ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠤ᠋ ᠶᠠᠷᠢᠶ᠎ᠠ ᠬᠡᠯᠡᠯᠴᠡᠭᠡᠨ᠎ᠤ ᠪᠠᠢᠳᠠᠯ᠎ᠢ ᠵᠠᠳᠠᠯᠬᠤ ᠲᠤᠰᠬᠠᠢ ᠰᠡᠳᠦᠪᠳᠦ ᠬᠤᠷᠠᠯ ᠬᠢᠵᠡᠢ
2026-08-06 10:37:35
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 4᠎ᠤ᠋ ᠦᠳᠡ᠎ᠶᠢᠨ ᠬᠣᠢᠨ᠎ᠠ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠤ᠋ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠵᠠᠳᠠᠯᠬᠤ ᠲᠤᠰᠬᠠᠢ ᠰᠡᠳᠦᠪᠳᠦ ᠬᠤᠷᠠᠯ ᠬᠢᠪᠠ᠃

ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠲᠤᠬᠠᠢ ᠰᠦᠯᠵᠢᠶᠡᠨ᠎ᠦ ᠶᠠᠷᠢᠶ᠎ᠠ ᠬᠡᠯᠡᠯᠴᠡᠭᠡᠨ᠎ᠦ ᠶᠡᠷᠦᠩᠬᠡᠢ ᠪᠦᠷᠢᠳᠬᠡᠯ᠎ᠢ ᠦᠨᠳᠦᠰᠦᠯᠡᠪᠡᠯ᠂ 4 ᠰᠠᠷ᠎ᠠ᠎ᠶᠢᠨ 30 ᠤ᠋ ᠡᠳᠦᠷ᠎ᠡᠴᠡ ᠣᠲᠣ᠌ ᠪᠣᠯᠲᠠᠯ᠎ᠠ ᠪᠥᠬᠥ ᠰᠦᠯᠵᠢᠶᠡᠨ ᠳ᠋ᠤ ᠬᠣᠯᠪᠣᠭᠳᠠᠯ ᠪᠦᠬᠦᠢ ᠶᠠᠷᠢᠶ᠎ᠠ ᠬᠡᠯᠡᠯᠴᠡᠭᠡᠨ᠎ᠦ ᠮᠡᠳᠡᠭᠡ ᠵᠠᠩᠭᠢ᠎ᠶᠢ ᠨᠡᠶ᠋ᠢᠲᠡ 21140 ᠵᠤᠷᠪᠤᠰ ᠨᠡᠢᠳᠡᠯᠡᠪᠡ᠂ ᠡᠭᠦᠨ᠎ᠳᠦ ᠵᠥᠪ ᠲᠠᠯ᠎ᠠ᠎ᠶᠢᠨ ᠶᠠᠷᠢᠶ᠎ᠠ ᠬᠡᠯᠡᠯᠴᠡᠭᠡᠨ᠎ᠦ  ᠡᠵᠡᠯᠡᠬᠦ ᠬᠠᠷᠢᠴᠠᠯ 21.02%᠂ ᠨᠠᠵᠠᠭᠠᠢ ᠶᠠᠷᠢᠶ᠎ᠠ ᠬᠡᠯᠡᠯᠴᠡᠭᠡᠨ᠎ᠦ ᠡᠵᠡᠯᠡᠬᠦ ᠬᠠᠷᠢᠴᠠᠯ 1.59% ᠪᠠᠢᠵᠤ᠂ ᠪᠦᠬᠦᠶ᠋ᠢᠯᠡ ᠴᠣᠭᠴᠠ᠎ᠶᠢᠨ ᠶᠠᠷᠢᠶ᠎ᠠ ᠬᠡᠯᠡᠯᠴᠡᠭᠡᠨ᠎ᠦ ᠪᠠᠢᠳᠠᠯ ᠲᠣᠭᠲᠠᠭᠤᠨ᠎ᠢᠶᠠᠷ ᠰᠠᠢᠵᠢᠷᠠᠪᠠ᠃  ᠤᠢᠯᠠᠭᠠᠭᠰᠠᠨ ᠵᠢᠡᠷ᠂ 83 ᠵᠠᠭᠤᠴᠢᠯᠠᠭᠤᠷ ᠤᠷᠤᠯᠳᠤᠭᠠᠨ᠎ᠤ ᠲᠤᠬᠠᠢ ᠤᠬᠠᠭᠤᠯᠭ᠎ᠠ ᠮᠡᠳᠡᠭᠡᠯᠡᠯ᠎ᠳᠦ ᠣᠷᠣᠯᠴᠠᠵᠠᠢ᠂ ᠡᠭᠦᠨ᠎ᠳᠦ᠂ ᠲᠥᠪ᠎ᠦᠨ ᠲᠡᠰ᠎ᠤᠨ ᠵᠠᠭᠤᠴᠢᠯᠠᠭᠤᠷ 20᠂ ᠮᠤᠵᠢ᠎ᠶᠢᠨ ᠲᠡᠰ᠎ᠤᠨ ᠵᠠᠭᠤᠴᠢᠯᠠᠭᠤᠷ 43᠂ ᠣᠷᠣᠨ ᠨᠤᠲᠤᠭ᠎ᠤᠨ ᠵᠠᠭᠤᠴᠢᠯᠠᠭᠤᠷ 20 ᠪᠠᠢᠵᠤ᠂ ᠤᠷᠤᠯᠳᠤᠭᠠᠨ ᠡᠷᠬᠢᠯᠡᠬᠦ ᠬᠢᠯᠠᠰ ᠴᠡᠭ ᠪᠣᠯᠣᠨ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠬᠥᠭᠵᠢᠯᠲᠡ᠎ᠶᠢᠨ ᠳᠦᠷᠰᠦ ᠪᠠᠢᠳᠠᠯ᠎ᠢ ᠪᠦᠬᠦ ᠲᠠᠯ᠎ᠠ᠎ᠪᠠᠷ᠂ ᠤᠯᠠᠨ ᠬᠠᠷᠠᠭᠠᠰᠤ᠎ᠠᠴᠠ ᠢᠯᠡᠷᠡᠭᠦᠯᠵᠦ᠂ ᠵᠥᠪ ᠲᠠᠯ᠎ᠠ᠎ᠶᠢᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠬᠤᠯ᠎ᠢ ᠦᠷᠭᠦᠯᠵᠢᠯᠡᠨ ᠪᠤᠢ ᠪᠣᠯᠭᠠᠪᠠ᠃

ᠬᠤᠷᠠᠯ᠎ᠳᠤ ᠣᠷᠣᠯᠴᠠᠭᠰᠠᠳ ᠤᠷᠤᠯᠳᠤᠭᠠᠨ᠎ᠤ ᠶᠠᠪᠤᠳᠠᠯ᠎ᠢ ᠵᠣᠬᠢᠶᠠᠨ ᠪᠠᠢᠭᠤᠯᠬᠤ᠂ ᠲᠤᠬᠠᠢ᠎ᠶᠢᠨ ᠲᠠᠯᠠᠪᠤᠷ᠎ᠤᠨ ᠦᠢᠯᠡᠴᠢᠯᠡᠭᠡ᠎ᠶᠢ ᠪᠠᠲᠤᠯᠠᠬᠤ᠂ ᠶᠠᠷᠢᠶ᠎ᠠ ᠬᠡᠯᠡᠯᠴᠡᠭᠡᠨ᠎ᠦ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠵᠡᠷᠭᠡ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ ᠭᠦᠨᠵᠡᠭᠡᠢ ᠰᠣᠯᠢᠯᠴᠠᠨ ᠰᠤᠳᠤᠯᠤᠨ ᠶᠠᠷᠢᠯᠴᠠᠵᠤ᠂ ᠪᠠᠭᠤᠷᠠᠢ ᠲᠠᠯ᠎ᠠ᠎ᠶᠢ ᠨᠢᠭᠡᠳ ᠨᠢᠭᠡ᠎ᠪᠡᠷ ᠡᠮᠬᠢᠯᠡᠨ ᠭᠠᠷᠭᠠᠪᠡ᠃

