《ᠤᠮᠠᠷᠠᠲᠤ᠎ᠶᠢᠨ ᠬᠣᠪᠣᠷ ᠰᠢᠷᠣᠢ ᠬᠤᠨᠳᠠᠭᠠᠲᠤ》 ᠬᠥᠯ ᠪᠥᠮᠪᠥᠭᠡ᠎ᠶᠢᠨ ᠤᠷᠤᠯᠳᠤᠭᠠᠨ ᠢᠳᠡ ᠬᠦᠭ ᠲᠠᠢ ᠶᠠᠪᠤᠭᠳᠠᠵᠤ ᠪᠠᠢᠨ᠎ᠠ
2026-08-06 10:15:18
ᠵᠣᠬᠢᠶᠠᠭ᠍ᠴᠢ᠄
​ ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ  ᠪᠡᠶ᠎ᠡ᠎ᠶᠢᠨ ᠲᠠᠮᠢᠷ᠎ᠤᠨ ᠴᠤᠭᠯᠠᠭᠠᠨ᠎ᠤ 《ᠤᠮᠠᠷᠠᠲᠤ᠎ᠶᠢᠨ ᠬᠣᠪᠣᠷ ᠰᠢᠷᠣᠢ ᠬᠤᠨᠳᠠᠭᠠᠲᠤ》 ᠬᠥᠯ ᠪᠥᠮᠪᠥᠭᠡ᠎ᠶᠢᠨ ᠤᠷᠤᠯᠳᠤᠭᠠᠨ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠳᠦ ᠡᠬᠢᠯᠡᠪᠡ᠃ ᠲᠤᠰ ᠤᠷᠤᠯᠳᠤᠭᠠᠨ᠎ᠢ  ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠠ᠋ᠴᠠ ᠭᠣᠣᠯᠯᠠᠨ ᠡᠷᠭᠢᠯᠡᠵᠦ᠂  14 ᠡᠳᠦᠷ᠎ᠤᠨ ᠬᠤᠭᠤᠴᠠᠭ᠎ᠠ ᠲᠠᠢ ᠶᠠᠪᠤᠭᠳᠠᠨ᠎ᠠ᠂ ᠡᠷᠡᠭᠲᠡᠢ᠂ ᠡᠮᠡᠭᠲᠡᠢ᠎ᠶᠢᠨ ᠬᠥᠬᠡ ᠬᠥᠬᠡᠭᠴᠢᠨ ᠤᠯᠠᠭᠠᠨ ᠭᠡᠬᠦᠴᠢᠯᠡᠨ ᠵᠢᠷᠭᠤᠭᠠᠨ  ᠳᠤᠭᠤᠢᠯᠠᠩ᠎ᠲᠣᠬᠢᠷᠠᠭᠤᠯᠵᠤ᠂ ᠪᠥᠬᠥ ᠣᠷᠣᠨ᠎ᠤ 10 ᠠᠢᠮᠠᠭ ᠬᠣᠲᠠ᠎ᠶᠢᠨ ᠲᠥᠯᠥᠭᠡᠯᠡᠭᠴᠢᠳ᠎ᠦᠨ ᠠᠩᠭᠢ᠎ᠶᠢᠨ 484 ᠲᠠᠮᠢᠷᠴᠢᠨ᠂ ᠳᠠᠰᠬᠠᠯᠵᠢᠭᠤᠯᠤᠭ᠍ᠴᠢ ᠤᠷᠤᠯᠳᠤᠭᠠᠨ᠎ᠳᠤ ᠣᠷᠣᠯᠴᠠᠵᠠᠢ᠃

ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠵᠢᠨ ᠬᠢᠨ ᠥᠨᠳᠥᠷ ᠪᠠᠷᠢᠮᠵᠢᠶ᠎ᠠ᠎ᠪᠠᠷ ᠤᠷᠤᠯᠳᠤᠭᠠᠨ ᠡᠷᠭᠢᠯᠡᠬᠦ ᠱᠠᠭᠠᠷᠳᠠᠯᠭ᠎ᠠ᠎ᠶᠤᠰᠤᠭᠠᠷ ᠤᠷᠤᠯᠳᠤᠭᠠᠨ᠎ᠢ ᠵᠣᠬᠢᠶᠠᠨ ᠪᠠᠶ᠋ᠢᠭᠤᠯᠬᠤ ᠠᠵᠢᠯ᠎ᠢ ᠬᠢᠨᠠᠮᠠᠭᠠᠢ ᠨᠠᠢᠳᠠᠪᠤᠷᠢᠵᠢᠭᠤᠯᠵᠤ᠂ ᠲᠤᠰᠬᠠᠢ ᠮᠡᠷᠭᠡᠵᠢᠯ᠎ᠦᠨ ᠪᠠᠷᠢᠮᠵᠢᠶ᠎ᠠ᠎ᠶᠢ ᠴᠢᠩᠭ᠎ᠠ ᠵᠢᠷᠤᠮᠯᠠᠨ 6 ᠬᠥᠯ ᠪᠥᠮᠪᠥᠭᠡ᠎ᠶᠢᠨ ᠤᠷᠤᠯᠳᠤᠭᠠᠨ᠎ᠤ ᠲᠠᠯᠠᠪᠤᠷ ᠲᠤᠬᠢᠷᠠᠭᠤᠯᠪᠠ;ᠠᠷᠤ ᠲᠠᠯ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢᠨ ᠠᠵᠢᠯ᠎ᠢ ᠬᠢᠨᠠᠮᠠᠭᠠᠢ ᠰᠠᠢᠲᠤᠷ ᠬᠢᠵᠦ᠂ ᠲᠠᠮᠢᠷᠴᠢᠳ᠎ᠲᠤ ᠴᠡᠪᠡᠷ ᠲᠠᠭᠠᠯᠠᠮᠵᠢᠲᠠᠢ ᠤᠷᠴᠢᠨ ᠨᠦᠬᠦᠴᠡᠯ᠂ ᠳᠥᠭᠥᠮ ᠳᠥᠲᠡ ᠦᠢᠯᠡᠴᠢᠯᠡᠭᠡ ᠬᠠᠩᠭᠠᠵᠤ ᠪᠤᠢ;ᠣᠯᠠᠨ ᠰᠠᠯᠠᠭ᠎ᠠ ᠮᠥᠴᠢᠷ᠎ᠢ ᠨᠢᠭᠡᠳᠦᠯᠲᠡᠢ ᠲᠥᠯᠥᠪᠵᠢᠭᠦᠯᠦᠨ ᠡᠮᠴᠢᠯᠡᠭᠡ᠂ ᠠᠮᠤᠷ᠎ᠢ ᠬᠠᠮᠠᠭᠠᠯᠠᠬᠤ᠂ ᠵᠠᠮ ᠬᠠᠷᠢᠯᠴᠠᠭ᠎ᠠ᠂ ᠰᠠᠢᠨ ᠳᠤᠷ᠎ᠠ᠎ᠶᠢᠨ ᠦᠢᠯᠡᠴᠢᠯᠡᠭᠡ ᠵᠡᠷᠭᠡ ᠠᠵᠢᠯ᠎ᠢ ᠰᠠᠢᠲᠤᠷ ᠬᠢᠵᠦ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠬᠥᠯ ᠪᠥᠮᠪᠥᠭᠡ᠎ᠶᠢᠨ ᠲᠥᠷᠥᠯ ᠵᠦᠢᠯ᠎ᠦᠨ ᠤᠷᠤᠯᠳᠤᠭᠠᠨ᠎ᠤ ᠤᠷᠤᠭᠰᠢᠲᠠᠢ ᠶᠠᠪᠤᠭᠳᠠᠬᠤ᠎ᠶᠢ ᠪᠥᠬᠥ ᠲᠠᠯ᠎ᠠ ᠪᠡᠷ ᠪᠠᠳᠤᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号