ᠠᠷᠪᠠᠳᠤᠭᠠᠷ ᠬᠤᠭᠤᠴᠠᠭᠠᠨ ᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨᠤ ᠰᠣᠶᠣᠯᠤᠨ ᠦᠵᠡᠰᠭᠦᠯᠡᠩᠤᠨ ᠴᠤᠭ᠍ᠯᠠᠭᠠᠨ 8 ᠰᠠᠷᠠᠶᠢᠨ 27ᠤ ᠡᠳᠦᠷᠡᠴᠡ 31ᠦ ᠡᠳᠦᠷ ᠪᠣᠯᠲᠠᠯ᠎ᠠ ᠥᠪᠥᠷ ᠮᠣᠩᠭᠣᠯᠤᠨ ᠣᠯᠠᠨ ᠤᠯᠤᠰᠤᠨ ᠬᠤᠷᠠᠯ ᠦᠵᠡᠰᠬᠦᠯᠡᠩᠦᠨ ᠲᠥᠪ ᠲᠦ᠍ ᠶᠠᠪᠤᠬᠲᠠᠨᠠ᠃



ᠲᠤᠰ ᠬᠤᠭᠤᠴᠠᠭᠠᠨ ᠤ ᠦᠵᠡᠰᠬᠦᠯᠡᠩ ᠦᠨ ᠴᠤᠭᠯᠠᠭᠠᠨᠨᠢ 《ᠠᠵᠤ ᠦᠢᠯᠡᠰ ᠦᠨ ᠬᠥᠳᠡᠯᠭᠡᠬᠦ᠌ ᠬᠦᠴᠦᠨᠢ ᠬᠥᠭᠵᠢᠭᠡᠵᠦ᠍᠂ ᠰᠣᠶᠣᠯᠤᠨ ᠬᠦᠴᠦᠷᠬᠡᠭ ᠣᠷᠣᠨᠢ ᠪᠥᠲᠥᠭᠡᠨ ᠪᠠᠶ᠋ᠢᠭᠤᠯᠬᠤ》 ᠪᠠᠷ ᠭᠤᠤᠯ ᠰᠡᠳᠦᠪ ᠪᠣᠯᠭᠠᠵᠤ᠂ ᠰᠣᠶᠣᠯ ᠤᠨ ᠬᠦᠴᠦᠷᠬᠡᠭ ᠣᠷᠣᠨᠤ ᠶᠡᠷᠦᠩᠬᠡᠶ᠋ᠢᠯᠡᠭᠰᠡᠨ ᠦᠵᠡᠭᠦᠯᠭᠡ ᠶᠢᠨ ᠲᠤᠭᠤᠷᠢᠭ᠂ ᠠᠶ᠋ᠢᠮᠠᠭ ᠬᠣᠲᠠ ᠶᠢᠨ ᠰᠣᠶᠣᠯ ᠤᠨ ᠠᠵᠤ ᠦᠢᠯᠡᠰ ᠦᠨ ᠭᠤᠤᠯ ᠰᠡᠲᠦᠪᠲᠦ ᠦᠵᠡᠭᠦᠯᠭᠡ ᠶᠢᠨ ᠲᠤᠭᠤᠷᠢᠭ᠂ ᠣᠷᠣᠨ ᠤ ᠬᠠᠷᠢᠶ᠎ᠠ ᠪᠥᠬᠥᠶ ᠲᠦᠷᠦᠯ ᠲᠡᠮᠲᠡᠭᠲᠦ ᠠᠵᠤ ᠠᠬᠤᠢᠯᠠᠯ ᠤᠨ ᠦᠵᠡᠭᠦᠯᠭᠡ ᠶ᠋ᠢᠨ ᠲᠣᠭᠣᠷᠢᠭ ᠁ ᠵᠡᠷᠭᠡ ᠨᠠᠶ᠋ᠮᠠᠨ ᠶᠡᠬᠡ ᠦᠵᠡᠭᠦᠯᠭᠡ ᠶᠢᠨ ᠲᠣᠭᠣᠷᠢᠭ ᠲᠤᠬᠢᠷᠠᠭᠤᠯᠵᠦ᠂ ᠮᠠᠨ ᠤ ᠤᠷᠤᠨ ᠤ ᠰᠣᠶᠣᠯ ᠤᠨ ᠠᠵᠤ ᠦᠢᠯᠡᠰ ᠦᠨ ᠬᠥᠭᠵᠢᠯᠲᠡ ᠶᠢᠨ ᠦᠷ᠎ᠡ ᠪᠦᠲᠦᠭᠡᠯᠢ ᠪᠥᠬᠥ᠌ ᠲᠠᠯ᠎ᠠ ᠪᠡᠷ ᠳᠡᠯᠭᠡᠨ ᠦᠵᠡᠭᠦᠯᠭᠦ ᠪᠤᠯᠤᠨ᠎ᠠ᠃


ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠰᠣᠶᠣᠯᠤᠨ ᠦᠵᠡᠰᠭᠦᠯᠡᠩᠤᠨ ᠴᠤᠭ᠍ᠯᠠᠭᠠᠨᠢ 2016 ᠣᠨ ᠳᠤ ᠡᠷᠬᠢᠯᠡᠭᠰᠡᠨ ᠡᠴᠡ ᠨᠠᠭᠠᠰᠢᠬᠢ ᠠᠷᠪᠠᠨ ᠵᠢᠯᠦᠨ ᠲᠤᠷᠰᠢ᠂ ᠲᠡᠷᠡ ᠨᠢ ᠣᠷᠣᠨ ᠨᠤᠲᠤᠭᠤᠨ ᠰᠣᠶᠣᠯᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ᠌ ᠲᠠᠪᠴᠠᠩ ᠡᠴᠡ ᠠᠯᠬᠤᠮ ᠠᠯᠬᠤᠮ ᠢᠶᠠᠷ ᠪᠦᠬᠦ᠌ ᠤᠯᠤᠰ ᠤᠨ ᠬᠡᠪᠴᠢᠶᠡᠨ ᠤ ᠠᠵᠤ ᠦᠢᠯᠡᠰᠦᠨ ᠰᠣᠯᠢᠯᠴᠠᠭ᠎ᠠ ᠬᠠᠮᠲᠤᠷᠠᠯᠴᠠᠭᠠᠨᠤ ᠲᠠᠪᠴᠠᠩ᠂ ᠤᠯᠤᠰᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠠᠷᠠᠯᠵᠢᠶᠠᠨ ᠤ ᠬᠠᠷᠢᠯᠴᠠᠨ ᠨᠡᠪᠲᠡᠷᠡᠯᠴᠡᠬᠦ᠌ ᠴᠢᠬᠤᠯᠠ ᠰᠣᠶᠣᠯᠤᠨ ᠬᠦᠢᠰᠦ ᠪᠣᠯᠤᠨ ᠬᠦᠭᠵᠢᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠦᠨ ᠲᠣᠭᠲᠠᠭᠤᠨ ᠬᠥᠭᠵᠢᠯᠲᠡ ᠳᠦ ᠦᠷᠭᠦᠯᠵᠢᠯᠡᠨ ᠬᠦᠴᠦᠨ ᠨᠡᠮᠡᠷᠢᠯᠡᠪᠡ᠃


ᠠᠷᠪᠠᠨ ᠵᠢᠯ ᠤᠨ ᠬᠤᠭᠤᠴᠠᠭᠠᠨ ᠳ᠋ᠤ᠂ ᠰᠣᠶᠣᠯ ᠤᠨ ᠦᠵᠡᠰᠬᠦᠯᠡᠩᠤᠨ ᠴᠤᠭᠯᠠᠭᠠᠨ ᠨᠢ ᠣᠯᠠᠨ ᠡᠰᠢᠲᠦ᠍ ᠬᠥᠭᠵᠢᠯᠲᠡ ᠶᠢᠨ ᠲᠠᠪᠴᠠᠩ ᠢ ᠪᠠᠶ᠋ᠢᠭᠤᠯᠵᠦ᠂ ᠮᠠᠨ ᠤ ᠤᠷᠤᠨ ᠤ 12 ᠠᠶ᠋ᠢᠮᠠᠭ ᠬᠣᠲᠠ ᠶᠢᠨ ᠪᠣᠳᠠᠰ ᠤᠨ ᠪᠤᠰᠤ ᠰᠣᠶᠣᠯ ᠤᠨ ᠥᠪ ᠦᠨ ᠤᠷ᠎ᠠ ᠮᠡᠷᠭᠡᠵᠢᠯ᠂ ᠰᠣᠶᠣᠯ ᠵᠢᠭᠤᠯᠴᠢᠯᠠᠯ ᠤᠨ ᠠᠭᠤᠰᠤᠯᠴᠠᠯ ᠬᠦᠭᠵᠢᠯᠲᠡ᠂ ᠰᠣᠶᠣᠯ ᠤᠨ ᠲᠣᠭᠠᠴᠢᠯᠠᠯᠲᠠ ᠲᠡᠢᠰᠢ ᠬᠡᠯᠪᠡᠷᠢ ᠪᠠᠨ ᠬᠤᠪᠢᠷᠠᠭᠤᠯᠬᠤ ᠦᠷ᠎ᠡ ᠪᠦᠲᠦᠭᠡᠯ ᠵᠡᠷᠭᠡ ᠵᠢ ᠲᠥᠪᠯᠡᠷᠡᠭᠦᠯᠦᠨ ᠳᠡᠯᠭᠡᠨ ᠦᠵᠡᠭᠦᠯᠵᠦ᠍᠂ ᠮᠠᠨ ᠤ᠋ ᠤᠷᠤᠨ ᠤ᠋ ᠰᠣᠶᠣᠯ ᠤ᠋ᠨ ᠠᠵᠤ ᠦᠶ᠋ᠯᠡᠰ ᠤ᠋ᠨ ᠬᠥᠭ᠌ᠵᠢᠯᠲᠡ ᠶ᠋ᠢ ᠬᠥᠲᠥᠯᠥᠨ ᠳᠠᠭᠠᠭᠤᠯᠬᠤ ᠴᠢᠬᠤᠯᠠ ᠬᠥᠳᠡᠯᠭᠡᠭᠦᠷ᠂ ᠰᠣᠶᠣᠯ ᠤ᠋ᠨ ᠠᠵᠤ ᠦᠶ᠋ᠯᠡᠰ ᠤ᠋ᠨ ᠳᠦᠷᠢ ᠲᠥᠷᠬᠦ᠌ ᠶ᠋ᠢ ᠢᠯᠡᠷᠡᠭᠦᠯᠬᠦ᠌ ᠴᠢᠬᠤᠯᠠ ᠴᠤᠩᠬᠤᠪᠴᠢ ᠪᠤᠯᠪᠠ᠃ ᠴᠤᠬᠯᠠᠭᠠᠨ ᠨᠢ ᠠᠵᠤ ᠦᠢᠯᠡᠰ ᠤᠨ ᠲᠠᠰ ᠳᠡᠪᠰᠢᠬᠦ᠌ ᠳᠦ ᠠᠩᠬᠠᠷᠤᠯ ᠢᠶᠠᠨ ᠲᠥᠪᠯᠡᠷᠡᠭᠦᠯᠵᠦ᠍᠂ ᠬᠣᠰᠢᠭᠤᠷᠠᠯ ᠮᠡᠷᠭᠡᠵᠢᠯ ᠬᠢᠭᠡᠳ ᠴᠢᠨᠠᠷ ᠰᠠᠶ᠋ᠢᠲᠠᠶ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ 《ᠰᠣᠶᠣᠯ + ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ》᠂ 《ᠰᠣᠶᠣᠯ + ᠵᠢᠭᠤᠯᠴᠢᠯᠠᠯ》᠂ 《ᠰᠣᠶᠣᠯ + ᠪᠦᠲᠦᠭᠡᠯᠴᠢ ᠲᠥᠰᠦᠪᠯᠡᠯ》 ᠵᠡᠷᠭᠡ ᠠᠵᠢᠯ ᠲᠥᠷᠥᠯ ᠠᠯᠤᠰᠯᠠᠨ ᠠᠭᠤᠰᠤᠯᠴᠠᠠ ᠬᠦᠭᠵᠢᠭᠦ ᠶᠢ ᠠᠬᠢᠭᠤᠯᠬᠤᠶᠢᠨ ᠬᠠᠮᠲᠦ ᠭᠠᠳᠠᠭᠠᠳᠤ ᠨᠡᠬᠡᠬᠡᠯᠳᠡ ᠵᠢ ᠦᠷᠭᠦᠯᠵᠢᠯᠡᠨ ᠥᠷᠭᠡᠳᠬᠡᠵᠦ᠂ ᠮᠠᠨᠤ ᠤᠷᠤᠨᠤ ᠤᠨᠴᠠᠯᠢᠬᠳᠤ ᠰᠣᠶᠣᠯ ᠤᠨ ᠪᠦᠲᠦᠭᠡᠭᠳᠡᠬᠦᠨ᠂ ᠰᠣᠶᠣᠯ ᠤᠨ ᠲᠦᠷᠦᠯ ᠵᠦᠢᠯ ᠢ ᠭᠠᠳᠠᠭᠠᠳᠤ ᠳᠤ ᠭᠠᠷᠭᠠᠬᠤ ᠳᠤ ᠬᠦᠴᠦᠨ ᠨᠡᠮᠡᠷᠢᠯᠡᠵᠦ᠍᠂ ᠤᠷᠤᠨ ᠨᠤᠲᠤᠬ ᠤᠨ ᠰᠣᠶᠣᠯ ᠤᠨ ᠠᠵᠤ ᠦᠢᠯᠡᠰ ᠦᠨ ᠭᠠᠳᠠᠭᠠᠳᠤ ᠲᠠᠶ ᠰᠣᠯᠢᠯᠴᠠᠭ᠎ᠠ ᠬᠠᠮᠲᠤᠷᠠᠯᠴᠠᠭ᠎ᠠ ᠬᠢᠬᠦ᠌ ᠵᠠᠮ ᠢ ᠲᠠᠰᠤᠷᠠᠯᠲᠠ ᠦᠬᠡᠢ ᠥᠷᠭᠡᠳᠬᠡᠭᠰᠡᠨ ᠶᠤᠮ᠃
ᠢᠷᠡᠯᠲᠡ᠄ ᠲᠠᠯ᠎ᠠ ᠨᠤᠳᠤᠭ ᠰᠢᠯᠵᠢᠶ᠎ᠡ