ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠳᠠᠮᠢᠷ᠎ᠤᠨ ᠴᠤᠭᠯᠠᠭᠠᠨ᠎ᠤ ᠠᠷᠤ ᠳᠠᠯ᠎ᠠ ᠵᠢᠨ ᠪᠠᠲᠤᠯᠠᠭ᠎ᠠ᠎ᠶᠢᠨ ᠠᠵᠢᠯ ᠰᠢᠪᠲᠤᠯᠤᠯᠲᠠ᠎ᠶᠢᠨ ᠱᠠᠲᠤᠨ᠎ᠳᠤ ᠣᠷᠣᠪᠠ
2026-08-06 16:31:57
ᠵᠣᠬᠢᠶᠠᠭ᠍ᠴᠢ᠄
ᠼᠠᠢ ᠳ᠋ᠦᠩ ᠮᠧᠢ᠂ ᠯᠢᠶᠠᠩ ᠶᠠᠨ ᠴᠢᠶᠠᠩ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ ᠤᠳᠠᠯ ᠥᠬᠡᠶ ᠡᠬᠢᠯᠡᠨ᠎ᠠ᠂ ᠠᠮᠤᠷ᠎ᠢ ᠬᠠᠮᠠᠭᠠᠯᠠᠬᠤ᠂ ᠵᠠᠮ ᠬᠠᠷᠢᠯᠴᠠᠭ᠎ᠠ᠂ ᠡᠮ ᠡᠮᠨᠡᠯᠭᠡ᠂ ᠰᠠᠶ᠋ᠢᠨ ᠳᠤᠷ᠎ᠠ᠎ᠶᠢᠨ ᠦᠢᠯᠡᠴᠢᠯᠡᠭᠡ᠂ ᠬᠣᠲᠠ᠎ᠶᠢᠨ ᠬᠠᠮᠢᠶᠠᠷᠤᠯᠲᠠ ᠵᠡᠷᠭᠡ ᠡᠯ᠎ᠡ ᠵᠦᠢᠯ᠎ᠦᠨ ᠠᠷᠤ ᠳᠠᠯ᠎ᠠ ᠵᠢᠨ ᠪᠠᠲᠤᠯᠠᠭ᠎ᠠ᠎ᠶᠢᠨ ᠠᠵᠢᠯ ᠨᠢᠭᠡᠨᠲᠡ ᠡᠴᠦᠰ᠎ᠦᠨ ᠰᠢᠪᠲᠤᠯᠤᠯᠲᠠ᠎ᠶᠢᠨ ᠱᠠᠲᠤᠨ᠎ᠳᠤ ᠣᠷᠣᠪᠠ᠃ ᠤᠢ᠌ᠷ᠎ᠠ᠎ᠶᠢᠨ ᠡᠳᠦᠷ᠎ᠦᠳ᠎ᠲᠦ᠍ ᠪᠤᠭᠤᠲᠤ᠌ ᠬᠤᠳᠠ᠎ᠶᠢᠨ ᠳᠣᠲᠣᠭᠠᠳᠤ᠎ᠶᠢ ᠬᠠᠮᠠᠭᠠᠯᠠᠬᠤ᠂ ᠵᠠᠮ ᠬᠠᠷᠢᠯᠴᠠᠭᠠᠨ᠎ᠤ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠡᠪᠯᠡᠯ᠎ᠦᠨ ᠬᠣᠷᠢᠶ᠎ᠠ᠂ ᠬᠤᠳᠠ᠎ᠶᠢᠨ ᠬᠠᠮᠢᠶᠠᠷᠤᠯᠲᠠ ᠵᠡᠷᠭᠡ ᠤᠯᠠᠨ ᠰᠠᠯᠠᠭ᠎ᠠ ᠮᠥᠴᠢᠷ᠎ᠦᠨ ᠬᠢᠨ ᠨᠢᠭᠳᠠ ᠰᠣᠷᠢᠯᠲᠠ ᠬᠢᠵᠦ᠍᠂ ᠲᠠᠬᠢᠨ ᠳᠠᠪᠲᠠᠨ ᠪᠣᠳᠣᠯᠬᠢᠯᠠᠵᠤ᠂ ᠨᠠᠷᠢᠯᠢᠭ᠂ ᠥᠨᠳᠥᠷ ᠪᠦᠲᠦᠮᠵᠢᠲᠡᠢ᠂ ᠬᠠᠯᠠᠭᠤᠨ ᠳᠤᠯᠠᠭᠠᠬᠠᠨ ᠪᠠᠢᠬᠤ ᠪᠠᠷᠢᠮᠵᠢᠶ᠎ᠠ᠎ᠪᠠᠷ ᠪᠦᠬᠦ᠌ ᠬᠦᠴᠦᠨ᠎ᠢᠶᠡᠷ ᠪᠡᠯᠡᠳᠬᠡᠵᠦ᠍ ᠪᠠᠶ᠋ᠢᠨ᠎ᠠ᠃

ᠠᠮᠤᠷ᠎ᠢ ᠬᠠᠮᠠᠭᠠᠯᠠᠬᠤ ᠲᠠᠯ᠎ᠠ᠎ᠪᠠᠷ᠂ ᠳᠣᠲᠣᠭᠠᠳᠤ᠎ᠶᠢ ᠬᠠᠮᠠᠭᠠᠯᠠᠬᠤ ᠰᠠᠯᠠᠭ᠎ᠠ ᠮᠥᠴᠢᠷ ᠡᠬᠢᠯᠡᠯᠲᠡ᠎ᠶᠢᠨ ᠶᠣᠰᠣᠯᠠᠯ ᠪᠠ ᠲᠡᠭᠦᠰᠬᠦ᠌ ᠶᠣᠰᠣᠯᠠᠯ᠎ᠤᠨ ᠬᠥᠮᠦᠨ᠎ᠦ ᠤᠷᠤᠰᠬᠠᠯ ᠳᠡᠭᠡᠳᠦ ᠬᠡᠮᠵᠢᠶ᠎ᠡ᠎ᠪᠡᠷ ᠲᠥᠪᠯᠡᠷᠡᠭᠦ ᠣᠨᠴᠠᠯᠢᠭ᠎ᠲᠤ᠌ ᠴᠢᠭᠯᠡᠭᠦᠯᠦᠨ᠂ 《ᠣᠷᠣᠬᠤ ᠡᠭᠦᠳᠡ᠎ᠶᠢ ᠴᠢᠩᠭ᠎ᠠ ᠪᠠᠶ᠋ᠢᠴᠠᠭᠠᠬᠤ᠂ ᠲᠠᠯᠠᠪᠤᠷ ᠳᠣᠲᠣᠷ᠎ᠠ ᠴᠠᠭᠳᠠᠨ ᠪᠠᠶ᠋ᠢᠴᠠᠭᠠᠬᠤ᠂ ᠡᠷᠬᠢᠨ ᠲᠣᠭᠣᠷᠢᠨ᠎ᠢ ᠰᠡᠷᠭᠡᠶ᠋ᠢᠯᠡᠨ ᠡᠵᠡᠮᠳᠡᠬᠦ᠌》 ᠠᠮᠤᠷ᠎ᠢ ᠬᠠᠮᠠᠭᠠᠯᠠᠬᠤ ᠵᠠᠭᠪᠤᠷ᠎ᠢ ᠳᠠᠬᠢᠨ ᠳᠠᠪᠲᠠᠨ ᠪᠤᠯᠪᠠᠰᠤᠷᠠᠵᠦ᠂ 《ᠠᠯᠤᠰ᠎ᠠᠴᠠ ᠬᠥᠲᠥᠯᠦᠨ ᠵᠢᠯᠣᠭᠣᠳᠬᠤ ᠣᠷᠣᠨ — ᠣᠶ᠋ᠢᠷ᠎ᠠ ᠬᠠᠪᠢ᠎ᠶᠢᠨ ᠡᠵᠡᠮᠳᠡᠬᠦ᠌ ᠣᠷᠣᠨ — ᠭᠤᠤᠯ ᠠᠮᠤᠷ᠎ᠢ ᠬᠠᠮᠠᠭᠠᠯᠠᠬᠤ ᠣᠷᠣᠨ》 ᠭᠤᠷᠪᠠᠨ ᠤᠷᠤᠨ᠎ᠢ ᠠᠬᠢᠭᠤᠯᠬᠤ ᠵᠠᠷᠴᠢᠮ ᠶᠣᠰᠣᠭᠠᠷ᠂ ᠰᠠᠭᠤᠭ᠎ᠠ ᠪᠠᠭᠤᠳᠠᠯ᠎ᠠᠴᠠ ᠪᠡᠶ᠎ᠡ᠎ᠶᠢᠨ ᠲᠠᠮᠢᠷ᠎ᠤᠨ ᠲᠠᠯᠠᠪᠠᠶ ᠬᠥᠷᠬᠥ᠌ ᠵᠠᠮ ᠱᠤᠭᠤᠮ ᠨᠢᠭᠡᠪᠦᠷᠢ᠂ ᠪᠣᠭᠣᠮᠲᠠ ᠨᠢᠭᠡᠪᠦᠷᠢ᠎ᠳᠦ ᠣᠯᠠᠨ ᠡᠭᠡᠯᠵᠢ᠎ᠪᠡᠷ ᠲᠤᠬᠠᠶ᠎ᠶᠢᠨ ᠭᠠᠵᠠᠷ᠎ᠲᠤᠨᠢ ᠬᠠᠶ᠋ᠢᠨ ᠰᠢᠨᠵᠢᠯᠡᠯᠲᠡ ᠬᠢᠪᠠ᠃ ᠲᠡᠮᠦᠷᠯᠢᠭ ᠬᠠᠶ᠋ᠢᠨ ᠬᠡᠮᠵᠢᠬᠦ᠌ ᠡᠭᠦᠳᠡ᠎ᠶᠢ ᠨᠢᠭᠡᠨᠲᠡ ᠤᠭᠰᠠᠷᠠᠵᠤ ᠳᠠᠭᠤᠰᠬᠠᠨ᠂ ᠴᠠᠭᠳᠠᠭᠤᠯ ᠨᠣᠬᠠᠶ᠎ᠶᠢᠨ ᠮᠡᠷᠭᠡᠵᠢᠯ᠎ᠦᠨ ᠶᠡᠬᠡ ᠠᠩᠭᠢ ᠪᠣᠯᠤᠨ ᠰᠦᠷᠳᠡᠭᠦᠯᠦᠯ᠎ᠢ ᠡᠰᠡᠷᠭᠦᠴᠡᠬᠦ᠌ ᠣᠨᠴᠠ ᠴᠠᠭᠳᠠᠨ ᠪᠠᠶ᠋ᠢᠴᠠᠭᠠᠬᠤ ᠰᠠᠯᠪᠤᠷᠢ ᠠᠩᠭᠢ ᠬᠣᠶᠠᠷ ᠡᠭᠡᠯᠵᠢ᠎ᠶᠢᠨ ᠲᠤᠬᠠᠶ᠎ᠶᠢᠨ ᠲᠠᠯᠠᠪᠤᠷ᠎ᠤᠨ ᠨᠡᠩᠵᠢᠨ ᠪᠠᠶ᠋ᠢᠴᠠᠭᠠᠬᠤ ᠰᠣᠷᠢᠯᠲᠠ᠎ᠶᠢ ᠪᠡᠶᠡᠯᠡᠭᠦᠯᠪᠡ᠃

ᠵᠠᠮ ᠬᠠᠷᠢᠯᠴᠠᠭᠠᠨ᠎ᠤ ᠪᠠᠲᠤᠯᠠᠭ᠎ᠠ᠎ᠶᠢᠨ ᠲᠠᠯ᠎ᠠ᠎ᠪᠠᠷ᠂ ᠲᠤᠬᠠᠶ᠎ᠶᠢᠨ ᠭᠠᠵᠠᠷ᠎ᠤᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ 《ᠲᠠᠰ ᠳᠠᠷᠠᠭᠠᠯᠠᠨ ᠬᠥᠷᠬᠥ᠌᠂ ᠲᠥᠷᠥᠯ ᠬᠤᠪᠢᠶᠠᠨ ᠵᠣᠬᠢᠶᠠᠨ ᠪᠠᠶ᠋ᠢᠭᠤᠯᠬᠤ᠂ ᠡᠮᠬᠢ ᠵᠢᠷᠤᠮ᠎ᠲᠠᠶ᠎ᠪᠠᠷ ᠲᠠᠯᠠᠪᠤᠷ᠎ᠠᠴᠠ ᠰᠠᠯᠬᠤ》 ᠵᠠᠷᠴᠢᠮ ᠶᠣᠰᠣᠭᠠᠷ ᠲᠥᠰᠦᠯ᠎ᠢᠶᠡᠨ ᠨᠠᠷᠢᠯᠢᠬᠵᠢᠭᠤᠯᠵᠤ᠂ 《ᠵᠠᠮ ᠬᠠᠷᠢᠯᠴᠠᠭᠠᠨ᠎ᠤ ᠵᠠᠬᠢᠷᠤᠨ ᠬᠠᠮᠢᠶᠠᠷᠬᠤ ᠠᠯᠪᠠᠨ ᠵᠠᠷᠯᠠᠯ》᠎ᠢ ᠤᠷᠢᠳᠴᠢᠯᠠᠨ ᠨᠡᠶ᠋ᠢᠲᠡᠯᠡᠵᠦ᠍᠂ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠲᠥᠪ᠎ᠦᠨ ᠡᠷᠬᠢᠨ ᠲᠣᠭᠣᠷᠢᠨ᠎ᠤ ᠲᠣᠮᠣ ᠲᠢᠶᠠᠲ᠋ᠷ᠂ ᠬᠤᠷᠠᠯ ᠦᠵᠡᠰᠬᠦᠯᠡᠩ᠎ᠦᠨ ᠲᠥᠪ ᠵᠡᠷᠭᠡ ᠵᠢᠨ ᠲᠡᠷᠭᠡᠨ ᠵᠣᠭᠰᠣᠭᠠᠯ᠎ᠢ ᠵᠣᠬᠢᠴᠠᠭᠤᠯᠤᠨ ᠴᠢᠯᠥᠭᠡᠲᠡᠶ ᠪᠣᠯᠭᠠᠵᠤ᠂ ᠨᠡᠶ᠋ᠢᠲᠡ᠎ᠶᠢᠨ ᠮᠠᠰᠢᠨ ᠲᠡᠷᠭᠡ ᠪᠠ ᠬᠠᠮᠲᠤ᠎ᠪᠠᠷ ᠡᠳ᠋ᠯᠡᠬᠦ᠌ ᠳᠤᠭᠤᠶ ᠲᠡᠷᠭᠡ ᠲᠠᠯᠪᠢᠬᠤ ᠣᠷᠣᠨ᠎ᠢ ᠨᠢᠭᠡᠳᠦᠯᠲᠡᠶ ᠲᠥᠯᠥᠪᠯᠡᠵᠡᠶ᠃ ᠡᠨᠳᠡᠯ᠎ᠢ ᠬᠠᠶ᠋ᠢᠨ ᠪᠠᠶ᠋ᠢᠴᠠᠭᠠᠬᠤ ᠲᠡᠷᠭᠡ ᠪᠠ ᠵᠠᠮ᠎ᠤᠨ ᠰᠠᠭᠠᠳ᠎ᠢ ᠠᠷᠢᠯᠭᠠᠬᠤ ᠲᠡᠷᠭᠡ᠎ᠶᠢᠨ ᠪᠠᠢᠷᠢᠯᠠᠭᠤᠯᠬᠤ ᠭᠠᠵᠠᠷ᠎ᠢ ᠨᠢᠭᠡᠨᠲᠡ ᠲᠣᠭᠲᠠᠭᠠᠵᠤ᠂ ᠪᠠᠴᠢᠮ ᠪᠠᠶ᠋ᠢᠳᠠᠯ᠎ᠢ ᠠᠷᠭᠠᠴᠠᠭᠠᠬᠤ ᠪᠡᠯᠡᠳᠬᠡᠯ ᠲᠥᠰᠦᠯ᠎ᠢ ᠤᠯᠠᠨ ᠤᠳᠠᠭ᠎ᠠ ᠲᠠᠬᠢᠨ ᠳᠠᠪᠲᠠᠨ ᠶᠠᠪᠤᠭᠳᠠᠭᠤᠯᠪᠠ᠃

ᠡᠮᠴᠢᠯᠡᠭᠡᠨ᠎ᠦ ᠪᠠᠲᠤᠯᠠᠭ᠎ᠠ᠎ᠶᠢᠨ ᠲᠠᠯ᠎ᠠ᠎ᠪᠠᠷ᠂ ᠪᠤᠭᠤᠲᠤ᠌ ᠬᠣᠲᠠ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ 《ᠲᠤᠬᠠᠶ᠎ᠶᠢᠨ ᠲᠠᠯᠠᠪᠤᠷ᠎ᠲᠤ᠌ ᠲᠦᠷᠭᠡᠨ ᠠᠪᠤᠷᠠᠯᠳᠠ ᠬᠢᠬᠦ᠌᠂ ᠲᠦᠷᠭᠡᠨ ᠰᠢᠯᠵᠢᠭᠦᠯᠦᠨ ᠵᠥᠭᠡᠭᠡᠪᠦᠷᠢᠯᠡᠬᠦ᠌᠂ ᠡᠮᠨᠡᠯᠭᠡ᠎ᠶᠢᠨ ᠬᠣᠷᠢᠶᠠᠨ᠎ᠳᠤ ᠲᠦᠷᠭᠡᠨ ᠠᠪᠤᠷᠠᠯᠳᠠ ᠬᠢᠬᠦ᠌》 ᠭᠤᠷᠪᠠᠨ ᠱᠠᠲᠤᠨ᠎ᠤ ᠠᠵᠢᠯᠯᠠᠭ᠎ᠠ ᠠᠪᠬᠤ ᠰᠢᠰᠲ᠋ᠧᠮ᠎ᠢ ᠪᠠᠶ᠋ᠢᠭᠤᠯᠵᠤ᠂ 13 ᠡᠮᠴᠢᠯᠡᠭᠡᠨ᠎ᠦ ᠪᠠᠶ᠋ᠢᠭᠤᠯᠤᠮᠵᠢ᠎ᠡᠴᠠ ᠰᠣᠩᠭᠣᠨ ᠲᠣᠮᠢᠯᠠᠭᠰᠠᠨ 104 ᠭᠤᠤᠯᠯᠠᠭᠴᠢ ᠡᠮᠴᠢ ᠰᠤᠪᠢᠯᠠᠭᠴᠢ᠎ᠶᠢ ᠪᠦᠬᠦᠨ᠎ᠢ ᠠᠵᠢᠯ᠎ᠤᠨ ᠪᠠᠶ᠋ᠢᠷᠢ ᠤᠯᠭᠤᠨ ᠳᠤᠮᠢᠯᠠᠵᠤ᠂ 52 ᠲᠤᠬᠠᠶ᠎ᠶᠢᠨ ᠲᠠᠯᠠᠪᠤᠷ᠎ᠲᠤ᠌ ᠲᠦᠷᠭᠡᠨ ᠠᠪᠤᠷᠠᠯᠳᠠ᠎ᠶᠢᠨ ᠪᠠᠲᠤᠯᠠᠭ᠎ᠠ᠎ᠶᠢᠨ ᠳᠤᠭᠤᠶ᠋ᠢᠯᠠᠩ᠎ᠢ 《1 ᠡᠮᠴᠢ 1 ᠰᠤᠪᠢᠯᠠᠭᠴᠢ 1 ᠠᠪᠤᠷᠠᠯᠳᠠ᠎ᠶᠢᠨ ᠲᠡᠷᠭᠡ》 ᠵᠢᠨ ᠪᠠᠷᠢᠮᠵᠢᠶ᠎ᠠ᠎ᠪᠠᠷ ᠲᠣᠬᠢᠷᠠᠭᠤᠯᠵᠤ᠂ 29 ᠲᠦᠷᠭᠡᠨ ᠠᠪᠤᠷᠠᠯᠳᠠ᠎ᠶᠢᠨ ᠲᠡᠷᠭᠡ᠎ᠶᠢ ᠡᠯ᠎ᠡ ᠲᠠᠯᠠᠪᠠᠶ ᠣᠷᠳᠣᠨ ᠵᠢᠴᠢ ᠤᠷᠤᠯᠳᠤᠭᠠᠨ᠎ᠳᠤ ᠣᠷᠣᠯᠴᠠᠬᠤ ᠭᠠᠵᠠᠷ᠎ᠲᠤ᠌ ᠤᠷᠢᠳᠴᠢᠯᠠᠨ ᠣᠷᠣᠭᠤᠯᠪᠠ᠃ 5 ᠭᠤᠷᠪᠠᠳᠤᠭᠠᠷ ᠳᠡᠰ᠎ᠤᠨ ᠬᠥᠬᠡ ᠵᠡᠷᠭᠡ ᠵᠢᠨ ᠡᠮᠨᠡᠯᠭᠡ᠎ᠶᠢᠨ ᠬᠣᠷᠢᠶ᠎ᠠ ᠲᠣᠭᠲᠠᠭᠰᠠᠨ ᠠᠪᠤᠷᠠᠨ ᠵᠠᠰᠠᠬᠤ ᠡᠮᠨᠡᠯᠭᠡ᠎ᠶᠢᠨ ᠬᠣᠷᠢᠶ᠎ᠠ ᠪᠣᠯᠤᠭᠰᠠᠨ᠎ᠤ ᠬᠤᠪᠢ᠎ᠳᠤ᠂ ᠭᠤᠤᠯᠳᠠᠯᠭ᠎ᠠ᠎ᠲᠠᠶ ᠰᠠᠯᠠᠭ᠎ᠠ ᠲᠠᠰᠤᠭ᠎ᠲᠤ᠌ 《ᠭᠤᠷᠪᠠ᠎ᠶᠢ ᠤᠷᠢᠳ᠎ᠢᠶᠠᠷ ᠪᠣᠳᠣᠯᠬᠢᠯᠠᠬᠤ》 ᠰᠠᠭᠠᠳ ᠥᠬᠡᠶ ᠨᠡᠪᠲᠡᠷᠡᠬᠦ᠌ ᠵᠠᠮ᠎ᠢ ᠨᠡᠪᠲᠡᠷᠡᠭᠦᠯᠪᠡ᠃ ᠪᠦᠬᠦ᠌ ᠶᠠᠪᠤᠴᠠ᠎ᠶᠢᠨ ᠪᠣᠳᠠᠲᠤ᠌ ᠦᠵᠡᠭᠳᠡᠯ᠎ᠦᠨ ᠳᠠᠭᠤᠷᠢᠶᠠᠮᠠᠯ ᠰᠣᠷᠢᠯᠲᠠ᠎ᠶᠢ ᠨᠢᠭᠡᠨᠲᠡ ᠪᠡᠶᠡᠯᠡᠭᠦᠯᠵᠦ᠍᠂ ᠡᠬᠢᠯᠡᠬᠦ᠌᠎ᠡᠴᠡ ᠡᠮᠦᠨ᠎ᠡ ᠪᠠᠰᠠ ᠬᠠᠮᠤᠭ ᠰᠡᠭᠦᠯᠴᠢ᠎ᠶᠢᠨ ᠨᠢᠭᠡ ᠡᠭᠡᠯᠵᠢ᠎ᠶᠢᠨ ᠬᠠᠮᠲᠤᠷᠠᠭᠰᠠᠨ ᠰᠣᠷᠢᠯᠲᠠ᠎ᠶᠢ ᠵᠣᠬᠢᠶᠠᠨ ᠪᠠᠶ᠋ᠢᠭᠤᠯᠤᠨ᠎ᠠ᠃

