷᠦᠬᠦᠤ ᠪᠦᠯᠦᠭ ᠤ᠋ᠨ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠡᠬᠢ ᠪᠠᠶᠠᠯᠢᠭ᠋ ᠤ᠋ᠨ 105 ᠴᠡᠭ ᠢ᠋ ᠨᠡᠢᠲᠡᠯᠡᠵᠠᠢ᠃
ᠲᠣᠰ ᠤᠳᠠᠭ᠎ᠠ ᠵᠢᠨ ᠨᠡᠢᠳᠡᠮ ᠪᠠᠢᠴᠠᠭᠠᠯᠲᠠ ᠶ᠋ᠢᠨ ᠡᠬᠢ ᠪᠠᠶᠠᠯᠢᠭ᠋ ᠤ᠋ᠨ ᠣᠷᠣᠨ ᠪᠠᠢᠷᠢ ᠨᠢ ᠪᠥᠬᠥ ᠣᠷᠣᠨ ᠢ᠋ ᠬᠠᠮᠤᠷᠴᠤ᠂ 《ᠵᠡᠭᠦᠨ ᠪᠡᠶ᠎ᠠ ᠶ᠋ᠢᠨ ᠤᠢ ᠰᠢᠭᠤᠢ ᠪᠠᠷᠠᠭᠤᠨ ᠪᠡᠶ᠎ᠠ ᠶ᠋ᠢᠨ ᠡᠯᠡᠰᠦ ᠭᠤᠪᠢ᠂ ᠡᠮᠦᠨ᠎ᠠ ᠬᠡᠰᠡᠭ ᠤ᠋ᠨ ᠲᠠᠷᠢᠶᠠᠯᠠᠩ ᠬᠤᠢᠳ᠋ᠤ ᠬᠡᠰᠡᠭ ᠤ᠋ᠨ ᠮᠠᠯ ᠠᠵᠤ ᠠᠬᠤᠢ》ᠪᠥᠬᠥ ᠣᠷᠣᠨ ᠪᠦᠰᠡ ᠵᠢ ᠬᠠᠮᠤᠷᠤᠭᠰᠠᠨ ᠣᠷᠣᠨ ᠵᠠᠢ ᠶ᠋ᠢᠨ ᠣᠨᠴᠠᠯᠢᠭ᠋ ᠢ᠋ ᠢᠯᠡᠷᠡᠭᠦᠯᠵᠦ᠂ ᠪᠠᠢᠭᠠᠯᠢ ᠶ᠋ᠢᠨ ᠭᠠᠵᠠᠷ ᠵᠦᠢ ᠶ᠋ᠢᠨ ᠥᠩᠭᠡ ᠳᠦᠷᠰᠦ ᠵᠢ ᠬᠠᠷᠠᠭᠤᠯᠤᠭᠰᠠᠨ ᠪᠠᠢᠭᠠᠯᠢ ᠶ᠋ᠢᠨ ᠠᠮᠢ ᠠᠬᠤᠢ ᠶ᠋ᠢᠨ ᠣᠷᠣᠨ ᠪᠠᠢᠷᠢ ᠵᠢ ᠬᠠᠮᠤᠷᠤᠭᠰᠠᠨ ᠢ᠋ᠶ᠋ᠠᠷ ᠪᠠᠷᠠᠬᠤ ᠦᠭᠡᠢ ᠪᠠᠰᠠ ᠰᠤᠶᠤᠯ ᠢᠷᠭᠡᠨᠰᠢᠯ ᠤ᠋ᠨ ᠲᠡᠦᠬᠡ ᠶ᠋ᠢᠨ ᠠᠭᠤᠯᠤᠭᠳᠠᠬᠤᠨ ᠢ᠋ ᠠᠴᠢᠶᠠᠯᠠᠭᠰᠠᠨ ᠰᠣᠶᠣᠯ ᠤ᠋ᠨ ᠲᠥᠷᠥᠯ ᠵᠦᠢᠯ ᠤ᠋ᠨ ᠣᠷᠣᠨ ᠪᠠᠢᠷᠢ ᠵᠢᠴᠢ ᠣᠲᠣ᠌ ᠦᠶ᠎ᠡ ᠶ᠋ᠢᠨ ᠬᠥᠭᠵᠢᠯᠲᠡ ᠶ᠋ᠢᠨ ᠠᠮᠵᠢᠯᠲᠠ ᠪᠦᠲᠦᠮᠵᠢ ᠵᠢ ᠢᠯᠡᠷᠡᠭᠦᠯᠦᠭᠰᠡᠨ ᠠᠵᠤ ᠦᠢᠯᠡᠳᠪᠦᠷᠢ ᠶ᠋ᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠦᠷᠢᠶᠡᠯᠡᠩ ᠲᠣᠭᠣᠷᠢᠭ᠋ ᠵᠡᠷᠭᠡ ᠵᠢ ᠬᠠᠮᠤᠷᠴᠤ᠂ ᠡᠯ᠎ᠡ ᠲᠥᠷᠥᠯ ᠤ᠋ᠨ ᠰᠤᠳᠤᠯᠤᠨ ᠰᠤᠷᠤᠯᠴᠠᠬᠤ ᠡᠬᠢ ᠪᠠᠶᠠᠯᠢᠭ᠋ ᠢ᠋ ᠢᠯᠡ ᠲᠣᠳᠣᠷᠬᠠᠢ ᠪᠣᠯᠭᠠᠬᠤ ᠶ᠋ᠢᠨ ᠬᠠᠮᠲᠤ ᠰᠤᠳᠤᠯᠤᠨ ᠰᠤᠷᠤᠯᠴᠠᠬᠤ ᠦᠢᠯᠡᠳᠬᠦᠨ ᠢ᠋ ᠨᠡᠭᠡᠭᠡᠨ ᠬᠥᠭᠵᠢᠭᠦᠯᠬᠦ᠂ ᠵᠠᠮ ᠱᠤᠭᠤᠮ ᠢ᠋ ᠵᠢᠷᠤᠵᠤ ᠲᠥᠯᠥᠪᠯᠡᠬᠦ ᠳ᠋ᠤ ᠭᠦᠢᠴᠡᠳ ᠡᠬᠢ ᠪᠠᠶᠠᠯᠢᠭ᠋ ᠤ᠋ᠨ ᠦᠨᠳᠦᠰᠦᠯᠡᠯ ᠬᠠᠩᠭᠠᠪᠠ᠃