ᠬᠤᠷᠠᠯ᠎ᠠᠴᠠ᠂ ᠤᠷᠤᠯᠳᠤᠭᠠᠨ᠎ᠠᠴᠠ ᠡᠮᠦᠨᠡᠬᠢ᠂ ᠤᠷᠤᠯᠳᠤᠭᠠᠨ᠎ᠤ ᠳᠤᠮᠳᠠᠬᠢ᠂ ᠤᠷᠤᠯᠳᠤᠭᠠᠨ᠎ᠤ ᠳᠠᠷᠠᠭᠠᠬᠢ ᠪᠦᠬᠦ ᠬᠡᠯᠬᠢᠶ᠎ᠡ᠎ᠶᠢᠨ ᠶᠠᠷᠢᠶ᠎ᠠ ᠬᠡᠯᠡᠯᠴᠡᠭᠡᠨ᠎ᠦ ᠠᠶᠤᠯ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ᠎ᠶᠢ ᠰᠠᠢᠲᠤᠷ ᠠᠳᠬᠤᠵᠤ᠂ ᠬᠠᠮᠵᠢᠯᠴᠠᠨ ᠠᠵᠢᠯᠯᠠᠬᠤ ᠲᠣᠭᠲᠠᠴᠠ᠎ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠵᠠᠩᠭᠢᠯᠠᠭ᠎ᠠ᠎ᠶᠢᠨ ᠬᠦᠷᠢᠶᠡᠨ᠎ᠳᠦ ᠲᠦᠭᠰᠢᠭᠦᠷᠢ᠎ᠶᠢ ᠵᠢᠭ᠍ᠰᠠᠭᠠᠨ ᠪᠠᠢᠴᠠᠭᠠᠬᠤ᠎ᠶᠢ ᠴᠢᠩᠭ᠎ᠠ ᠠᠩᠬᠠᠷᠴᠤ᠂ ᠪᠡᠶ᠎ᠡ᠎ᠶᠢᠨ ᠲᠠᠮᠢᠷ᠎ᠤᠨ ᠬᠦᠷᠢᠶᠡᠨ᠎ᠦ ᠦᠵᠡᠯ ᠤᠬᠠᠮᠰᠠᠷ᠎ᠤᠨ ᠬᠡᠯᠪᠡᠷᠢ᠎ᠶᠢᠨ ᠭᠣᠣᠯ ᠵᠢᠭ᠍ᠰᠠᠭᠠᠯ᠎ᠤᠨ ᠭᠠᠵᠠᠷ᠎ᠢ ᠪᠠᠲᠤ ᠰᠠᠬᠢᠵᠤ᠂ ᠢᠳᠡᠪᠬᠢᠲᠡᠢ ᠥᠭᠡᠳᠡᠷᠬᠡᠭ᠂ ᠪᠦᠯᠬᠦᠮᠳᠡᠯ᠎ᠲᠠᠢ ᠡᠶ᠎ᠡ ᠵᠤᠬᠢᠴᠠᠩᠭᠤᠢ ᠶᠠᠷᠢᠶ᠎ᠠ ᠬᠡᠯᠡᠯᠴᠡᠭᠡᠨ᠎ᠦ ᠠᠭᠤᠷ ᠠᠮᠢᠰᠬᠤᠯ᠎ᠢ ᠲᠠᠰᠤᠷᠠᠯᠲᠠ ᠦᠭᠡᠢ ᠪᠡᠬᠢᠵᠢᠭᠦᠯᠦᠨ ᠪᠤᠵᠠᠭᠠᠢᠷᠠᠭᠤᠯᠵᠤ᠂ 《ᠲᠥᠬᠥᠮ ᠠᠪᠰᠠᠷᠬᠠᠨ᠂ ᠠᠮᠤᠷ ᠲᠦᠪᠰᠢᠨ᠂ ᠭᠣᠢᠳᠠ ᠰᠠᠢᠬᠠᠨ》 ᠪᠡᠶ᠎ᠡ᠎ᠶᠢᠨ ᠲᠠᠮᠢᠷ᠎ᠤᠨ ᠴᠤᠭᠯᠠᠭᠠᠨ  ᠡᠷᠭᠢᠯᠡᠬᠦ᠎ᠳᠦ ᠪᠠᠲᠤᠯᠠᠭ᠎ᠠ ᠬᠠᠨᠭᠭᠠᠬᠤ ᠬᠡᠷᠡᠭᠲᠠᠢ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号