ᠥᠪᠥᠷ ᠮᠣᠩᠭᠣᠯ 20 ᠵᠢᠯ᠎ᠤᠨ ᠲᠤᠷᠰᠢ 72 ᠲᠦᠮᠡᠨ ᠰᠣᠷᠣᠭ᠍ᠴᠢ᠎ᠶᠢ ᠲᠡᠳᠬᠦᠨ ᠰᠤᠷᠭᠠᠨ ᠬᠥᠮᠦᠵᠢᠯ᠎ᠦᠨ ᠡᠷᠬᠡ ᠲᠡᠭᠰᠢ᠎ᠶᠢ ᠠᠬᠢᠭᠤᠯᠪᠠ
2026-08-06 10:23:23
ᠵᠣᠬᠢᠶᠠᠭ᠍ᠴᠢ᠄
​ᠨᠠᠪᠴᠢ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ᠎ᠤ  ᠰᠤᠷᠭᠠᠨ ᠬᠦᠮᠦᠵᠢᠯ᠎ᠤᠨ ᠲᠢᠩᠬᠢᠮ ᠡᠴᠡ ᠤᠢᠯᠠᠭᠠᠭᠰᠠᠨ ᠵᠢᠡᠷ᠂ ᠪᠥᠬᠥ ᠣᠷᠣᠨ᠎ᠤ ᠰᠤᠷᠤᠭᠴᠢ ᠵᠢ ᠲᠡᠳᠬᠦᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠬᠤ᠎ᠶᠢᠨ ᠲᠥᠯᠥᠭᠡ᠂ ᠤᠢᠷ᠎ᠠ ᠳ᠋ᠤ ᠥᠪᠡᠷᠲᠡᠭᠡᠨ ᠵᠠᠰᠠᠬᠤ ᠣᠷᠣᠨ᠎ᠤ ᠰᠤᠷᠤᠯᠭ᠎ᠠ᠎ᠶᠢ ᠳᠡᠳᠬᠦᠬᠦ ᠲᠥᠪ᠎ᠤᠨ ᠬᠢᠨ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ᠎ᠶᠢᠨ ᠥᠪᠥᠷ ᠮᠣᠩᠭᠣᠯ᠎ᠳᠠᠬᠢ ᠬᠤᠪᠢᠶᠠᠷᠢ ᠪᠠᠩᠬᠢ ᠲᠠᠢ ᠬᠠᠮᠳᠤᠷᠠᠨ ᠬᠢᠩᠭᠠᠨ ᠠᠢᠮᠠᠭ᠎ᠲᠤ 2026 ᠣᠨ᠎ᠤ ᠪᠥᠬᠥ ᠣᠷᠣᠨ᠎ᠤ ᠰᠣᠷᠣᠭ᠍ᠴᠢ᠎ᠶᠢᠨ ᠢᠷᠡᠯᠲᠡ᠎ᠶᠢᠨ ᠭᠠᠵᠠᠷ᠎ᠤᠨ ᠰᠤᠷᠤᠯᠭ᠎ᠠ᠎ᠵᠢ ᠲᠡᠳᠬᠦᠬᠦ ᠢᠲᠡᠭᠡᠮᠵᠢᠲᠦ ᠵᠢᠭᠡᠯᠡᠯᠭᠡ ᠵᠢᠴᠢ ᠰᠣᠷᠣᠭ᠍ᠴᠢ᠎ᠶᠢ ᠲᠤᠰᠠᠯᠠᠬᠤ ᠠᠵᠢᠯ᠎ᠤᠨ ᠲᠤᠬᠠᠢᠯᠠᠭᠰᠠᠨ ᠠᠵᠢᠯ᠎ᠤᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ ᠃

ᠬᠤᠷᠠᠯ ᠲᠡᠭᠡᠷ᠎ᠡ᠂ ᠾᠧᠨᠠᠨ ᠮᠤᠵᠢ  ᠶ᠋ᠢᠨ ᠲᠤᠰᠠᠯᠠᠮᠵᠢ ᠦᠵᠡᠬᠦᠯᠬᠦ ᠲᠥᠪ᠂ ᠾᠧᠨᠠᠨ ᠮᠤᠵᠢ  ᠶ᠋ᠢᠨ ᠨᠠᠨᠶᠠᠩ ᠬᠣᠲᠠ  ᠶ᠋ᠢᠨ ᠹᠠᠩ ᠴᠧᠩ ᠰᠢᠶᠠᠨ᠎ᠤ ᠲᠤᠰᠠᠯᠠᠮᠵᠢ ᠦᠵᠡᠬᠦᠯᠬᠦ ᠲᠥᠪ ᠎ᠢ ᠤᠷᠢᠵᠤ ᠲᠤᠷᠰᠢᠯᠭ᠎ᠠ ᠪᠠᠨ ᠰᠣᠯᠢᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠰᠤᠷᠤᠯᠭ᠎ᠠ᠎ᠶᠢ ᠳᠡᠳᠬᠦᠬᠦ ᠲᠥᠪ᠎ᠡᠴᠡ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ᠎ᠶᠢᠨ ᠥᠪᠥᠷ ᠮᠣᠩᠭᠣᠯ᠎ᠳᠠᠬᠢ ᠬᠤᠪᠢᠶᠠᠷᠢ ᠪᠠᠩᠬᠢ᠎ᠲᠠᠢ ᠬᠠᠮᠲᠤᠷᠠᠨ ᠲᠤᠰᠬᠠᠢ ᠰᠡᠳᠦᠪᠲᠦ ᠲᠤᠬᠠᠢᠯᠠᠭᠰᠠᠨ ᠠᠵᠢᠯ᠎ᠤᠨ ᠪᠣᠯᠪᠠᠰᠤᠷᠠᠯ᠎ᠥᠷᠨᠢᠭᠦᠯᠵᠦ᠂ ᠪᠥᠬᠥ ᠤᠯᠤᠰ᠎ᠤᠨ ᠰᠣᠷᠣᠭ᠍ᠴᠢ᠎ᠶᠢ ᠲᠡᠳᠬᠦᠨ ᠲᠤᠰᠠᠯᠠᠬᠤ ᠠᠵᠢᠯ᠎ᠤᠨ ᠬᠠᠮᠢᠶᠠᠷᠤᠯᠳᠠ ᠵᠢᠨ ᠮᠡᠳᠡᠭᠡ ᠵᠠᠩᠭᠢ᠎ᠶᠢᠨ ᠰᠢᠰᠲᠧᠮ᠂ ᠰᠤᠷᠤᠯᠭ᠎ᠠ᠎ᠵᠢ ᠲᠡᠳᠬᠦᠬᠦ ᠵᠢᠭᠡᠯᠡᠯᠭᠡ᠎ᠶᠢᠨ ᠰᠢᠰᠲᠧᠮ᠎ᠢ ᠠᠵᠢᠯᠯᠠᠭᠤᠯᠬᠤ ᠵᠢᠴᠢ ᠪᠠᠢᠩᠭᠤ ᠲᠣᠬᠢᠶᠠᠯᠳᠤᠬᠤ ᠠᠰᠠᠭᠤᠳᠠᠯ ᠵᠡᠷᠭᠡ ᠠᠭᠤᠯᠭ᠎ᠠ᠎ᠶᠢᠨ ᠲᠣᠭᠣᠷᠢᠨ᠎ᠳᠤ ᠨᠠᠷᠢᠨ ᠲᠠᠢᠯᠤᠮᠵᠢ ᠬᠢᠪᠡ᠃ ᠡᠭᠦᠨ᠎ᠦ ᠬᠠᠮᠲᠤ ᠡᠯ᠎ᠡ ᠠᠢᠮᠠᠭ ᠬᠣᠲᠠ᠎ᠶᠢᠨ ᠲᠤᠰᠠᠯᠠᠮᠵᠢ ᠦᠵᠡᠬᠦᠯᠬᠦ ᠲᠥᠪ᠎ᠦᠨ ᠡᠷᠬᠢᠯᠡᠭᠴᠢ᠎ᠶᠢᠨ ᠶᠠᠷᠢᠯᠴᠠᠬᠤ ᠬᠤᠷᠠᠯ ᠬᠤᠷᠠᠯᠳᠤᠭᠤᠯᠵᠤ ᠂ ᠡᠯ᠎ᠡ ᠭᠠᠵᠠᠷ᠎ᠤᠨ ᠬᠢᠨ ᠠᠵᠢᠯ᠎ᠤᠨ ᠬᠦᠴᠢᠷᠳᠡᠯ᠂ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ᠎ᠶᠢᠨ ᠲᠣᠭᠣᠷᠢᠨ᠎ᠳᠤ ᠰᠣᠯᠢᠯᠴᠠᠨ ᠰᠤᠳᠤᠯᠤᠨ ᠶᠠᠷᠢᠯᠴᠠᠪᠠ᠃

ᠡᠨᠡ ᠵᠢᠯ ᠪᠣᠯ ᠰᠤᠷᠤᠭ᠍ᠴᠢ  ᠶ᠋ᠢᠨ ᠢᠷᠡᠯᠲᠡ  ᠶ᠋ᠢᠨ ᠭᠠᠵᠠᠷ᠎ᠤᠨ ᠰᠤᠷᠤᠯᠭ᠎ᠠ ᠵᠢ ᠲᠡᠳᠬᠦᠬᠦ ᠵᠢᠭᠡᠯᠡᠯᠭᠡ  ᠶ᠋ᠢ ᠡᠬᠢᠯᠡᠵᠦ ᠬᠡᠷᠡᠭᠵᠢᠭᠦᠯᠦᠭᠰᠡᠨ ᠬᠤᠷᠢᠳᠡᠬᠢ ᠵᠢᠯ ᠪᠣᠯᠣᠨ᠎ᠠ᠃ 20 ᠵᠢᠯ᠎ᠦᠨ ᠲᠤᠷᠰᠢ᠂ ᠥᠪᠥᠷ ᠮᠣᠩᠭᠣᠯ᠎ᠰᠣᠷᠣᠭ᠍ᠴᠢ᠎ᠶᠢᠨ ᠢᠷᠡᠯᠲᠡ᠎ᠶᠢᠨ ᠭᠠᠵᠠᠷ᠎ᠤᠨ ᠰᠤᠷᠤᠯᠭ᠎ᠠ᠎ᠵᠢ ᠳᠡᠳᠬᠦᠬᠦ ᠢᠲᠡᠭᠡᠮᠵᠢᠳᠦ ᠵᠢᠭᠡᠯᠡᠯᠭᠡ᠎ᠶᠢ ᠨᠡᠶ᠋ᠢᠲᠡ 142 ᠳ᠋ᠦᠩᠰᠢᠭᠤᠷ ᠲᠥᠭᠥᠷᠢᠭ ᠲᠠᠷᠬᠠᠭᠠᠵᠤ᠂ 72 ᠲᠦᠮᠡᠨ ᠰᠣᠷᠣᠭ᠍ᠴᠢ᠎ᠶᠢ ᠲᠡᠳᠬᠦᠨ ᠲᠤᠰᠠᠯᠠᠵᠤ᠂ ᠰᠤᠷᠭᠠᠨ ᠬᠥᠮᠦᠵᠢᠯ᠎ᠦᠨ ᠡᠷᠬᠡ ᠲᠡᠭᠰᠢ᠎ᠶᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号