ᠰᠠᠶ᠋ᠢᠨ ᠳᠤᠷ᠎ᠠ᠎ᠶᠢᠨ ᠦᠢᠯᠡᠴᠢᠯᠡᠭᠡᠨ᠎ᠦ ᠲᠠᠯ᠎ᠠ᠎ᠪᠠᠷ᠂ ᠪᠤᠭᠤᠲᠤ᠌ ᠬᠣᠲᠠ᠎ᠶᠢᠨ ᠡᠪᠯᠡᠯ᠎ᠦᠨ ᠬᠣᠷᠢᠶ᠎ᠠ᠎ᠶᠢᠨ ᠡᠯᠰᠡᠭᠰᠡᠨ 2200 ᠭᠠᠷᠤᠶ ᠰᠠᠶ᠋ᠢᠨ ᠲᠤᠷᠠᠴᠢᠨ ᠨᠢᠭᠡᠨᠲᠡ ᠤᠯᠠᠨ ᠨᠡᠢᠳᠠ ᠵᠢᠨ ᠶᠣᠰᠣᠯᠠᠯ᠂ ᠦᠢᠯᠡᠴᠢᠯᠡᠭᠡᠨ᠎ᠦ ᠵᠢᠷᠤᠮᠵᠢᠯ᠂ ᠪᠠᠴᠢᠮ ᠪᠠᠶ᠋ᠢᠳᠠᠯ᠎ᠢ ᠠᠷᠭᠠᠴᠠᠭᠠᠨ ᠰᠢᠢᠳᠪᠦᠷᠢᠯᠡᠬᠦ᠌ ᠵᠡᠷᠭᠡ ᠰᠢᠰᠲ᠋ᠧᠮ᠎ᠦᠨ ᠪᠣᠯᠪᠠᠰᠤᠷᠠᠯ᠎ᠢ ᠪᠡᠶᠡᠯᠡᠭᠦᠯᠵᠦ᠍᠂ ᠪᠢᠯᠧᠲ ᠪᠠᠶ᠋ᠢᠴᠠᠭᠠᠬᠤ ᠡᠭᠦᠳᠡ᠂ ᠨᠡᠪᠲᠡᠷᠡᠯ ᠵᠠᠮ᠎ᠤᠨ ᠬᠤᠡᠭᠭᠢᠯ᠂ ᠦᠵᠡᠭᠴᠢᠳ᠎ᠦᠨ ᠲᠠᠶ᠋ᠢᠰᠠᠨ᠎ᠤ ᠡᠭᠦᠳᠡ ᠵᠡᠷᠭᠡ ᠠᠵᠢᠯ᠎ᠤᠨ ᠪᠠᠶ᠋ᠢᠷᠢ᠎ᠪᠠᠷ ᠨᠢᠭᠡᠳ ᠨᠢᠭᠡ᠎ᠪᠡᠷ ᠨᠠᠶ᠋ᠢᠳᠠᠪᠤᠷᠢᠵᠢᠭᠤᠯᠵᠤ᠂ ᠤᠷᠤᠯᠳᠤᠭᠠᠨ᠎ᠤ ᠶᠠᠪᠤᠳᠠᠯ᠎ᠤᠨ ᠪᠠᠲᠤᠯᠠᠭ᠎ᠠ᠂ ᠵᠣᠴᠢᠳ᠎ᠤᠨ ᠬᠥᠲᠥᠯᠦᠮᠵᠢ᠂ ᠡᠮᠬᠢ ᠳᠢᠭᠯᠢᠮ᠎ᠦᠨ ᠬᠠᠮᠠᠭᠠᠯᠠᠯᠲᠠ᠂ ᠪᠣᠯᠪᠠᠰᠤᠨ᠎ᠤ ᠤᠬᠠᠭᠤᠯᠭ᠎ᠠ ᠵᠡᠷᠭᠡ ᠦᠢᠯᠡᠴᠢᠯᠡᠭᠡ᠎ᠶᠢ ᠡᠭᠦᠷᠭᠡᠯᠡᠬᠦ᠌᠎ᠪᠡᠷ ᠪᠠᠶ᠋ᠢᠨ᠎ᠠ᠃

ᠬᠣᠲᠠ᠎ᠶᠢᠨ ᠦᠵᠡᠮᠵᠢ ᠣᠷᠴᠢᠨ ᠲᠣᠭᠣᠷᠢᠨ᠎ᠤ ᠲᠠᠯ᠎ᠠ᠎ᠪᠠᠷ᠂ ᠲᠤᠬᠠᠶ᠎ᠶᠢᠨ ᠭᠠᠵᠠᠷ᠎ᠤᠨ ᠬᠣᠲᠠ᠎ᠶᠢᠨ ᠬᠠᠮᠢᠶᠠᠷᠤᠯᠲᠠ᠎ᠶᠢᠨ ᠰᠠᠯᠠᠭ᠎ᠠ ᠮᠥᠴᠢᠷ ᠵᠠᠮ ᠡᠵᠡᠯᠡᠨ ᠡᠵᠡᠩᠨᠡᠬᠦ᠌᠂ ᠬᠡᠷ᠎ᠦᠨ ᠭᠠᠳᠠᠨᠠᠬᠢ ᠵᠠᠷ ᠮᠡᠳᠡᠭᠡ ᠵᠡᠷᠭᠡ 4500 ᠭᠠᠷᠤᠶ ᠠᠰᠠᠭᠤᠳᠠᠯ᠎ᠢ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠵᠤ᠂ ᠬᠤᠸᠠᠷ ᠫᠤᠤᠵᠢᠩ᠎ᠤᠨ ᠬᠣᠭ ᠨᠣᠪᠰᠢ᠎ᠶᠢ ᠴᠡᠪᠡᠷᠯᠡᠨ ᠲᠡᠭᠡᠭᠡᠪᠦᠷᠢᠯᠡᠬᠦ᠌ ᠲᠥᠰᠦᠯ ᠲᠣᠭᠲᠠᠭᠠᠬᠤ᠎ᠶᠢᠨ ᠬᠠᠮᠲᠤ᠌ ᠪᠣᠳᠠᠲᠠᠶ ᠭᠠᠵᠠᠷ᠎ᠲᠤᠨᠢ ᠰᠣᠷᠢᠯᠲᠠ ᠬᠢᠪᠠ᠃ ᠭᠤᠤᠯᠳᠠᠯᠭ᠎ᠠ ᠳᠠᠢ ᠣᠷᠣᠨ ᠪᠦᠰᠡ᠎ᠳᠦ ᠠᠷᠢᠭᠤᠨ ᠴᠡᠪᠡᠷ᠎ᠤᠨ ᠠᠵᠢᠯᠲᠠᠨ᠎ᠢ 100 ᠭᠠᠷᠤᠶ ᠣᠷᠣᠭᠤᠯᠵᠤ᠂ ᠬᠣᠭ ᠨᠣᠪᠰᠢ᠎ᠶᠢ ᠴᠠᠬ ᠳᠤᠬᠠᠢ᠎ᠳᠤᠨᠢ ᠴᠡᠪᠡᠷᠯᠡᠬᠦ᠌᠎ᠶᠢ ᠪᠠᠲᠤᠯᠠᠨ᠎ᠠ᠃ ᠭᠣᠣᠯ ᠬᠣᠲᠠ ᠵᠢᠨ ᠲᠣᠭᠣᠷᠢᠭ᠎ᠤᠨ 240 ᠵᠤᠷᠪᠤᠰ ᠵᠠᠮ᠎ᠢ ᠨᠣᠭᠣᠭᠠᠷᠠᠭᠤᠯᠤᠨ ᠨᠥᠬᠥᠵᠦ᠍ ᠲᠠᠷᠢᠵᠦ᠍᠂ 1.6 ᠲᠦᠮᠡ ᠭᠠᠷᠤᠢ ᠰᠠᠭᠤᠷᠢ ᠲᠣᠷᠤᠭ ᠮᠣᠳᠣ᠎ᠶᠢ ᠨᠥᠬᠥᠨ ᠲᠠᠷᠢᠵᠤ᠂ 96 ᠳᠤᠭᠤᠷᠢᠭ ᠴᠡᠭ᠎ᠲᠦ ᠴᠡᠴᠡᠭ᠎ᠤᠨ ᠴᠢᠮᠡᠭᠯᠡᠯ᠎ᠢ ᠪᠠᠢᠷᠢᠯᠠᠭᠤᠯᠪᠠ᠃ ᠲᠠᠯᠠᠪᠠᠢ ᠣᠷᠳᠣᠨ᠎ᠤ ᠡᠷᠭᠢᠨ ᠲᠣᠭᠣᠷᠢᠨ᠎ᠤ 5 ᠵᠤᠷᠪᠤᠰ ᠵᠠᠮ᠎ᠢ ᠰᠢᠨᠡᠳᠭᠡᠵᠦ᠂ 4 ᠬᠡᠰᠡᠭ ᠵᠠᠮ ᠬᠠᠷᠢᠯᠴᠠᠭᠠᠨ᠎ᠤ ᠲᠦᠭᠵᠢᠷᠡᠯ᠎ᠦᠨ ᠵᠠᠮ᠎ᠤᠨ ᠠᠭᠤᠯᠵᠠᠷ᠎ᠲᠤ᠌ ᠰᠤᠪᠠᠭᠵᠢᠭᠤᠯᠬᠤ ᠥᠭᠡᠷᠡᠴᠢᠯᠡᠯᠲᠡ᠎ᠶᠢ ᠪᠡᠶᠡᠯᠡᠭᠦᠯᠪᠡ᠃ ᠠᠮᠢ ᠠᠬᠤᠶ᠎ᠶᠢᠨ ᠣᠷᠴᠢᠨ ᠲᠣᠭᠣᠷᠢᠨ ᠬᠢᠭᠡᠳ ᠴᠠᠭ ᠠᠭᠤᠷ᠎ᠤᠨ ᠰᠠᠯᠠᠭ᠎ᠠ ᠮᠥᠴᠢᠷ ᠡᠳᠦᠷ ᠪᠦᠷᠢ᠎ᠶᠢᠨ ᠬᠠᠮᠲᠤᠷᠠᠭᠰᠠᠨ ᠤᠷᠢᠳᠴᠢᠯᠠᠭᠰᠠᠨ ᠮᠡᠳᠡᠭᠡ᠎ᠶᠢᠨ ᠵᠥᠪᠳᠡᠯᠴᠡᠬᠦ᠌ ᠲᠣᠭᠲᠠᠴᠠ᠎ᠶᠢ ᠪᠠᠶ᠋ᠢᠭᠤᠯᠵᠤ᠂ ᠴᠠᠭ ᠠᠭᠤᠷ᠎ᠤᠨ ᠤᠷᠢᠳᠴᠢᠯᠠᠭᠰᠠᠨ ᠰᠡᠷᠡᠮᠵᠢᠯᠡᠭᠦᠯᠦᠯ ᠪᠠ ᠠᠭᠠᠷ᠎ᠤᠨ ᠶᠠᠰᠤ ᠴᠢᠨᠠᠷ᠎ᠤᠨ ᠤᠷᠢᠳᠴᠢᠯᠠᠭᠰᠠᠨ ᠮᠡᠳᠡᠭᠡ᠎ᠶᠢ ᠬᠠᠩᠭᠠᠬᠤ ᠪᠣᠯᠤᠨ᠎ᠠ᠃ ᠴᠠᠬᠢᠯᠭᠠᠨ ᠬᠦᠴᠦᠨ᠎ᠦ ᠪᠦᠯᠬᠦᠮ ᠨᠢ ᠲᠠᠯᠠᠪᠤᠷ ᠪᠦᠷᠢ᠎ᠳᠦ 《ᠴᠠᠬᠢᠯᠭᠠᠨ ᠬᠦᠴᠦᠨ᠎ᠦ ᠬᠠᠮᠢᠶᠠᠷᠤᠭᠴᠢ》 ᠲᠣᠮᠢᠯᠠᠨ ᠰᠠᠭᠤᠯᠭᠠᠵᠤ᠂ ᠴᠢᠮᠡᠭᠡ ᠬᠣᠯᠪᠣᠭᠠᠨ᠎ᠤ ᠪᠦᠯᠬᠦᠮ ᠨᠢ ᠰᠠᠭᠤᠷᠢ ᠥᠷᠲᠡᠭᠡ᠎ᠶᠢᠨ ᠪᠠᠭᠲᠠᠭᠠᠮᠵᠢ᠎ᠶᠢ ᠥᠷᠭᠡᠳᠬᠡᠬᠦ᠌ ᠪᠠ ᠴᠠᠬᠢᠯᠭᠠᠨ ᠰᠣᠷᠢᠨᠵᠢᠨ ᠣᠷᠴᠢᠨ ᠲᠣᠭᠣᠷᠢᠨ᠎ᠤ ᠰᠢᠯᠭᠠᠯᠲᠠ᠎ᠶᠢ ᠪᠡᠶᠡᠯᠡᠭᠦᠯᠪᠡ᠃

ᠵᠠᠯᠭᠠᠭᠠᠳ ᠬᠡᠳᠦᠨ ᠡᠳᠦᠷ᠂ ᠪᠤᠭᠤᠲᠤ᠌ ᠬᠣᠲᠠ᠎ᠶᠢᠨ ᠡᠯ᠎ᠡ ᠹᠷᠣᠨᠲ᠎ᠤᠨ ᠬᠢᠨ ᠬᠠᠮᠤᠭ ᠡᠴᠦᠰ᠎ᠦᠨ ᠠᠯᠳᠠᠰᠢ᠎ᠶᠢ ᠪᠠᠶ᠋ᠢᠴᠠᠭᠠᠨ ᠨᠥᠬᠥᠪᠥᠷᠢᠯᠡᠬᠦ᠌ ᠪᠠ ᠬᠠᠮᠲᠤᠷᠠᠭᠰᠠᠨ ᠰᠣᠷᠢᠯᠲᠠ ᠬᠢᠵᠦ᠍᠂ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠤ ᠬᠥᠰᠢᠭᠡ ᠨᠡᠭᠡᠭᠡᠭᠳᠡᠬᠦ᠌᠎ᠶᠢ ᠪᠡᠯᠡᠳᠭᠡᠯ ᠪᠦᠷᠢᠨ ᠭᠦᠯᠢᠶᠡᠭᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号